2021 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/3
     11 ᠰᠠᠷ᠎ᠠ ᠶᠢᠨ 2 ᠤᠨ ᠡᠳᠦᠷ᠂ 2021 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠭᠤᠤ ᠬᠤᠸᠠᠢ ᠵᠢᠩ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠭᠦᠸᠧ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠸᠠᠨ ᠹᠧᠩ ᠪᠥᠬᠦ ᠬᠤᠰᠢᠭᠤᠨ ᠤ ᠵᠡᠪᠰᠡᠭᠲᠦ ᠬᠦᠴᠦᠨ ᠤ ᠠᠵᠢᠯ ᠢ ᠳ᠋ᠦᠩᠨᠡᠨ ᠦᠨᠡᠯᠡᠵᠦ᠂ ᠣᠳᠣᠬᠠᠨ ᠤ ᠪᠠ ᠲᠠᠷᠠᠭᠠᠴᠢ ᠶᠢᠨ ᠠᠯᠬᠤᠮ ᠳᠤ ᠨᠠᠶᠢᠳᠠᠪᠤᠷᠢᠵᠢᠭᠤᠯᠬᠤ ᠴᠢᠬᠤᠯᠠᠲᠠᠶ ᠭᠤᠤᠯᠳᠠᠯᠭ᠎ᠠ ᠲᠠᠢ ᠠᠵᠢᠯ ᠢ ᠲᠣᠳᠣᠷᠬᠠᠶᠢᠯᠠᠪᠠ︔ ᠠᠷᠠᠳ ᠤᠨ ᠡᠳᠦᠷ ᠤᠨ ᠰᠣᠨᠢᠨ ᠤ ᠶᠠᠮᠤᠨ ᠤ ᠰᠠᠶᠢᠳ ᠷᠧᠨ ᠪᠦᠦ ᠱᠧᠩ ᠠᠴᠠ ᠲᠡᠷᠢᠭᠦᠯᠡᠭᠴᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠢ ᠲᠠᠢ ᠹᠧᠩ ᠱᠦᠵᠢ ᠶᠢᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠴᠢ ᠫᠠᠨ ᠵᠢᠩ ᠪᠠᠯᠭᠠᠰᠤ ᠪᠣᠯᠤᠨ ᠮᠧᠩ ᠰᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠮᠡᠳᠡᠭᠦᠯᠦᠯᠲᠡ ᠬᠢᠵᠦ᠂ ᠪᠤᠰᠤᠳ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠢᠴᠢᠭ ᠤᠨ ᠬᠡᠯᠪᠡᠷᠢ ᠪᠠᠷ ᠮᠡᠳᠡᠭᠦᠯᠦᠯᠲᠡ ᠬᠢᠪᠡ᠃      ᠭᠤᠤ ᠬᠤᠸᠠᠢ ᠵᠢᠩ ᠶᠠᠷᠢᠶᠠᠨ ᠳᠠᠭᠠᠨ᠂ ᠨᠢᠳᠤᠨᠤᠨ ᠠᠴᠠ ᠨᠠᠭᠠᠰᠢ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠨᠤᠯ ᠢᠶᠠᠷ ᠵᠡᠪᠰᠡᠭᠯᠡᠬᠦ᠂ ᠴᠡᠷᠢᠭ ᠪᠣᠯᠪᠠᠰᠤᠷᠠᠭᠤᠯᠤᠨ ᠳᠠᠶᠢᠨ ᠳᠤ ᠪᠡᠯᠡᠳᠬᠡᠬᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠠᠵᠢᠯ ᠮᠠᠰᠢ ᠰᠠᠶᠢᠢᠨ ᠠᠮᠵᠢᠯᠲᠠ ᠣᠯᠵᠠᠢ᠃ ᠲᠡᠷᠡ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠲᠡᠷᠢᠭᠦᠯᠡᠭᠴᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠦᠶᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠪᠡ᠃      ᠭᠤᠤ ᠬᠤᠸᠠᠢ ᠵᠢᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠦᠷᠢᠮ ᠤᠨ ᠪᠠᠲᠤᠯᠠᠭ᠎ᠠ ᠪᠠᠨ ᠴᠢᠩᠭᠠᠳᠬᠠᠨ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠦᠪᠰᠢᠨ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠰᠠᠶᠢᠲᠤᠷ ᠠᠳᠬᠤᠨ᠂ ᠴᠡᠷᠢᠭ ᠤᠨ ᠪᠣᠯᠪᠠᠰᠤᠷᠠᠯ ᠢ ᠴᠢᠩᠭ᠎ᠠ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠢᠴᠢᠯᠠᠯᠳᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠰᠠᠶᠢᠲᠤᠷ ᠠᠳᠬᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯᠲᠠ ᠶᠢᠨ ᠶᠠᠰᠤ ᠴᠢᠨᠠᠷ ᠤᠨ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠢ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠦᠷᠨᠢᠭᠦᠯᠦᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠨᠠᠷᠢᠨ ᠬᠢᠨᠠᠮᠠᠭᠠᠶ ᠬᠢᠵᠦ᠂ ᠨᠡᠶᠢᠭᠡᠮ ᠤᠨ ᠬᠤᠪᠢ ᠨᠡᠮᠡᠷᠢ ᠳᠤ ᠢᠳᠡᠪᠬᠢᠲᠡᠶ ᠤᠷᠤᠯᠴᠠᠨ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ      ᠭᠤᠤ ᠬᠤᠸᠠᠢ ᠵᠢᠩ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠡᠷᠬᠡᠪᠰᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠬᠤᠰᠢᠭᠤᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃      ᠸᠠᠩ ᠭᠦᠸᠧ ᠴᠢᠤᠸᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠪᠠ ᠭᠤᠤᠯᠳᠠᠯᠭ᠎ᠠ ᠶᠢ ᠣᠨᠣᠪᠴᠢᠲᠠᠶ ᠡᠵᠡᠮᠳᠡᠨ᠂ ᠪᠠᠶᠢᠪᠠᠰᠤ ᠵᠣᠬᠢᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠢᠮᠠᠭᠲᠠ ᠰᠠᠶᠢᠲᠤᠷ ᠭᠦᠶᠴᠡᠳᠬᠡᠬᠦ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠨ᠂ ︽ᠬᠤᠶᠠᠷ ᠢ ᠬᠦᠷᠢᠶᠡᠯᠡᠬᠦ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠨᠡᠶᠢᠭᠡᠮ ᠠᠵᠤ ᠠᠬᠤᠶ ᠶᠢᠨ ᠬᠥᠭᠵᠢᠯᠲᠡ ᠳᠤ ᠦᠶᠯᠡᠴᠢᠯᠡᠬᠦ ᠳᠡᠭᠡᠷ᠎ᠡ ᠬᠦᠴᠦ ᠲᠠᠯᠪᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠴᠤᠭ ᠰᠦᠯᠳᠡ ᠪᠠᠨ ᠪᠠᠳᠠᠷᠠᠭᠤᠯᠤᠨ᠂ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠶ ᠠᠵᠢᠯᠯᠠᠨ᠂ ᠣᠲᠤᠭ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠥᠲᠥᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ ᠠᠬᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃      ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠴᠢ ᠲᠤᠮᠢᠯᠠᠭᠳᠠᠨ ᠰᠠᠭᠤᠭ᠎ᠠ ᠴᠡᠷᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
ᠢᠷᠡᠯᠲᠡ᠄ ᠣᠲᠤᠭ ᠨᠡᠶᠢᠲᠡᠯᠡᠯ