ᠨᠤᠬᠠᠢ ᠪᠠᠨ ᠤᠶᠠᠵᠤ ᠬᠦᠳᠦᠯᠬᠦ ᠦᠭᠡᠢ ᠪᠤᠯ ᠬᠠᠤᠯᠢ ᠵᠦᠷᠢᠴᠡᠨ᠎ᠡ
ᠨᠡᠶᠢᠲᠡᠯᠡᠭᠰᠡᠨ ᠴᠠᠭ᠄
2021/11/3
     ᠣᠶᠢᠷ᠎ᠠ ᠶᠢᠨ ᠵᠢᠯ ᠤᠳ ᠲᠤ ᠬᠤᠳᠠ ᠳᠤ ᠨᠤᠬᠠᠢ ᠲᠡᠵᠢᠭᠡᠵᠤ ᠪᠠᠶᠢᠭ᠎ᠠ ᠬᠦᠮᠦᠰ ᠤᠯᠠᠮ ᠢᠶᠠᠷ ᠤᠯᠠᠰᠢᠷᠠᠵᠤ᠂ ᠨᠤᠬᠠᠢ ᠪᠠᠨ ᠤᠶᠠᠵᠤ ᠬᠦᠳᠦᠯᠬᠦ ᠦᠭᠡᠢ ᠰᠤᠯᠠ ᠲᠤᠭᠤᠷᠢᠭᠤᠯᠬᠤ ᠪᠤᠯᠪᠠᠰᠤᠨ ᠪᠤᠰᠤ ᠠᠵᠢᠯᠯᠠᠭ᠎ᠠ ᠠᠴᠠ ᠪᠤᠯᠤᠭᠰᠠᠨ ᠬᠡᠷᠡᠭ ᠵᠠᠭᠤᠷᠠᠯᠳᠤᠭᠠᠨ ᠤᠯᠠᠨ ᠡᠭᠦᠰᠴᠤ᠂ ᠰᠦᠯᠵᠢᠶᠡᠨ ᠲᠡᠭᠡᠷ᠎ᠡ ᠮᠠᠷᠭᠤᠯᠳᠤᠭᠰᠠᠭᠠᠷ ᠢᠷᠡᠵᠡᠢ᠃ ᠬᠡᠳᠦ᠋ᠢᠪᠡᠷ ᠤᠳᠤ ᠶᠢᠨ ᠬᠡᠷᠡᠭᠵᠢᠬᠦᠯᠵᠤ ᠪᠠᠶᠢᠭ᠎ᠠ ᠬᠠᠤᠯᠢ ᠴᠠᠭᠠᠵᠠ ᠳᠤ ᠬᠤᠬᠢᠷᠠᠯ ᠤᠴᠠᠷᠠᠭᠤᠯᠤᠭᠰᠠᠨ ᠤ ᠲᠠᠷᠠᠭᠠᠬᠢ ᠬᠠᠷᠢᠭᠤᠴᠠᠯᠭ᠎ᠠ ᠨᠡᠭᠡᠮᠵᠢᠯᠡᠬᠦ ᠲᠤᠬᠠᠢ ᠨᠢᠭᠡᠨᠳᠡ ᠲᠤᠳᠤᠷᠬᠠᠢ ᠲᠤᠭᠳᠠᠭᠠᠭᠰᠠᠨ ᠪᠤᠯᠪᠠᠴᠤ ᠮᠦᠨ ᠯᠡ ᠬᠡᠷᠡᠭ ᠤᠨ ᠲᠠᠷᠠᠭᠠᠬᠢ ᠲᠦᠯᠦᠪᠦᠷᠢ ᠳᠤ ᠲᠤᠭᠠᠴᠠᠭᠳᠠᠵᠤ᠂ ᠬᠡᠷᠡᠭ ᠡᠭᠦᠰᠬᠦ ᠶᠢ ᠪᠦᠳᠦᠮᠵᠢᠳᠡᠢ ᠰᠡᠷᠭᠡᠶᠢᠯᠡᠬᠦ ᠨᠢ ᠬᠦᠮᠦᠰ ᠤᠨ ᠬᠦᠰᠡᠯ ᠡᠷᠡᠮᠡᠯᠵᠡᠯ ᠪᠤᠯᠤᠭᠰᠠᠭᠠᠷ ᠢᠷᠡᠵᠡᠢ᠃ 2021 ᠤᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢ ᠵᠢᠩᠬᠢᠨᠢ ᠪᠠᠷ ᠬᠡᠷᠡᠭᠵᠢᠬᠦᠯᠵᠤ᠂ ᠨᠤᠬᠠᠢ ᠪᠠᠨ ᠤᠶᠠᠵᠤ ᠬᠦᠳᠦᠯᠬᠦ ᠶᠢ ᠴᠤ ᠬᠠᠤᠯᠢ ᠴᠠᠭᠠᠵᠠ ᠳᠤ ᠵᠢᠩᠬᠢᠨᠢ ᠪᠠᠷ ᠪᠢᠴᠢᠵᠤ ᠤᠷᠤᠭᠤᠯᠪᠠ᠃ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠠᠮᠢᠳᠠᠨ ᠤ ᠬᠢᠵᠢᠭ ᠢ ᠰᠡᠷᠭᠡᠶᠢᠯᠡᠬᠦ ᠬᠠᠤᠯᠢ︾ ᠳᠤ ᠲᠤᠳᠤᠷᠬᠠᠢ ᠲᠤᠭᠳᠠᠭᠠᠭᠰᠠᠨ ᠢᠶᠠᠷ᠄ ᠪᠠᠶᠢᠭᠤᠯᠭ᠎ᠠ ᠨᠢᠭᠡᠴᠠ ᠪᠤᠶᠤ ᠬᠤᠪᠢ ᠬᠦᠮᠦᠨ ᠨᠤᠬᠠᠢ ᠲᠡᠵᠢᠬᠡᠪᠡᠯ ᠲᠤᠭᠳᠠᠭᠠᠯ ᠶᠤᠰᠤᠭᠠᠷ ᠲᠤᠭᠳᠠᠭᠰᠠᠨ ᠬᠤᠭᠤᠴᠠᠭ᠎ᠠ ᠲᠠᠢ ᠪᠠᠷ ᠨᠤᠬᠠᠢ ᠳᠠᠭᠠᠨ ᠭᠠᠯᠵᠠᠭᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠲᠠᠷᠢᠭᠤᠯᠵᠤ᠂ ᠠᠮᠢᠳᠠᠨ ᠤ ᠡᠮᠴᠢᠯᠡᠭᠡᠨ ᠤ ᠪᠠᠶᠢᠭᠤᠯᠤᠮᠵᠢ ᠶᠢᠨ ᠦᠭᠭᠦᠭᠰᠡᠨ ᠬᠡᠷᠡᠴᠢ ᠪᠠᠨ ᠠᠪᠴᠤ᠂ ᠪᠠᠶᠢᠭ᠎ᠠ ᠭᠠᠵᠠᠷ ᠤᠨ ᠢᠶᠠᠨ ᠨᠤᠬᠠᠢ ᠲᠡᠵᠢᠭᠡᠬᠦ ᠶᠢ ᠲᠠᠩᠰᠠᠯᠠᠬᠤ ᠪᠠᠶᠢᠭᠤᠯᠭ᠎ᠠ ᠳᠤ ᠲᠠᠩᠰᠠᠯᠠᠭᠤᠯᠬᠤ ᠬᠡᠷᠡᠭᠳᠡᠢ᠃ ᠨᠤᠬᠠᠢ ᠲᠠᠭᠠᠭᠤᠯᠵᠤ ᠭᠠᠷᠪᠠᠯ ᠲᠤᠭᠳᠠᠭᠠᠯ ᠶᠤᠰᠤᠭᠠᠷ ᠨᠤᠬᠠᠢ ᠳᠠᠭᠠᠨ ᠫᠠᠶᠢᠰᠠ ᠵᠡᠭᠦᠯᠭᠡᠬᠦ ᠶᠢᠨ ᠬᠠᠮᠳᠤ ᠨᠤᠬᠠᠢ ᠪᠠᠨ ᠬᠦᠳᠦᠯᠵᠤ᠂ ᠬᠦᠮᠦᠨ ᠢ ᠰᠢᠷᠬᠠᠳᠤᠭᠤᠯᠤᠨ ᠬᠢᠵᠢᠭ ᠬᠠᠯᠳᠠᠭᠠᠬᠤ ᠶᠢ ᠰᠡᠷᠭᠡᠶᠢᠯᠡᠬᠦ ᠬᠡᠷᠡᠭᠳᠡᠢ ᠬᠡᠵᠡᠢ᠃ ᠬᠡᠷᠪᠡ ᠲᠤᠭᠳᠠᠭᠠᠯ ᠢ ᠵᠦᠷᠢᠴᠡᠵᠤ ᠨᠤᠬᠠᠢ ᠳᠠᠭᠠᠨ ᠲᠤᠭᠳᠠᠭᠠᠯ ᠶᠤᠰᠤᠭᠠᠷ ᠲᠤᠭᠳᠠᠭᠰᠠᠨ ᠬᠤᠭᠤᠴᠠᠭ᠎ᠠ ᠲᠠᠢ ᠪᠠᠷ ᠭᠠᠯᠵᠠᠭᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠬᠢᠭᠰᠡᠨ ᠦᠭᠡᠢ ᠪᠤᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠵᠢᠯ ᠢ ᠭᠤᠤᠯᠯᠠᠨ ᠡᠷᠬᠢᠯᠡᠵᠤ ᠪᠠᠶᠢᠭ᠎ᠠ ᠰᠠᠯᠠᠭ᠎ᠠ ᠮᠦᠴᠢᠷ ᠠᠴᠠ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠶᠢ ᠵᠠᠷᠯᠢᠭᠳᠠᠵᠤ᠂ 1000 ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠵᠤ ᠪᠤᠯᠤᠨ᠎ᠠ︔ ᠬᠤᠭᠤᠴᠠᠭ᠎ᠠ ᠨᠢ ᠬᠡᠳᠦᠷᠡᠳᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ 1000 ᠲᠦᠭᠦᠷᠢᠭ ᠠᠴᠠ ᠲᠡᠭᠡᠭᠰᠢ 5000 ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠢᠳᠭᠡᠵᠤ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠦᠳᠡᠭᠡ ᠠᠵᠤ ᠠᠬᠤᠢ ᠬᠦᠳᠡᠭᠡ ᠲᠤᠰᠬᠤᠨ ᠤ ᠠᠵᠢᠯ ᠢ ᠭᠤᠤᠯᠯᠠᠨ ᠡᠷᠬᠢᠯᠡᠵᠤ ᠪᠠᠶᠢᠭ᠎ᠠ ᠰᠠᠯᠠᠭ᠎ᠠ ᠮᠦᠴᠢᠷ ᠠᠴᠠ ᠠᠮᠢᠳᠠᠨ ᠤ ᠡᠮᠴᠢᠯᠡᠭᠡᠨ ᠤ ᠪᠠᠶᠢᠭᠤᠯᠤᠮᠵᠢ ᠶᠢ ᠨᠠᠶᠢᠳᠠᠬᠤ ᠪᠤᠶᠤ ᠪᠤᠬᠢᠷᠳᠤᠯ ᠦᠭᠡᠢ ᠰᠢᠢᠳᠪᠤᠷᠢᠯᠡᠬᠦ ᠭᠠᠵᠠᠷ ᠤᠨ ᠬᠢᠨ ᠤᠷᠤᠯᠠᠨ ᠰᠢᠢᠳᠪᠤᠷᠢᠯᠡᠵᠤ᠂ ᠬᠡᠷᠡᠭᠰᠡᠬᠦ ᠵᠠᠷᠤᠳᠠᠯ ᠢ ᠬᠠᠤᠯᠢ ᠶᠢ ᠵᠦᠷᠢᠴᠡᠭᠰᠡᠨ ᠲᠠᠯ᠎ᠠ ᠡᠭᠦᠷᠭᠡᠯᠡᠨ᠎ᠡ ᠬᠡᠵᠡᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ