ᠪᠡᠯᠡᠳᠬᠡᠯ ᠰᠣᠷᠢᠯᠲᠠ + ᠳ᠋ᠦᠩᠨᠡᠯᠲᠡ᠂ ᠤᠯᠠᠭᠠᠨᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠠ
ᠨᠡᠶᠢᠲᠡᠯᠡᠭᠰᠡᠨ ᠴᠠᠭ᠄
2021/11/5
     ᠣᠲᠤᠭ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠣᠷᠢᠯᠲᠠ ᠶᠢᠨ ᠲᠤᠬᠠᠶ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠃ ᠣᠶᠢᠷ᠎ᠠ ᠳᠤ᠂ ᠤᠯᠠᠭᠠᠨᠪᠠᠯᠭᠠᠰᠤ ᠡᠯ᠎ᠡ ᠨᠡᠶᠢᠭᠡᠮ ᠲᠣᠭᠤᠷᠢᠭ ᠤᠨ ᠠᠵᠢᠯᠲᠠᠨ ᠢ ᠵᠣᠬᠢᠶᠠᠨ ᠪᠠᠶᠢᠭᠤᠯᠵᠤ ᠬᠤᠷᠠᠯ ᠤᠨ ᠬᠡᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠲᠡᠶᠢᠨ ᠤ ᠰᠣᠷᠢᠯᠲᠠ ᠥᠷᠨᠢᠭᠦᠯᠵᠦ᠂ ᠰᠢᠷᠡᠭᠡᠨ ᠳᠡᠭᠡᠷᠡᠬᠢ ᠰᠣᠷᠢᠯᠲᠠ ᠪᠠᠷ ᠳᠡᠮᠵᠢᠨ᠂ ᠠᠵᠢᠯ ᠤᠨ ᠶᠠᠪᠤᠴᠠ ᠶᠢ ᠵᠢᠭᠠᠨ ᠵᠢᠯᠣᠭᠤᠳᠴᠤ᠂ ᠰᠣᠷᠢᠯᠲᠠ ᠶᠢᠨ ᠶᠠᠪᠤᠴᠠ ᠳᠠᠬᠢ ᠡᠯ᠎ᠡ ᠠᠵᠢᠯᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃      ᠤᠯᠠᠭᠠᠨᠪᠠᠯᠭᠠᠰᠤ ᠡᠯ᠎ᠡ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠲᠤᠤᠷᠵᠢᠯ ᠤᠨ ᠠᠵᠢᠯᠲᠠᠨ᠂ ᠰᠠᠶᠢᠨ ᠲᠤᠷᠠᠴᠤᠳ ᠵᠢᠴᠢ ᠣᠯᠠᠨ ᠲᠦᠮᠡᠨ 200 ᠭᠠᠷᠤᠶ ᠬᠥᠮᠦᠨ ᠢ ᠵᠣᠬᠢᠶᠠᠨ ᠪᠠᠶᠢᠭᠤᠯᠵᠤ ᠭᠤᠯᠤᠮᠲᠠ ᠶᠢᠨ ᠭᠠᠯ ᠠᠭᠤᠳᠠᠮ ᠲᠠᠯᠠᠪᠠᠶ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠡᠭ ᠲᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠪᠡᠯᠡᠳᠬᠡᠯ ᠰᠣᠷᠢᠯᠲᠠ ᠥᠷᠨᠢᠭᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠾᠧ ᠯᠸᠢ ᠨᠥᠬᠦᠷ ᠲᠤᠬᠠᠶ ᠶᠢᠨ ᠲᠠᠯᠠᠪᠠᠶ ᠳᠤ ᠵᠢᠯᠣᠭᠤᠳᠤᠨ ᠲᠣᠬᠢᠷᠠᠭᠤᠯᠪᠠ᠃ ᠪᠡᠯᠡᠳᠬᠡᠯ ᠰᠣᠷᠢᠯᠲᠠ ᠶᠢᠨ ᠶᠠᠪᠤᠴᠠ ᠳᠤ᠂ ᠠᠵᠢᠯᠲᠠᠳ ᠴᠤᠪᠤᠷᠠᠯ ᠶᠣᠰᠣᠭᠠᠷ ᠠᠵᠢᠯᠯᠠᠵᠤ᠂ ᠠᠵᠢᠯ ᠬᠤᠪᠢᠶᠠᠷᠢᠯᠠᠨ ᠬᠠᠮᠵᠢᠯᠴᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠬᠢᠨᠠᠨ ᠰᠢᠯᠭᠠᠬᠤ ᠴᠤᠪᠤᠷᠠᠯ ᠢ ᠪᠣᠯᠪᠠᠰᠤᠷᠠᠩᠭᠤᠶ ᠪᠣᠯᠭᠠᠵᠤ᠂ ᠰᠣᠷᠢᠯᠲᠠ ᠶᠢᠨ ᠠᠵᠢᠯ ᠤᠨ ᠡᠯ᠎ᠡ ᠶᠠᠪᠤᠴᠠ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠪᠠᠷ ᠴᠢᠷᠮᠠᠶᠢᠬᠤ ᠬᠡᠷᠡᠭᠲᠡᠶ᠃ ᠨᠢᠭᠡᠳᠦᠭᠡᠷ ᠤᠳᠠᠭᠠᠨ ᠤ ᠪᠡᠯᠡᠳᠬᠡᠯ ᠰᠣᠷᠢᠯᠲᠠ ᠳᠠᠭᠤᠰᠤᠭᠰᠠᠨ ᠤ ᠳᠠᠷᠠᠭ᠎ᠠ᠂ ᠮᠠᠨ ᠤ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠰᠣᠷᠢᠯᠲᠠ ᠳᠤ ᠢᠯᠡᠷᠡᠭᠰᠡᠨ ᠠᠰᠠᠭᠤᠳᠠᠯ ᠳᠤ ᠳᠠᠷᠦ᠋ᠢᠬᠠᠨ ᠥᠭᠡᠷᠡᠴᠢᠯᠡᠯᠲᠡ ᠬᠢᠬᠦ ᠶᠢᠨ ᠬᠠᠮᠲᠤ ᠬᠤᠶᠠᠳᠤᠭᠠᠷ ᠤᠳᠠᠭᠠᠨ ᠤ ᠪᠡᠯᠡᠳᠬᠡᠯ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠵᠢᠯᠲᠠᠨ ᠤ ᠪᠥᠭᠡᠮ ᠬᠦᠴᠢᠯ ᠤᠨ ᠰᠣᠷᠢᠯᠲᠠ ᠶᠢ ᠤᠷᠤᠭᠰᠢᠲᠠᠶ ᠥᠷᠨᠢᠭᠦᠯᠬᠦ ᠳᠤ ᠰᠠᠭᠤᠷᠢ ᠲᠠᠯᠪᠢᠪᠠ᠃      ᠰᠣᠷᠢᠯᠲᠠ ᠳᠠᠭᠤᠰᠤᠭᠰᠠᠨ ᠤ ᠳᠠᠷᠠᠭ᠎ᠠ᠂ ᠪᠠᠯᠭᠠᠰᠤᠨ ᠤ ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠬᠦ ᠶᠠᠪᠤᠴᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠳ᠋ᠦᠩᠨᠡᠬᠦ ᠬᠤᠷᠠᠯ ᠬᠤᠷᠠᠯᠳᠤᠭᠤᠯᠵᠤ᠂ ᠲᠣᠰ ᠡᠳᠦᠷ ᠤᠨ ᠭᠤᠯᠤᠮᠲᠠ ᠶᠢᠨ ᠭᠠᠯ ᠠᠭᠤᠳᠠᠮ ᠲᠠᠯᠠᠪᠠᠶ ᠶᠢᠨ ᠪᠥᠬᠦ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠤᠷᠢᠳᠴᠢᠯᠠᠨ ᠰᠣᠷᠢᠯᠲᠠ ᠬᠢᠭᠰᠡᠨ ᠪᠠᠶᠢᠳᠠᠯ ᠢ ᠳ᠋ᠦᠩᠨᠡᠨ ᠰᠤᠳᠤᠯᠤᠨ ᠮᠠᠭᠠᠳᠯᠠᠵᠤ ᠬᠤᠷᠢᠶᠠᠩᠭᠤᠶᠢᠯᠠᠨ ᠡᠮᠬᠢᠯᠡᠪᠡ᠃ ᠡᠨᠡ ᠬᠤᠭᠤᠴᠠᠭᠠᠨ ᠳᠤ᠂ ᠡᠯ᠎ᠡ ᠨᠡᠶᠢᠭᠡᠮ ᠲᠣᠭᠤᠷᠢᠭ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠡᠭ ᠤᠨ ᠬᠠᠷᠢᠭᠤᠴᠠᠯᠭᠠᠲᠠᠨ ᠲᠣᠰ ᠬᠠᠷᠢᠶ᠎ᠠ ᠣᠷᠣᠨ ᠤ ᠪᠥᠬᠦ ᠠᠵᠢᠯᠲᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠪᠡᠯᠡᠳᠬᠡᠯ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠾᠧ ᠯᠧᠢ ᠨᠥᠬᠦᠷ ᠴᠢᠬᠤᠯᠠᠴᠢᠯᠠᠭᠰᠠᠨ ᠨᠢ᠂ ᠥᠨᠥᠳᠦᠷ ᠤᠨ ᠪᠠᠶᠢᠴᠠᠭᠠᠯᠲᠠ ᠶᠢᠨ ᠢᠯᠡᠷᠡᠭᠦᠯᠦᠭᠰᠡᠨ ᠬᠦᠷᠦᠯᠴᠡᠬᠦ ᠦᠭᠡᠢ ᠲᠠᠯ᠎ᠠ ᠶᠢ ᠭᠦᠨᠵᠡᠭᠡᠶ ᠵᠠᠳᠠᠯᠬᠤ ᠬᠡᠷᠡᠭᠲᠡᠶ᠂ ᠣᠷᠬᠢᠭᠳᠠᠭᠰᠠᠨ ᠢᠶᠠᠨ ᠪᠠᠶᠢᠴᠠᠭᠠᠨ ᠨᠥᠬᠦᠪᠥᠷᠢᠯᠡᠬᠦ ᠶᠢ ᠰᠠᠶᠢᠲᠤᠷ ᠠᠳᠬᠤᠬᠤ ᠬᠡᠷᠡᠭᠲᠡᠶ᠂ ᠡᠯ᠎ᠡ ᠨᠡᠶᠢᠭᠡᠮ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠂ ᠪᠦᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠡᠯᠡᠳᠬᠡᠯ ᠠᠵᠢᠯ ᠢ ᠰᠠᠶᠢᠲᠤᠷ ᠬᠢᠨ᠎ᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠨᠢᠭᠡᠳᠦᠯᠲᠡᠢ ᠲᠥᠯᠥᠪᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠨ᠎ᠠ᠂ ᠦᠯᠢᠭᠡᠷ ᠠᠪᠴᠤ ᠪᠠᠶᠢᠴᠠᠭᠠᠨ ᠬᠡᠮᠵᠢᠬᠦ ᠵᠡᠷᠭᠡ ᠡᠳ᠋ ᠪᠠᠷᠠᠭ᠎ᠠ ᠶᠢᠨ ᠨᠥᠭᠡᠴᠡ ᠶᠢ ᠪᠠᠲᠤᠯᠠᠬᠤ ᠬᠡᠷᠡᠭᠲᠡᠶ᠂ ᠡᠯ᠎ᠡ ᠰᠢᠯᠭᠠᠨ ᠪᠠᠶᠢᠴᠠᠭᠠᠬᠤ ᠴᠡᠭ ᠤᠨ ᠠᠵᠢᠯᠲᠠᠨ ᠤ ᠠᠵᠢᠯ ᠤᠨ ᠬᠤᠪᠢᠶᠠᠷᠢᠯᠠᠯ ᠪᠠ ᠴᠢᠳᠠᠪᠤᠷᠢ ᠶᠢᠨ ᠪᠣᠯᠪᠠᠰᠤᠷᠠᠭᠤᠯᠤᠯ ᠢ ᠲᠡᠭᠦᠯᠳᠡᠷᠵᠢᠭᠦᠯᠦᠨ᠎ᠡ᠂ ᠠᠵᠢᠯᠲᠠᠳ ᠲᠣᠭᠲᠠᠭᠰᠠᠨ ᠴᠠᠭ ᠤᠨ ᠳᠣᠲᠣᠷ᠎ᠠ ᠪᠥᠬᠦ ᠪᠠᠯᠭᠠᠰᠤᠨ ᠤ 36000 ᠭᠠᠷᠤᠶ ᠬᠥᠮᠦᠨ ᠢ 1᠄ 1000 ᠶᠢᠨ ᠬᠠᠷᠢᠴᠠᠯ ᠢᠶᠠᠷ ᠲᠣᠭᠲᠠᠭᠰᠠᠨ ᠴᠠᠭ ᠤᠨ ᠳᠣᠲᠣᠷ᠎ᠠ ᠪᠥᠬᠦ ᠠᠵᠢᠯᠲᠠᠨ ᠤ ᠪᠥᠭᠡᠮ ᠬᠦᠴᠢᠯ ᠢ ᠪᠡᠶᠡᠯᠡᠭᠦᠯᠬᠦ ᠶᠢ ᠪᠠᠲᠤᠯᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠣᠳᠣᠬᠠᠨ ᠳᠤ ᠮᠠᠨ ᠤ ᠪᠠᠯᠭᠠᠰᠤᠨ ᠤ ᠭᠤᠯᠤᠮᠲᠠ ᠶᠢᠨ ᠭᠠᠯ ᠠᠭᠤᠳᠠᠮ ᠲᠠᠯᠠᠪᠠᠶ᠂ ᠪᠡᠶ᠎ᠡ ᠶᠢᠨ ᠲᠠᠮᠢᠷ ᠤᠨ ᠣᠷᠳᠣᠨ᠂ ᠲᠡᠷᠭᠡᠨ ᠥᠷᠲᠡᠭᠡ᠂ ᠮᠣᠷᠢᠨ ᠤᠷᠤᠯᠳᠤᠭᠠᠨ ᠤ ᠬᠠᠭᠤᠴᠢᠨ ᠲᠠᠯᠠᠪᠠᠶ᠂ ᠤᠯᠠᠭᠠᠨ ᠣᠷᠳᠣᠨ ᠵᠡᠷᠭᠡ 5 ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠪᠦᠬᠦᠨ ᠢᠶᠠᠷ ᠢᠶᠠᠨ ᠪᠡᠯᠡᠳᠬᠡᠯ ᠪᠠᠶᠢᠳᠠᠯ ᠳᠤ ᠣᠷᠣᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠪᠥᠭᠡᠳ ᠬᠦᠴᠦᠲᠡᠶ ᠥᠷᠨᠢᠭᠦᠯᠬᠦ ᠶᠢ ᠦᠨᠡᠨ ᠬᠦ ᠪᠠᠲᠤᠯᠠᠵᠤ ᠴᠢᠳᠠᠨ᠎ᠠ᠃
ᠢᠷᠡᠯᠲᠡ᠄ ᠤᠯᠠᠭᠠᠨᠪᠠᠯᠭᠠᠰᠤᠨ ᠤ ᠠᠷᠠᠳ ᠤᠨ ᠵᠠᠰᠠᠭ ᠤᠨ ᠣᠷᠳᠣᠨ