ᠴᠠᠭ ᠠᠭᠤᠷ ᠤᠨ ᠨᠠᠶᠢᠷᠠᠭᠤᠯᠤᠭᠴᠢ ᠠᠴᠠ ᠰᠠᠨᠠᠭᠤᠯᠬᠤ ᠨᠢ᠄ ᠭᠠᠳᠠᠨ᠎ᠠ ᠪᠠᠶᠢᠭ᠎ᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠣᠷᠣᠯᠴᠠᠵᠤ ᠪᠠᠶᠢᠭ᠎ᠠ ᠠᠵᠢᠯᠲᠠᠳ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ | ᠲᠤᠬᠠᠶ ᠳᠤᠨᠢ ᠠᠩᠬᠠᠷᠴᠤ᠂ ᠬᠤᠪᠴᠠᠰᠤ ᠬᠤᠨᠠᠷ ᠢᠶᠠᠨ ᠨᠡᠮᠡᠭᠳᠡᠭᠦᠯᠦᠨ ᠳᠤᠯᠠᠭᠠᠯᠠᠵᠤ᠂ ᠬᠢᠮᠤᠷᠠᠭ᠎ᠠ ᠶᠢ ᠰᠡᠷᠭᠡᠶᠢᠯᠡᠬᠦ | ᠬᠡᠷᠡᠭᠲᠡᠶ᠃ ᠭᠡᠲᠡᠯ᠎ᠡ ᠬᠦᠢᠲᠡᠨ ᠤᠷᠤᠰᠬᠠᠯ ᠠᠰᠢᠭᠲᠠᠶ ᠮᠥᠷᠲᠡᠭᠡᠨ ᠪᠠᠰᠠ ᠮᠠᠭᠤ ᠲᠠᠯ᠎ᠠ ᠲᠠᠢ ᠪᠠᠶᠢᠳᠠᠭ᠂ ᠡᠲᠡᠭᠡᠷ | ᠮᠡᠳᠡᠯᠭᠡ ᠶᠢ ᠴᠢ ᠮᠡᠳᠡᠨ᠎ᠡ ᠦᠦ︖ | ᠬᠦᠢᠲᠡᠨ ᠤᠷᠤᠰᠬᠠᠯ ᠤᠨ ᠠᠪᠴᠢᠷᠠᠭᠰᠠᠨ ᠪᠣᠷᠣᠭᠠᠨ ᠴᠠᠰᠤ ᠪᠣᠯᠤᠨ ᠬᠥᠯᠳᠡᠭᠦᠦ ᠴᠠᠭ ᠠᠭᠤᠷ ᠨᠢ ᠵᠠᠮ | ᠲᠡᠭᠡᠭᠡᠪᠦᠷᠢ ᠳᠤ ᠪᠠᠭ᠎ᠠ ᠪᠤᠰᠤ ᠬᠤᠣᠷ ᠬᠥᠨᠥᠭᠡᠯ ᠲᠠᠢ ᠶᠤᠮ᠃ ᠴᠠᠰᠤ ᠪᠣᠷᠣᠭᠠᠨ ᠥᠩᠭᠡᠷᠡᠭᠰᠡᠨ ᠤ ᠳᠠᠷᠠᠭ᠎ᠠ᠂ ᠵᠠᠮ | ᠮᠥᠰᠥ ᠬᠥᠯᠳᠡᠵᠦ ᠬᠠᠯᠲᠤᠷᠢᠵᠤ᠂ ᠵᠠᠮ ᠬᠠᠷᠢᠯᠴᠠᠭᠠᠨ ᠤ ᠠᠳᠡᠯ ᠢᠯᠡᠳᠲᠡ ᠳᠡᠭᠡᠭᠰᠢᠯᠡᠪᠡ᠃ ᠡᠭᠦᠨ ᠠᠴᠠ ᠭᠠᠳᠠᠨ᠎ᠠ᠂ | ᠬᠦᠢᠲᠡᠨ ᠤᠷᠤᠰᠬᠠᠯ ᠤᠨ ᠴᠠᠭ ᠠᠭᠤᠷ ᠨᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠲᠦᠢᠯ ᠤᠨ ᠶᠡᠭᠡ ᠬᠤᠤᠷ | ᠬᠥᠨᠥᠭᠡᠯ ᠲᠠᠢ ᠪᠠᠶᠢᠳᠠᠭ᠂ ᠢᠯᠠᠩᠭᠤᠶ᠎ᠠ ᠶᠡᠭᠡ ᠰᠠᠯᠬᠢᠨ ᠢᠶᠠᠷ ᠳᠤᠯᠠᠭᠠᠨ ᠢ ᠪᠠᠭᠤᠷᠠᠭᠤᠯᠬᠤ ᠴᠠᠭ ᠠᠭᠤᠷ ᠨᠢ ᠠᠮᠠᠷᠬᠠᠨ | ᠬᠢᠮᠤᠷᠠᠭ᠎ᠠ᠂ ᠮᠥᠭᠡᠷᠰᠦᠨ ᠬᠤᠭᠤᠯᠠᠶ ᠶᠢᠨ ᠦᠷᠪᠢᠰᠦᠯ᠂ ᠵᠢᠷᠦᠬᠡᠨ ᠲᠢᠲᠢᠮ ᠤᠨ ᠡᠪᠡᠳᠴᠢᠨ᠂ ᠠᠭᠤᠰᠬᠢ ᠵᠢᠷᠦᠬᠡᠨ ᠤ | ᠡᠪᠡᠳᠴᠢᠨ᠂ ᠰᠠ ᠡᠪᠡᠳᠴᠢᠨ᠂ ᠬᠢᠷᠬᠢᠷ᠎ᠡ᠂ ᠵᠢᠷᠦᠬᠡᠨ ᠪᠤᠯᠴᠢᠩ ᠤᠨ ᠲᠦᠭᠵᠢᠷᠡᠯ᠂ ᠵᠢᠷᠦᠬᠡ ᠪᠠᠵᠠᠯᠠᠵᠤ ᠡᠪᠡᠳᠬᠦ᠂ | ᠲᠠᠯ᠎ᠠ ᠲᠣᠯᠣᠭᠠᠶ ᠡᠪᠡᠳᠬᠦ ᠵᠡᠷᠭᠡ ᠡᠪᠡᠳᠴᠢᠨ ᠢ ᠡᠭᠦᠰᠭᠡᠵᠦ᠂ ᠵᠠᠷᠢᠮ ᠳᠠᠭᠠᠨ ᠪᠠᠰᠠ ᠡᠪᠡᠳᠴᠢᠲᠡᠨ ᠤ ᠡᠪᠡᠳᠴᠢᠨ ᠤ | ᠪᠠᠶᠢᠳᠠᠯ ᠢ ᠬᠦᠨᠳᠦᠷᠡᠭᠦᠯᠳᠡᠭ᠃ | ᠬᠦᠢᠲᠡᠨ ᠤᠷᠤᠰᠬᠠᠯ ᠴᠤ ᠰᠠᠶᠢᠨ ᠲᠠᠯ᠎ᠠ ᠲᠠᠢ ᠶᠤᠮ᠃ ᠬᠦᠢᠲᠡᠨ ᠤᠷᠤᠰᠬᠠᠯ ᠨᠢ ᠳᠡᠯᠡᠬᠡᠶ ᠶᠢᠨ | ᠪᠥᠮᠪᠥᠷᠴᠡᠭ ᠤᠨ ᠭᠠᠳᠠᠷᠭᠤ ᠶᠢᠨ ᠢᠯᠴᠢ ᠶᠢᠨ ᠥᠷᠭᠡᠷᠢᠭ ᠤᠨ ᠥᠨᠳᠥᠷᠵᠢᠬᠦ ᠶᠢ ᠳᠠᠭᠠᠯᠳᠤᠨ᠂ ᠳᠡᠯᠡᠬᠡᠶ ᠶᠢᠨ | ᠪᠥᠮᠪᠥᠷᠴᠡᠭ ᠤᠨ ᠨᠡᠷᠡᠨ ᠤ ᠰᠠᠴᠤᠷᠠᠯᠲᠠ ᠶᠢ ᠬᠦᠯᠢᠶᠡᠨ ᠠᠪᠬᠤ ᠡᠨᠧᠷᠭᠢ ᠨᠢ ᠠᠭᠠᠵᠢᠮ ᠢᠶᠠᠷ ᠪᠠᠭᠤᠷᠠᠳᠠᠭ᠂ | ᠡᠶᠢᠮᠦ ᠠᠴᠠ ᠳᠡᠯᠡᠬᠡᠶ ᠶᠢᠨ ᠪᠥᠮᠪᠥᠷᠴᠡᠭ ᠬᠠᠯᠠᠭᠤᠨ ᠪᠦᠰᠡ᠂ ᠰᠡᠷᠢᠭᠦᠨ ᠪᠦᠰᠡ ᠪᠠ ᠬᠦᠢᠲᠡᠨ ᠪᠦᠰᠡ ᠶᠢ | ᠪᠦᠷᠢᠯᠳᠦᠭᠦᠯᠳᠡᠭ᠃ ᠬᠦᠢᠲᠡᠨ ᠤᠷᠤᠰᠬᠠᠯ ᠶᠡᠭᠡ ᠬᠡᠮᠵᠢᠶᠡᠨ ᠤ ᠬᠦᠢᠲᠡᠨ ᠠᠭᠠᠷ ᠢ ᠬᠠᠯᠠᠭᠤᠨ ᠪᠦᠰᠡᠨ ᠳᠤ ᠴᠢᠳᠬᠤᠨ | ᠣᠷᠣᠭᠤᠯᠵᠤ᠂ ᠭᠠᠵᠠᠷ ᠤᠨ ᠭᠠᠳᠠᠷᠭᠤ ᠶᠢᠨ ᠢᠯᠴᠢ ᠶᠢ ᠶᠡᠭᠡ ᠬᠡᠪᠴᠢᠶ᠎ᠡ ᠪᠠᠷ ᠰᠣᠯᠢᠯᠴᠠᠭᠤᠯᠳᠠᠭ᠂ ᠡᠨᠡ ᠨᠢ ᠪᠠᠶᠢᠭᠠᠯᠢ | ᠶᠢᠷᠲᠢᠨᠴᠦ ᠶᠢᠨ ᠠᠮᠢ ᠠᠬᠤᠶ ᠶᠢᠨ ᠲᠡᠩᠴᠡᠭᠦᠷᠢ ᠶᠢ ᠪᠠᠲᠤᠯᠠᠵᠤ᠂ ᠪᠣᠳᠠᠰ ᠤᠨ ᠲᠥᠷᠥᠯ ᠤᠨ ᠢᠭᠴᠤ ᠰᠠᠬᠤᠯᠢᠭ | ᠪᠠᠶᠢᠬᠤ ᠶᠢ ᠪᠠᠲᠤᠯᠠᠬᠤ ᠳᠤ ᠮᠠᠰᠢ ᠠᠰᠢᠭᠲᠠᠶ ᠶᠤᠮ᠃ ᠴᠠᠭ ᠠᠭᠤᠷ ᠤᠨ ᠡᠷᠳᠡᠮᠲᠡᠳ ᠤᠨ ᠦᠵᠡᠬᠦ ᠪᠠᠷ᠂ ᠬᠦᠢᠲᠡᠨ | ᠤᠷᠤᠰᠬᠠᠯ ᠪᠣᠯ ᠪᠣᠷᠣᠭᠠᠨ ᠬᠤᠷ᠎ᠠ ᠲᠡᠭᠰᠢ ᠪᠠᠶᠢᠬᠤ ᠶᠢᠨ ᠪᠠᠲᠤᠯᠠᠭ᠎ᠠ ᠮᠥᠨ᠃ ᠮᠠᠨ ᠤ ᠤᠯᠤᠰ ᠤᠯᠠᠷᠢᠯ ᠤᠨ | ᠰᠠᠯᠬᠢᠨ ᠤ ᠨᠥᠯᠥᠭᠡ ᠶᠢ ᠭᠥᠷᠳᠡᠵᠦ᠂ ᠡᠪᠦᠯ ᠤᠨ ᠤᠯᠠᠷᠢᠯ ᠤᠨ ᠠᠭᠤᠷ ᠠᠮᠢᠰᠬᠤᠯ ᠭᠠᠩ ᠬᠠᠭᠤᠷᠠᠶ ᠪᠠᠶᠢᠵᠤ᠂ ᠤᠰᠤ | ᠰᠢᠷᠭᠢᠬᠦ ᠬᠤᠭᠤᠴᠠᠭ᠎ᠠ ᠪᠣᠯᠤᠨ᠎ᠠ᠃ ᠭᠡᠪᠡᠴᠦ ᠬᠦᠢᠲᠡᠨ ᠤᠷᠤᠰᠬᠠᠯ ᠡᠮᠦᠨᠡᠰᠢ ᠲᠦᠷᠢᠬᠦ ᠪᠦᠷᠢ᠂ ᠦᠷᠭᠦᠯᠵᠢ ᠶᠡᠭᠡ | ᠬᠡᠪᠴᠢᠶᠡᠨ ᠤ ᠪᠣᠷᠣᠭᠠᠨ ᠴᠠᠰᠤ ᠲᠠᠢ ᠴᠠᠭ ᠠᠭᠤᠷ ᠢ ᠠᠪᠴᠢᠷᠠᠵᠤ᠂ ᠡᠪᠦᠯ ᠤᠨ ᠤᠯᠠᠷᠢᠯ ᠤᠨ ᠭᠠᠩ ᠬᠠᠭᠰᠠᠷᠠᠭᠠᠨ ᠤ | ᠪᠠᠶᠢᠳᠠᠯ ᠢ ᠨᠠᠮᠳᠠᠭᠤᠯᠵᠤ᠂ ᠲᠠᠷᠢᠮᠠᠯ ᠤᠨ ᠵᠦᠢᠯ ᠳᠤ ᠠᠰᠢᠭ ᠬᠦᠷᠲᠡᠭᠡᠳᠡᠭ᠃ ᠲᠠᠷᠢᠮᠠᠯ ᠤᠨ ᠵᠦᠢᠯ ᠤᠨ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠷᠭᠡᠵᠢᠯᠲᠡᠨ ᠤ ᠦᠵᠡᠬᠦ ᠪᠠᠷ᠂ ᠬᠦᠢᠲᠡᠨ ᠤᠷᠤᠰᠬᠠᠯ ᠤᠨ | ᠠᠪᠴᠢᠷᠠᠭᠰᠠᠨ ᠳᠣᠤᠷ᠎ᠠ ᠳᠤᠯᠠᠭᠠᠨ ᠪᠣᠯ ᠣᠳᠣᠬᠠᠨ ᠤ ᠬᠠᠮᠤᠭ ᠤᠨ ᠪᠦᠲᠦᠮᠵᠢᠲᠡᠶ ᠪᠠᠶᠢᠭᠠᠯᠢ ᠶᠢᠨ ︽ᠬᠤᠷᠣᠬᠠᠶ | ᠠᠯᠠᠬᠤ ᠡᠮ︾ ᠮᠥᠨ᠂ ᠲᠡᠷᠡ ᠨᠢ ᠬᠥᠷᠥᠰᠥᠨ ᠳᠤ ᠨᠢᠭᠤᠭᠳᠠᠨ ᠡᠪᠦᠯᠵᠢᠳᠡᠭ ᠬᠤᠤᠷᠲᠤ ᠬᠤᠷᠣᠬᠠᠶ ᠪᠠ | ᠡᠪᠡᠳᠴᠢᠨ ᠤ ᠪᠠᠺᠲ᠋ᠧᠷᠢ ᠶᠢ ᠶᠡᠭᠡ ᠬᠡᠮᠵᠢᠶ᠎ᠡ ᠪᠠᠷ ᠠᠯᠠᠬᠤ ᠪᠤᠶᠤ ᠲᠡᠭᠦᠨ ᠤ ᠦᠷᠡᠵᠢᠬᠦ ᠶᠢ ᠬᠤᠷᠢᠭᠯᠠᠵᠤ᠂ ᠢᠷᠡᠬᠦ | ᠵᠢᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠪᠠᠭᠠᠰᠬᠠᠵᠤ ᠪᠣᠯᠤᠨ᠎ᠠ᠃ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ ᠶᠡᠭᠡ ᠴᠠᠰᠤ ᠲᠠᠢ ᠡᠪᠦᠯ ᠤᠨ ᠤᠯᠠᠷᠢᠯ ᠳᠤ ᠲᠠᠷᠢᠶᠠᠨ ᠡᠮ ᠢ 60% ᠠᠴᠠ ᠳᠡᠭᠡᠭᠰᠢ | ᠠᠷᠪᠢᠯᠠᠵᠤ ᠪᠣᠯᠤᠨ᠎ᠠ᠃ |