ᠴᠠᠭ ᠨᠡᠮᠡᠵᠦ ᠠᠵᠢᠯᠯᠠᠭᠰᠠᠨ ᠮᠥᠩᠭᠦ ᠶᠢ ᠶᠠᠭᠠᠬᠢᠵᠤ ᠪᠣᠳᠣᠬᠤ ᠪᠣᠢ︖
ᠨᠡᠶᠢᠲᠡᠯᠡᠭᠰᠡᠨ ᠴᠠᠭ᠄
2021/11/5
     ᠣᠯᠠᠨ ᠢᠶᠠᠷ ᠢᠶᠠᠨ ᠠᠵᠢᠯ ᠤᠨ ᠳᠤᠮᠳᠠ ᠪᠠᠨ ᠪᠦᠷ ᠴᠠᠭ ᠨᠡᠮᠡᠵᠦ ᠠᠵᠢᠯᠯᠠᠭᠰᠠᠨ ᠥᠩᠭᠡᠷᠡᠯᠲᠡ ᠲᠠᠢ ᠪᠠᠶᠢᠵᠤ᠂ ᠴᠠᠭ ᠨᠡᠮᠡᠵᠦ ᠠᠵᠢᠯᠯᠠᠬᠤ ᠠᠰᠠᠭᠤᠳᠠᠯ ᠨᠢ ᠶᠡᠷᠦ ᠨᠢ ᠬᠥᠮᠦᠰ ᠤᠨ ᠠᠩᠬᠠᠷᠤᠯ ᠢ ᠲᠠᠲᠠᠵᠤ ᠪᠠᠶᠢᠳᠠᠭ᠃ ᠲᠡᠭᠡᠪᠡᠯ᠂ ᠴᠠᠭ ᠨᠡᠮᠡᠵᠦ ᠠᠵᠢᠯᠯᠠᠭᠰᠠᠨ ᠮᠥᠩᠭᠦ ᠶᠢ ᠬᠡᠷᠬᠢᠨ ᠪᠤᠳᠤᠬᠤ ᠶᠢ ᠮᠡᠳᠡᠨ᠎ᠡ ᠤᠤ︖ ᠴᠠᠭ ᠨᠡᠮᠡᠵᠦ ᠠᠵᠢᠯᠯᠠᠭᠰᠠᠨ ᠮᠥᠩᠭᠦ ᠶᠢ ᠬᠡᠷᠬᠢᠨ ᠥᠭᠬᠦ ᠲᠤᠬᠠᠢ ᠬᠥᠳᠡᠯᠮᠦᠷᠢ ᠶᠢᠨ ᠬᠠᠤᠯᠢ ᠳᠤ ᠲᠣᠭᠲᠠᠭᠠᠯ  ᠲᠠᠢ ᠪᠠᠶᠢᠳᠠᠭ᠃ ᠬᠥᠮᠦᠨ ᠬᠡᠷᠡᠭᠯᠡᠬᠦ ᠨᠢᠭᠡᠴᠡ ᠬᠥᠳᠡᠯᠮᠦᠷᠢᠯᠡᠭᠴᠢ ᠳᠤ ᠠᠵᠢᠯᠯᠠᠬᠤ ᠴᠠᠭ ᠢ ᠤᠷᠲᠤᠳᠬᠠᠬᠤ ᠪᠠᠷ ᠲᠣᠬᠢᠷᠠᠭᠤᠯᠪᠠᠯ᠂ ᠴᠠᠯᠢᠩ ᠤᠨ 150 % ᠠᠴᠠ ᠳᠣᠣᠷ᠎ᠠ ᠦᠭᠡᠶ ᠴᠠᠯᠢᠩ ᠬᠥᠯᠥᠰᠥ ᠣᠯᠭᠤᠬᠤ ᠬᠡᠷᠡᠭᠲᠡᠶ︔ ᠠᠮᠠᠷᠠᠯᠲᠠ ᠶᠢᠨ ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠤᠬᠢᠷᠠᠭᠤᠯᠤᠬᠰᠠᠨ ᠪᠥᠭᠡᠳ ᠨᠥᠬᠦᠪᠥᠷᠢ ᠠᠮᠠᠷᠠᠯᠲᠠ ᠲᠤᠬᠢᠷᠡᠭᠤᠯᠵᠦ ᠴᠢᠳᠠᠬᠤ ᠤᠶᠢᠭᠡᠢ ᠪᠠᠶᠢᠪᠠᠯ ᠴᠠᠯᠢᠩ ᠤᠨ ᠬᠢᠨᠢ 200 % ᠠᠴᠠ ᠳᠣᠣᠷ᠎ᠠ ᠤᠶᠢᠭᠡᠢ ᠴᠠᠯᠢᠩ ᠬᠥᠯᠥᠰᠥ ᠣᠯᠭᠤᠨ᠎ᠠ︔ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠤᠬᠢᠷᠠᠭᠤᠯᠤᠬᠰᠠᠨ ᠪᠠᠶᠢᠪᠠᠯ ᠴᠠᠯᠢᠩ ᠤᠨ ᠬᠢᠨᠢ 300 % ᠠᠴᠠ ᠳᠣᠣᠷ᠎ᠠ ᠤᠶᠢᠭᠡᠢ ᠴᠠᠯᠢᠩ ᠬᠥᠯᠥᠰᠥ ᠣᠯᠭᠤᠨ᠎ᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ