ᠶᠠᠭᠤᠨ ᠳᠤ ᠴᠦᠭᠡᠨ ᠲᠤᠭᠠᠲᠤ ᠦᠨᠳᠦᠰᠦᠲᠡᠨ ᠤ ᠵᠠᠩ ᠦᠢᠯᠡ ᠶᠢ ᠬᠦᠨᠳᠦᠳᠭᠡᠬᠦ ᠬᠡᠷᠡᠭᠲᠡᠢ ᠪᠤᠢ︖
ᠨᠡᠶᠢᠲᠡᠯᠡᠭᠰᠡᠨ ᠴᠠᠭ᠄
2021/11/5
     ᠦᠨᠳᠦᠰᠦᠲᠡᠨ ᠤ ᠵᠠᠩ ᠦᠢᠯᠡ ᠪᠤᠯ ᠨᠢᠭᠡ ᠦᠨᠳᠦᠰᠦᠲᠡᠨ ᠤ ᠤᠷᠲᠤ ᠬᠤᠭᠤᠴᠠᠭᠠᠨ ᠤ ᠲᠡᠤᠬᠡ ᠶᠢᠨ ᠶᠠᠪᠤᠴᠠ ᠳᠤ ᠬᠡᠪᠰᠢᠨ ᠲᠤᠭᠲᠠᠪᠤᠷᠢᠵᠢᠭᠰᠠᠨ ᠵᠤᠷᠰᠢᠯ᠂ ᠵᠠᠩ ᠦᠢᠯᠡ᠂ ᠠᠯᠭᠤᠷ ᠠᠭᠠᠵᠢᠮ ᠢᠶᠠᠷ ᠪᠦᠷᠢᠯᠳᠤᠭ᠍ᠰᠡᠨ ᠠᠮᠢᠳᠤᠷᠠᠯ ᠤᠨ ᠠᠷᠭ᠎ᠠ ᠮᠠᠶ᠋ᠢᠭ ᠶᠤᠮ᠃ ᠲᠡᠷᠡ ᠨᠢ ᠬᠤᠪᠴᠠᠰᠤ ᠵᠠᠰᠠᠯ᠂ ᠢᠳᠡᠭᠡᠨ ᠤᠮᠳᠠᠭᠠᠨ᠂ ᠤᠷᠤᠨ ᠰᠠᠭᠤᠴᠠ᠂ ᠤᠷᠤᠭ ᠬᠤᠷᠢᠮ᠂ ᠶᠤᠰᠤ ᠵᠠᠩᠰᠢᠯ᠂ ᠤᠷᠤᠰᠢᠭᠤᠯᠭ᠎ᠠ ᠵᠢᠴᠢ ᠦᠢᠯᠡᠳᠪᠦᠷᠢᠯᠡᠯ ᠠᠮᠢᠳᠤᠷᠠᠯ ᠤᠨ ᠤᠯᠠᠨ ᠲᠠᠯ᠎ᠠ ᠳᠤ ᠢᠯᠡᠷᠡᠳᠡᠭ᠃ ᠵᠠᠩ ᠦᠢᠯᠡ ᠨᠢ ᠨᠡᠶᠢᠭᠡᠮᠴᠢ ᠰᠢᠨᠵᠢ᠂ ᠳᠦᠷᠢᠮᠵᠢᠭᠦᠨ ᠰᠢᠨᠵᠢ᠂ ᠭᠠᠵᠠᠷ ᠤᠷᠤᠨᠴᠢ ᠰᠢᠨᠵᠢ ᠪᠤᠯᠤᠨ ᠲᠤᠭᠲᠠᠪᠤᠷᠢᠲᠤ ᠰᠢᠨᠵᠢ ᠵᠡᠷᠭᠡ ᠶᠢᠨ ᠤᠨᠴᠠᠯᠢᠭ ᠲᠠᠢ᠃ ᠮᠦᠨ ᠴᠤ ᠠᠳᠠᠯᠢ ᠪᠤᠰᠤ ᠬᠡᠮᠵᠢᠶ᠎ᠡ ᠪᠠᠷ ᠦᠨᠳᠦᠰᠦᠲᠡᠨ ᠤ ᠲᠡᠤᠬᠡ ᠪᠤᠯᠤᠨ ᠰᠤᠶᠤᠯ ᠤᠨ ᠤᠯᠠᠮᠵᠢᠯᠠᠯ᠂ ᠰᠡᠳᠬᠢᠴᠡ ᠶᠢᠨ ᠬᠡᠪ ᠴᠢᠨᠠᠷ ᠪᠤᠯᠤᠨ ᠶᠤᠰᠤ ᠰᠤᠷᠲᠠᠬᠤᠨ᠂ ᠱᠠᠰᠢᠨ ᠤ ᠦᠵᠡᠯᠲᠡ ᠵᠡᠷᠭᠡ ᠲᠠᠯ᠎ᠠ ᠳᠡᠭᠡᠷ᠎ᠡ ᠢᠯᠡᠷᠡᠵᠤ᠂ ᠦᠨᠳᠦᠰᠦᠲᠡᠨ ᠤ ᠤᠨᠴᠠᠯᠢᠭ ᠤᠨ ᠨᠢᠭᠡᠨ ᠴᠢᠬᠤᠯᠠ ᠠᠭᠤᠯᠭ᠎ᠠ ᠪᠤᠯᠵᠤ ᠪᠠᠶᠢᠳᠠᠭ᠃      ᠮᠠᠨ ᠤ ᠤᠯᠤᠰ ᠤᠨ ᠡᠯ᠎ᠠ ᠦᠨᠳᠦᠰᠦᠲᠡᠨ ᠤ ᠵᠠᠩ ᠦᠢᠯᠡ ᠶᠢᠨ ᠤᠯᠠᠮᠵᠢᠯᠠᠯ ᠤᠷᠲᠤ ᠣᠳᠠᠭᠠᠨ᠂ ᠦᠡᠭᠭᠡ ᠪᠤᠳᠤᠭ ᠤᠯᠠᠨ᠂ ᠦᠨᠳᠦᠰᠦᠲᠡᠨ ᠤ ᠦᠪᠡᠷᠮᠢᠴᠠ ᠤᠨᠴᠠᠯᠢᠭ ᠳᠤᠪᠤᠶᠢᠮ᠎ᠠ ᠪᠠᠶᠢᠵᠤ᠂ ᠪᠤᠰᠤᠳ ᠦᠨᠳᠦᠰᠦᠲᠡᠨ ᠠᠴᠠ ᠢᠯᠭᠠᠭᠳᠠᠬᠤ ᠪᠡᠯᠭᠡ ᠳᠡᠮᠳᠡᠭ ᠪᠤᠯᠵᠤ ᠪᠠᠶᠢᠳᠠᠭ᠃ ᠡᠯ᠎ᠠ ᠦᠨᠳᠦᠰᠦᠲᠡᠨ ᠤ ᠵᠠᠩ ᠦᠢᠯᠡ ᠶᠢ ᠠᠳᠠᠯᠢ ᠲᠡᠭᠰᠢ ᠪᠠᠷ ᠬᠦᠨᠳᠦᠳᠬᠡᠨ ᠦᠵᠡᠪᠡᠯ ᠵᠤᠬᠢᠨ᠎ᠠ᠃ ᠡᠶᠢᠮᠤ ᠠᠴᠠ ᠴᠦᠭᠡᠨ ᠲᠤᠭᠠᠲᠤ ᠦᠨᠳᠦᠰᠦᠲᠡᠨ ᠤ ᠵᠠᠩ ᠦᠢᠯᠡ ᠶᠢ ᠬᠦᠨᠳᠦᠳᠬᠡᠬᠦ ᠨᠢ ᠴᠦᠭᠡᠨ ᠲᠤᠭᠠᠲᠤ ᠦᠨᠳᠦᠰᠦᠲᠡᠨ ᠤ ᠠᠷᠠᠳ ᠲᠦᠮᠡᠨ ᠢ ᠬᠦᠨᠳᠦᠳᠬᠡᠵᠤ᠂ ᠦᠨᠳᠦᠰᠦᠲᠡᠨ ᠤ ᠡᠷᠬᠡ ᠲᠡᠭᠰᠢ ᠶᠢ ᠬᠦᠨᠳᠦᠳᠬᠡᠵᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠦᠨᠳᠦᠳᠬᠡᠵᠤ ᠪᠠᠶᠢᠭ᠎ᠠ ᠲᠠᠢ ᠠᠳᠠᠯᠢ ᠶᠤᠮ᠃ ᠦᠨᠳᠦᠰᠦᠲᠡᠨ ᠤ ᠬᠠᠷᠢᠯᠴᠠᠭᠠᠨ ᠳᠤᠮᠳᠠ᠂ ᠪᠤᠰᠤᠳ ᠦᠨᠳᠦᠰᠦᠲᠡᠨ ᠤ ᠵᠠᠩ ᠦᠢᠯᠡ ᠶᠢ ᠬᠦᠨᠳᠦᠳᠬᠡᠵᠤ ᠪᠠᠶᠢᠭ᠎ᠠ ᠡᠰᠡᠬᠦ ᠨᠢ ᠦᠨᠳᠦᠰᠦᠲᠡᠨ ᠤ ᠡᠷᠬᠡ ᠲᠡᠭᠰᠢ ᠵᠠᠷᠴᠢᠮ ᠢ ᠪᠠᠷᠢᠮᠲᠠᠯᠠᠵᠤ ᠪᠠᠶᠢᠭ᠎ᠠ ᠡᠰᠡᠬᠦ᠂ ᠦᠨᠳᠦᠰᠦᠲᠡᠨ ᠤ ᠬᠠᠷᠢᠴᠠᠭ᠎ᠠ ᠶᠢ ᠵᠦᠪ ᠰᠢᠢᠳᠪᠦᠷᠢᠯᠡᠬᠦ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠠᠵᠢᠯ ᠲᠠᠢ ᠰᠢᠭᠤᠳ ᠬᠤᠯᠪᠤᠭᠳᠠᠵᠤ᠂ ᠡᠷᠬᠡᠪᠰᠢ ᠨᠠᠷᠢᠨ ᠬᠢᠨᠠᠮᠠᠭᠠᠢ ᠬᠠᠨᠳᠤᠬᠤ ᠬᠡᠷᠡᠭᠲᠡᠢ᠃ ᠨᠠᠮ ᠪᠠ ᠤᠯᠤᠰ ᠠᠴᠠ ᠴᠦᠭᠡᠨ ᠲᠤᠭᠠᠲᠤ ᠦᠨᠳᠦᠰᠦᠲᠡᠨ ᠤ ᠵᠠᠩ ᠦᠢᠯᠡ ᠶᠢ ᠬᠦᠨᠳᠦᠳᠬᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠦᠨᠳᠦᠰᠦᠲᠡᠨ ᠤ ᠡᠷᠬᠡ ᠲᠡᠭᠰᠢ ᠶᠢ ᠪᠡᠶᠡᠯᠡᠬᠦᠯᠬᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠴᠢᠬᠤᠯᠠ ᠠᠷᠭ᠎ᠠ ᠪᠠᠷᠢᠯ ᠪᠤᠯᠭᠠᠵᠤ ᠢᠷᠡᠵᠡᠢ᠃ ᠮᠠᠨ ᠤ ᠤᠯᠤᠰ ᠤᠨ ᠦᠨᠳᠦᠰᠦᠨ ᠬᠠᠤᠯᠢ ᠪᠤᠯᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠳᠤ ᠲᠤᠳᠤᠷᠬᠠᠢ ᠲᠤᠭᠲᠠᠭᠠᠭᠰᠠᠨ ᠢᠶᠠᠷ᠄ ᠴᠦᠭᠡᠨ ᠲᠤᠭᠠᠲᠤ ᠦᠨᠳᠦᠰᠦᠲᠡᠨ ᠤ ᠵᠠᠩ ᠦᠢᠯᠡ ᠶᠢ ᠬᠦᠨᠳᠦᠳᠬᠡᠵᠤ᠂ ᠡᠯ᠎ᠠ ᠦᠨᠳᠦᠰᠦᠲᠡᠨ ᠦᠪᠡᠷ ᠤᠨ ᠵᠠᠩ ᠦᠢᠯᠡ ᠪᠠᠨ ᠬᠠᠳᠠᠭᠠᠯᠠᠬᠤ ᠪᠤᠶᠤ ᠬᠤᠪᠢᠷᠠᠭᠤᠯᠬᠤ ᠡᠷᠬᠡ ᠲᠠᠢ᠃ ᠡᠨᠡ ᠨᠢ ᠬᠠᠤᠯᠢ ᠶᠢᠨ ᠪᠠᠲᠤᠯᠠᠭ᠎ᠠ ᠲᠠᠢ᠃      ᠴᠦᠭᠡᠨ ᠲᠤᠭᠠᠲᠤ ᠦᠨᠳᠦᠰᠦᠲᠡᠨ ᠤ ᠵᠠᠩ ᠦᠢᠯᠡ ᠶᠢ ᠬᠠᠷᠠᠭᠠᠯᠵᠠᠬᠤ ᠶᠢᠨ ᠲᠦᠯᠦᠭᠡ᠂ ᠨᠠᠮ ᠪᠠ ᠤᠯᠤᠰ ᠠᠴᠠ ᠪᠤᠳᠠᠰ ᠤᠨ ᠲᠠᠯ᠎ᠠ ᠪᠠᠷ ᠪᠠᠰᠠ ᠪᠠᠲᠤᠯᠠᠭ᠎ᠠ ᠬᠠᠨᠭ᠍ᠭᠠᠵᠤ ᠪᠠᠶᠢᠨ᠎ᠠ᠃ ᠴᠦᠭᠡᠨ ᠲᠤᠭᠠᠲᠤ ᠦᠨᠳᠦᠰᠦᠲᠡᠨ ᠳᠤ ᠲᠤᠰᠬᠠᠢ ᠵᠦᠪᠰᠢᠶᠡᠷᠡᠭᠰᠡᠨ ᠲᠠᠸᠠᠷ ᠤᠨ ᠦᠢᠯᠡᠳᠪᠦᠷᠢᠯᠡᠯ ᠪᠠ ᠬᠠᠨᠭ᠍ᠭᠠᠯᠭ᠎ᠠ ᠶᠢ ᠲᠤᠰᠬᠠᠢ ᠲᠤᠬᠢᠷᠠᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠦᠨᠳᠦᠰᠦᠲᠡᠨ ᠤ ᠪᠠᠶᠠᠷ ᠳᠤᠷᠠᠰᠬᠠᠯ ᠤᠨ ᠡᠳᠦᠷ ᠤᠨ ᠠᠮᠠᠷᠠᠬᠤ ᠳᠦᠷᠢᠮ ᠢ ᠲᠤᠭᠲᠠᠭᠠᠵᠠᠢ᠃ ᠨᠠᠮ ᠪᠠ ᠤᠯᠤᠰ ᠠᠴᠠ ᠴᠦᠭᠡᠨ ᠲᠤᠭᠠᠲᠤ ᠦᠨᠳᠦᠰᠦᠲᠡᠨ ᠤ ᠵᠠᠩ ᠦᠢᠯᠡ ᠶᠢ ᠬᠦᠨᠳᠦᠳᠬᠡᠭᠦ ᠲᠦᠷᠦ ᠶᠢᠨ ᠪᠤᠳᠤᠯᠭ᠎ᠠ ᠳᠤᠭᠲᠠᠭᠠᠨ ᠬᠡᠷᠡᠭᠵᠢᠭᠦᠯᠵᠦ᠂ ᠡᠯ᠎ᠠ ᠦᠨᠳᠦᠰᠦᠲᠡᠨ ᠤ ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠤᠯᠪᠠ᠃ ᠲᠡᠷᠡ ᠨᠢ ᠲᠡᠤᠬᠡᠨ ᠠᠴᠠ ᠦᠯᠡᠳᠡᠵᠤ ᠢᠷᠡᠭᠰᠡᠨ ᠦᠨᠳᠦᠰᠦᠲᠡᠨ ᠤ ᠬᠤᠭᠤᠷᠤᠨᠳᠤᠬᠢ ᠵᠠᠪᠰᠡᠷᠳᠡᠯ ᠢ ᠠᠷᠢᠯᠭᠠᠵᠤ᠂ ᠦᠨᠳᠦᠰᠦᠲᠡᠨ ᠤ ᠬᠠᠷᠢᠴᠠᠭ᠎ᠠ ᠶᠢ ᠰᠠᠶᠢᠵᠢᠷᠠᠭᠤᠯᠤᠨ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ ᠴᠢᠬᠤᠯᠠ ᠦᠢᠯᠡᠳᠤᠯ ᠦᠵᠡᠭᠦᠯᠵᠡᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ