ᠬᠢᠵᠢᠭ ᠢ ᠴᠢᠩᠭ᠎ᠠ ᠰᠡᠷᠭᠡᠶᠢᠯᠡᠬᠦ ᠦᠭᠡᠢ ᠪᠣᠯ ᠲᠤᠰᠢᠶᠠᠯ ᠠᠴᠠ ᠨᠢ ᠪᠠᠭᠤᠯᠭᠠᠨ᠎ᠠ
ᠨᠡᠶᠢᠲᠡᠯᠡᠭᠰᠡᠨ ᠴᠠᠭ᠄
2021/12/11
     ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠡᠮᠦᠨ᠎ᠡ ᠹᠷᠣᠨᠲ ᠤᠨ ᠰᠡᠷᠭᠡᠶᠢᠯᠡᠨ ᠬᠤᠷᠢᠭᠯᠠᠬᠤ ᠠᠵᠢᠯ ᠤᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠢ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠭᠤᠯᠬᠤ ᠪᠠᠷ ᠲᠣᠭᠲᠠᠪᠠ᠃ ᠴᠧᠨ ᠵᠠᠨ ᠶᠦᠨ ᠨᠥᠬᠦᠷ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠠᠴᠠ ᠪᠤᠯᠵᠤ᠂ ᠡᠵᠡᠨ᠎ᠡ ᠬᠤᠰᠢᠭᠤᠨ ᠤ ᠨᠠᠮ  ᠤᠨ ᠬᠤᠷᠢᠶᠠᠨ ᠤ ᠱᠦᠵᠢ ᠶᠢᠨ ᠲᠤᠰᠢᠶᠠᠯ ᠠᠴᠠ ᠨᠢ ᠪᠠᠭᠤᠯᠭᠠᠪᠠ᠃
ᠢᠷᠡᠯᠲᠡ᠄ ᠠᠷᠠᠳ ᠤᠨ ᠰᠦᠯᠵᠢᠶ᠎ᠡ