ᠡᠪᠦᠯ ᠤᠨ ᠬᠦᠢᠲᠡᠨ ᠳᠤ ᠨᠠᠰᠤᠲᠠᠶᠢᠴᠤᠳ ᠲᠠᠪᠤᠨ ᠵᠦᠢᠯ ᠤᠨ ᠡᠪᠡᠳᠴᠢᠨ ᠢ ᠰᠡᠷᠭᠡᠶᠢᠯᠡᠭᠡᠷᠡᠢ
ᠨᠡᠶᠢᠲᠡᠯᠡᠭᠰᠡᠨ ᠴᠠᠭ᠄
2021/12/15
     ᠬᠤᠳᠤᠭᠤᠳᠤᠨ‌ᠡᠪᠡᠳᠴᠢᠨ ᠠᠴᠠ ᠰᠡᠷᠭᠡᠶᠢᠯᠡᠬᠦ᠄  ᠬᠦᠮᠦᠨ ᠤ ᠪᠡᠶ᠎ᠡ ᠶᠢᠨ ᠬᠦᠢᠲᠡᠨ ᠳᠤ ᠲᠠᠭᠠᠷᠠᠪᠠᠯ ᠴᠢᠰᠦᠨ  ᠳᠠᠬᠢ ᠨᠡᠬᠡᠳᠡᠰᠤᠨ ᠠᠮᠢᠨ ᠨᠡᠮᠡᠭ᠌ᠳᠡᠵᠤ᠂ ᠬᠤᠳᠤᠭᠤᠳᠤᠨ ᠬᠦᠴᠢᠯ ᠤᠨ ᠱᠦᠬᠦᠷᠡᠯᠳᠠ ᠪᠠᠳᠠᠷᠠᠭᠠᠳ᠂ ᠬᠤᠳᠤᠭᠤᠳᠤ ᠬᠡᠳᠡᠰᠤ ᠵᠠᠭᠤᠷᠠᠬᠤ ᠴᠢᠨᠠᠷ ᠲᠠᠢ ᠡᠩᠰᠢᠵᠤ᠂ ᠪᠡᠶ᠎ᠠ ᠶᠢᠨ ᠡᠪᠡᠳᠴᠢᠨ ᠡᠰᠡᠷᠬᠦᠴᠡᠬᠦ ᠴᠢᠳᠠᠪᠤᠷᠢ ᠬᠢᠬᠡᠳ ᠳᠤᠬᠢᠷᠠᠯᠴᠠᠬᠤ ᠴᠢᠨᠠᠷ ᠪᠠᠰᠠ ᠳᠠᠭᠠᠯᠳᠤᠨ‌‍ᠲ᠋ᠤᠷᠤᠭᠰᠢᠯᠠᠳᠠᠭ ᠪᠤᠯᠬᠤᠷ ᠬᠤᠳᠤᠭᠤᠳᠤᠨ ᠡᠪᠡᠳᠴᠢᠨ ᠲᠠᠢ ᠨᠠᠰᠤᠳᠠᠶᠢᠴᠤᠳ ᠡᠪᠤᠯ ᠤᠨ ᠤᠯᠠᠷᠢᠯ ᠳᠤ ᠬᠠᠭᠤᠴᠢᠨ ᠡᠪᠡᠳᠴᠢᠨ ᠨᠢ ᠠᠮᠠᠷᠬᠠᠨ ᠬᠦᠳᠡᠯᠵᠤ᠂ ᠴᠢᠨᠠᠭᠰᠢᠯᠠᠪᠠᠯ ᠬᠤᠳᠤᠭᠠᠳᠤᠨ ᠠᠴᠠ ᠴᠢᠰᠤ ᠭᠠᠷᠬᠤ᠂ ᠬᠤᠳᠤᠭᠤᠳᠤ ᠴᠤᠭᠤᠷᠠᠬᠤ ᠵᠡᠷᠬᠡ ᠬᠦᠨᠳᠤ ᠨᠤᠴᠢᠳᠠᠢ ᠡᠪᠡᠳᠴᠢᠨ ᠪᠤᠯᠬᠤ ᠠᠶᠤᠯᠳᠠᠢ᠃ ᠡᠶᠢᠮᠦ ᠠᠴᠠ ᠡᠪᠦᠯ ᠤᠨ ᠤᠯᠠᠷᠢᠯ ᠤᠨ ᠴᠠᠭ ᠲᠤ ᠨᠠᠰᠤᠳᠠᠶᠢᠴᠤᠳ ᠬᠤᠳᠤᠭᠠᠳᠤᠨ ᠤ ᠳᠤᠯᠠᠭᠠᠨ ᠢ  ᠬᠠᠮᠠᠭᠠᠯᠠᠬᠤ ᠶᠢ ᠤᠨᠴᠠᠭᠠᠢ ᠠᠩᠬᠠᠷᠴᠤ᠂ ᠬᠠᠯᠠᠭᠤᠨ ᠵᠦᠬᠡᠯᠠᠨ᠂ ᠬᠠᠷᠠᠰᠤ ᠵᠢᠴᠢ ᠠᠮᠠᠷᠬᠠᠨ ᠰᠢᠩᠭᠡᠭᠡᠬᠦ ᠢᠳᠡᠭᠡᠨ ᠢ ᠢᠳᠡᠬᠦ ᠪᠠᠷ ᠭᠤᠤᠯᠳᠠᠭᠤᠯᠬᠤ ᠮᠦᠷᠳᠡᠭᠡᠨ ᠪᠠᠭ᠎ᠠ ᠬᠡᠮᠵᠢᠶ᠎ᠠ ᠪᠠᠷ ᠤᠯᠠᠨ ᠤᠳᠠᠭ᠎ᠠ ᠢᠳᠡᠬᠦ᠂ ᠳᠦᠬᠦᠬᠡᠢ ᠬᠦᠢᠲᠡᠨ ᠢ ᠴᠡᠬᠡᠷᠯᠡᠬᠦ᠂ ᠠᠷᠢᠬᠢ ᠲᠠᠮᠠᠬᠢ  ᠪᠠᠨ ᠵᠤᠭᠰᠤᠬᠤ ᠶᠢ ᠠᠩᠬᠠᠷᠬᠤ᠂ ᠪᠡᠶ᠎ᠠ ᠶᠢᠨ ᠳᠠᠮᠢᠷ ᠤᠨ ᠪᠤᠯᠪᠠᠰᠤᠷᠠᠯ ᠳᠤ ᠤᠷᠤᠯᠴᠠᠵᠤ᠂ ᠬᠤᠳᠤᠭᠤᠳᠤᠨ ᠡᠪᠡᠳᠴᠢᠨ ᠢ ᠰᠡᠷᠬᠡᠶᠢᠯᠡᠬᠦ ᠬᠡᠷᠡᠭᠳᠡᠢ᠃
            ᠬᠢᠮᠤᠷᠠᠭ᠎ᠠ ᠲᠠᠭᠰᠢᠭᠤᠷ ᠠᠴᠠ ᠰᠡᠷᠬᠡᠶᠢᠯᠡᠬᠦ᠄ ᠬᠢᠮᠤᠷᠠᠬᠤ ᠪᠤᠯ ᠨᠠᠰᠤᠳᠠᠶᠢᠴᠤᠳ ᠲᠤ ᠡᠪᠤᠯ ᠤᠨ ᠤᠯᠠᠷᠢᠯ ᠳᠤ ᠦᠷᠬᠦᠯᠵᠢ ᠳᠤᠬᠢᠶᠠᠯᠳᠤᠳᠠᠭ᠂ ᠤᠯᠠᠨᠳᠠ ᠡᠬᠦᠰᠭᠦ ᠡᠪᠡᠳᠴᠢᠨ ᠮᠦᠨ᠂ ᠡᠨᠡ ᠨᠢ ᠬᠡᠯᠡᠬᠦ ᠳᠤ ᠳᠠᠮᠠᠢ ᠶᠡᠭᠡ ᠡᠪᠡᠳᠴᠢᠨ ᠪᠢᠰᠢ ᠪᠤᠯᠪᠠᠴᠤ ᠴᠠᠭ ᠳᠤᠬᠠᠢ   ᠳᠤᠨᠢ ᠡᠮᠴᠢᠯᠡᠬᠦᠯᠬᠦ ᠦᠬᠡᠢ ᠪᠤᠯ ᠠᠮᠠᠷᠬᠠᠨ ᠤᠯᠠᠨ ᠵᠦᠢᠯ ᠤᠨ ᠠᠮᠢ ᠨᠠᠰᠤᠨ ᠤ ᠠᠶᠤᠯ ᠲᠠᠢ ᠡᠪᠡᠳᠴᠢᠨ ᠢ ᠡᠬᠦᠰᠭᠡᠨ᠎ᠠ᠃ ᠵᠢᠱᠢᠶᠡᠯᠡᠪᠡᠯ᠂ ᠠᠭᠤᠰᠭᠢᠨ ᠦᠷᠪᠢᠰᠤᠯ᠂ ᠠᠭᠤᠰᠬᠢᠨ ᠠᠴᠠ ᠪᠤᠯᠤᠭᠰᠠᠨ ᠵᠢᠷᠤᠬᠡᠨ ᠡᠪᠡᠳᠴᠢᠨ᠂ ᠤᠳᠠᠭᠠᠨ ᠴᠢᠨᠠᠷᠲᠠᠢ ᠰᠠᠯᠪᠤᠷᠢ ᠮᠦᠬᠡᠷᠰᠤᠨ ᠬᠤᠭᠤᠯᠠᠢ ᠶᠢᠨ ᠦᠷᠪᠢᠰᠤᠯ ᠵᠡᠷᠬᠡ ᠡᠪᠡᠳᠴᠢᠨ ᠢ ᠡᠬᠦᠰᠭᠡᠨ᠎ᠠ᠃ ᠡᠶᠢᠮᠦ ᠠᠴᠠ ᠡᠪᠦᠯ ᠤᠨ ᠤᠯᠠᠷᠢᠯ ᠳᠤ ᠨᠠᠰᠤᠳᠠᠶᠢᠴᠤᠳ ᠬᠦᠢᠲᠡᠨ ᠢ ᠡᠰᠡᠷᠬᠦᠴᠡᠬᠦ ᠪᠤᠯᠪᠠᠰᠤᠷᠠᠯ ᠢᠶᠠᠨ ᠠᠩᠬᠠᠷᠤᠨ ᠴᠢᠩᠭᠠᠳᠬᠠᠵᠤ᠂ ᠢᠳᠡᠵᠦ ᠤᠤᠭᠤᠬᠤ ᠪᠠᠨ ᠳᠤᠬᠢᠷᠠᠭᠤᠯᠬᠤ  ᠬᠡᠷᠡᠭᠲᠡᠢ᠃ ᠬᠠᠮᠤᠭ ᠤᠨ ᠰᠠᠶᠢᠨ ᠨᠢ ᠡᠳᠤᠷ ᠪᠦᠷᠢ ᠬᠦᠢᠳᠡᠨ ᠤᠰᠤ ᠪᠠᠷ ᠨᠢᠭᠤᠷ ᠢᠶᠠᠨ ᠤᠬᠢᠶᠠᠨ᠂ ᠬᠠᠯᠠᠭᠤᠨ ᠤᠰᠤ ᠪᠠᠷ ᠬᠦᠯ ᠢᠶᠠᠨ ᠤᠬᠢᠶᠠᠵᠤ᠂ ᠡᠪᠡᠳᠴᠢᠨ ᠡᠰᠡᠷᠬᠦᠴᠡᠬᠦ ᠴᠢᠳᠠᠪᠤᠷᠢ ᠪᠠᠨ ᠨᠡᠮᠡᠭᠳᠡᠭᠦᠯᠵᠦ᠂ ᠬᠢᠮᠤᠷᠠᠬᠤ ᠠᠴᠠ ᠰᠡᠷᠬᠡᠶᠢᠯᠡᠬᠦ ᠬᠡᠷᠡᠭᠲᠡᠢ᠃         ᠰᠠ ᠡᠪᠡᠳᠴᠢᠨ ᠠᠴᠠ ᠰᠡᠷᠬᠡᠶᠢᠯᠡᠬᠦ᠄ ᠬᠠᠮᠢᠶ᠎ᠠ ᠪᠦᠬᠦᠢ ᠮᠡᠳᠡᠭᠡᠯᠡᠯ ᠢ ᠦᠨᠳᠤᠰᠤᠯᠠᠪᠠᠯ᠂ ᠪᠠᠷᠤᠭ 70% ᠶᠢᠨ ᠰᠠ ᠡᠪᠡᠳᠴᠢᠨ ᠳᠤ ᠨᠡᠷᠪᠡᠭᠳᠡᠭᠰᠡᠨ ᠤᠯᠠᠩᠬᠢ ᠳᠤ ᠪᠠᠨ ᠡᠪᠤᠯ ᠤᠨ ᠤᠯᠠᠷᠢᠯ ᠳᠤ ᠡᠪᠡᠳᠴᠢᠯᠡᠨ᠎ᠠ᠂ ᠡᠶᠢᠮᠦ ᠠᠴᠠ ᠳᠤᠰᠬᠠᠢ ᠮᠡᠷᠬᠡᠵᠢᠯᠳᠡᠳ ᠰᠠ  ᠡᠪᠡᠳᠴᠢᠨ ᠢ ︽ᠡᠪᠤᠯ ᠤᠨ ᠤᠯᠠᠷᠢᠯ ᠤᠨ ᠮᠡᠳᠡᠷᠡᠯ ᠤᠨ ᠰᠠᠯᠠᠭᠠᠨ ᠤ ᠲᠠᠬᠤᠯ ᠡᠪᠡᠳᠴᠢᠨ︾ ᠬᠡᠵᠤ ᠬᠡᠯᠡᠳᠡᠭ᠃ ᠡᠪᠤᠯ ᠤᠨ ᠤᠯᠠᠷᠢᠯ ᠳᠤ ᠰᠠ ᠡᠪᠡᠳᠴᠢᠨ ᠠᠮᠠᠷᠬᠠᠨ ᠡᠭᠦᠰᠬᠡᠳᠡᠭ ᠰᠢᠯᠲᠠᠭᠠᠨ ᠡᠭᠦᠰᠳᠡᠭ ᠤᠨ ᠰᠢᠯᠲᠠᠭᠠᠨ ᠨᠢ ᠡᠪᠦᠯ ᠤᠨ ᠤᠯᠠᠷᠢᠯ ᠳᠤ ᠳᠤᠯᠠᠭᠠᠨ ᠤ ᠬᠡᠮᠵᠢᠶ᠎ᠠ ᠳᠤᠤᠷ᠎ᠠ᠂ ᠬᠦᠮᠦᠨ ᠤ ᠪᠡᠶ᠎ᠡ ᠬᠦᠢᠲᠡᠨ ᠤ ᠰᠡᠳᠦᠯᠳᠡ ᠤᠯᠤᠭᠰᠠᠨ ᠤ ᠰᠡᠬᠦᠯᠡᠷ ᠪᠦᠬᠦ ᠪᠡᠶ᠎ᠠ ᠶᠢᠨ ᠬᠢᠯᠭᠠᠰᠤᠨ ᠴᠢᠰᠤᠨ ᠰᠤᠳᠠᠯ ᠠᠪᠴᠢᠵᠤ᠂ ᠴᠢᠰᠤᠨ ᠤ ᠡᠷᠭᠢᠯᠲᠡ ᠶᠢᠨ ᠭᠠᠳᠠᠭᠠᠳᠤ ᠰᠠᠭᠠᠳᠠᠯ ᠶᠡᠬᠡᠰᠴᠤ᠂ ᠵᠢᠷᠤᠬᠡᠨ ᠤ ᠵᠡᠬᠦᠨ ᠬᠤᠪᠳᠤᠯ ᠪᠠ ᠲᠠᠷᠢᠬᠢᠨ ᠤ ᠳᠠᠷᠤᠭᠠᠰᠤ ᠬᠦᠨᠳᠤᠷᠡᠵᠤ᠂ ᠴᠢᠰᠤᠨ ᠳᠠᠷᠤᠯᠲᠠ ᠶᠢ ᠦᠨᠳᠤᠷᠵᠢᠬᠦᠯᠤᠨ᠂ ᠴᠢᠰᠤᠨ ᠪᠤᠯᠤᠩ ᠤᠨ ᠪᠦᠷᠢᠯᠳᠦᠯ ᠢ ᠠᠬᠢᠭᠤᠯᠵᠤ᠂ ᠰᠠ ᠡᠪᠡᠳᠴᠢᠨ ᠢ ᠡᠬᠦᠰᠭᠡᠳᠡᠭ᠃ ᠰᠠ ᠡᠪᠡᠳᠴᠢᠨ ᠠᠴᠠ ᠰᠡᠷᠭᠡᠶᠢᠯᠡᠬᠦ ᠳᠤ ᠤᠷᠢᠳᠠᠪᠠᠷ ᠴᠢᠰᠤᠨ ᠳᠠᠷᠤᠯᠳᠠ ᠦᠨᠳᠤᠷ᠂ ᠵᠢᠷᠤᠬᠡᠨ ᠳᠢᠳᠢᠮ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠬᠡ ᠡᠪᠡᠳᠴᠢᠨ ᠤ ᠵᠠᠰᠠᠯᠭ᠎ᠠ ᠶᠢ ᠰᠠᠶᠢᠳᠤᠷ ᠬᠢᠬᠦ ᠬᠡᠷᠡᠭᠲᠡᠢ᠃ ᠳᠠᠷᠠᠭ᠎ᠠ ᠳᠤ ᠨᠢ ᠤᠷᠢᠳᠴᠢᠯᠠᠭᠰᠠᠨ ᠰᠢᠨᠵᠢ ᠲᠡᠮᠳᠡᠭ ᠢ ᠠᠩᠬᠠᠷᠬᠤ ᠬᠡᠷᠡᠭᠲᠡᠢ᠃ ᠵᠢᠱᠢᠶᠡᠯᠡᠪᠡᠯ᠂ ᠬᠡᠨᠡᠳᠳᠠ ᠳᠤᠯᠤᠭᠠᠢ ᠡᠷᠬᠢᠬᠦ᠂ ᠳᠤᠯᠤᠭᠠᠢ ᠡᠪᠡᠳᠬᠦ᠂ ᠬᠠᠷᠠᠭ᠎ᠠ ᠪᠠᠯᠠᠷᠠᠬᠤ᠂ ᠪᠡᠶ᠎ᠠ ᠮᠦᠴᠢ ᠮᠢᠨᠴᠤᠭᠦᠷᠡᠬᠦ ᠵᠡᠷᠬᠡ ᠪᠠᠶᠢᠳᠠᠯ ᠢᠯᠡᠷᠡᠪᠠᠯ᠂ ᠲᠠᠷᠤᠢ ᠳᠦᠷᠬᠡᠨ ᠡᠮᠨᠡᠯᠭᠡ ᠳᠤ ᠬᠦᠷᠴᠦ ᠡᠮᠨᠡᠬᠦᠯᠬᠦ ᠬᠡᠷᠡᠭᠲᠡᠢ᠃      ᠵᠢᠷᠤᠬᠡᠨ ᠪᠤᠯᠴᠢᠩ ᠤᠨ ᠲᠦᠭᠵᠢᠷᠡᠯ ᠠᠴᠠ ᠰᠡᠷᠭᠡᠶᠢᠯᠡᠬᠦ᠄ ᠡᠪᠦᠯ ᠤᠨ ᠤᠯᠠᠷᠢᠯ ᠪᠤᠯ ᠵᠢᠷᠦᠬᠡᠨ ᠪᠤᠯᠴᠢᠩ ᠤᠨ ᠲᠦᠭᠵᠢᠷᠡᠯ ᠡᠭᠦᠰᠬᠦ ᠤᠷᠬᠢᠯ ᠪᠤᠯᠤᠨ᠎ᠠ᠂ ᠡᠭᠦᠨ ᠤ ᠤᠴᠢᠷ ᠨᠢ ᠬᠦᠮᠦᠨ ᠤ ᠪᠡᠶ᠎ᠡ ᠬᠦᠢᠲᠡᠨ ᠤ ᠰᠡᠳᠦᠯᠳᠡ ᠤᠯᠤᠭᠰᠠᠨ ᠤ ᠰᠡᠭᠦᠯᠡᠷ ᠴᠢᠰᠤᠨ ᠰᠤᠳᠠᠯ ᠠᠪᠴᠢᠵᠤ᠂ ᠴᠢᠰᠤᠨ ᠳᠠᠬᠢ ᠰᠢᠷᠬᠡᠭᠲᠦ ᠤᠭᠤᠷᠠᠭ ᠨᠡᠮᠡᠭᠳᠡᠨ᠂ ᠴᠢᠰᠤᠨ ᠤ ᠨᠢᠯᠲᠠᠭ ᠤᠨ ᠬᠡᠮᠵᠢᠶ᠎ᠡ ᠨᠡᠮᠡᠭᠳᠡᠨ᠂ ᠠᠮᠠᠷᠬᠠᠨ ᠴᠢᠰᠤᠨ ᠪᠤᠯᠤᠩ ᠪᠦᠷᠢᠯᠳᠦᠵᠦ ᠵᠢᠷᠦᠬᠡᠨ ᠪᠤᠯᠴᠢᠩ ᠳᠤ ᠴᠢᠰᠤ ᠪᠠ ᠬᠦᠴᠢᠯᠳᠦ᠋ᠷᠦᠭᠴᠢ ᠳᠤᠲᠠᠭᠳᠠᠵᠤ᠂ ᠵᠢᠷᠦᠬᠡ ᠪᠠᠵᠠᠵᠤ ᠡᠪᠡᠳᠦᠨ᠂ ᠬᠦᠨᠳᠦᠷᠡᠪᠡᠯ ᠵᠢᠷᠦᠬᠡᠨ ᠪᠤᠯᠴᠢᠩ ᠤᠨ ᠲᠦᠭᠵᠢᠷᠡᠯ ᠢ ᠡᠭᠦᠰᠬᠡᠳᠡᠭ᠃ ᠡᠶᠢᠮᠦ ᠠᠴᠠ ᠨᠠᠰᠤᠲᠠᠶᠢᠴᠤᠳ ᠡᠪᠦᠯ ᠤᠨ ᠤᠯᠠᠷᠢᠯ ᠳᠤ ᠭᠠᠳᠠᠭᠤᠷ ᠢᠯᠡᠭᠦᠬᠡᠨ ᠬᠦᠳᠡᠯᠭᠡᠭᠡᠨ ᠬᠢᠵᠦ᠂ ᠬᠦᠢᠲᠡᠨ ᠰᠡᠷᠭᠡᠶᠢᠯᠡᠵᠦ᠂ ᠳᠤᠯᠠᠭᠠᠨ ᠢᠶᠠᠨ ᠬᠠᠮᠠᠭᠠᠯᠠᠬᠤ ᠴᠢᠬᠤᠯᠠᠲᠠᠢ᠃ ᠭᠡᠷ ᠳᠤᠲᠤᠷᠠᠬᠢ ᠳᠤᠯᠠᠭᠠᠨ ᠢ ᠬᠠᠮᠤᠭ ᠤᠨ ᠰᠠᠶᠢᠨ ᠨᠢ 15~18 ᠭᠷᠠᠳᠦ᠋ᠰ ᠲᠤ ᠬᠢᠵᠠᠷᠭᠠᠯᠠᠵᠤ᠂ ᠬᠦᠢᠲᠡᠨ ᠠᠴᠠ ᠪᠤᠯᠵᠤ ᠪᠤᠰᠤᠳ ᠡᠪᠡᠳᠴᠢᠨ ᠤᠯᠬᠤ ᠠᠴᠠ ᠰᠡᠷᠭᠡᠶᠢᠯᠡᠬᠦ ᠬᠡᠷᠡᠭᠲᠡᠢ᠃ ᠪᠠᠰᠠ ᠡᠮᠴᠢ ᠶᠢᠨ ᠵᠢᠯᠤᠭᠤᠳᠤᠯᠭ᠎ᠠ ᠪᠠᠷ᠂ ᠦᠭᠡᠬᠦ ᠶᠢ ᠪᠠᠭᠤᠷᠠᠭᠤᠯᠬᠤ᠂ ᠴᠢᠰᠤᠨ ᠰᠤᠳᠠᠯ ᠢ ᠲᠡᠯᠡᠬᠦ᠂ ᠵᠢᠷᠦᠬᠡᠨ ᠪᠤᠯᠴᠢᠩ ᠳᠤ ᠴᠢᠰᠤ ᠳᠤᠲᠠᠬᠤ ᠪᠠ ᠬᠦᠴᠢᠯᠳᠦ᠋ᠷᠦᠭᠴᠢ ᠳᠤᠲᠠᠬᠤ ᠶᠢ ᠰᠡᠷᠭᠡᠶᠢᠯᠡᠬᠦ ᠡᠮ ᠤᠤᠭᠤᠪᠠᠯ ᠰᠠᠶᠢᠨ᠃       ᠵᠠᠭᠠᠳᠤᠨᠠᠬᠤ ᠠᠴᠠ ᠰᠡᠷᠭᠡᠶᠢᠯᠡᠬᠦ᠄ ᠨᠠᠰᠤᠲᠠᠶᠢᠴᠤᠳ ᠤᠨ ᠠᠷᠠᠰᠤ ᠳᠤᠷᠤᠶᠢᠲᠠᠬᠤ ᠴᠢᠨᠠᠷ ᠲᠠᠢ ᠠᠪᠴᠢᠨ᠂ ᠠᠷᠠᠰᠤᠨ ᠨᠦᠮᠵᠦᠭ ᠤᠨ ᠪᠤᠯᠴᠢᠷᠬᠠᠢ ᠶᠢᠨ ᠠᠵᠢᠯᠯᠠᠭ᠎ᠠ ᠳᠤᠷᠤᠶᠢᠲᠠᠬᠤ ᠠᠴᠠ ᠪᠤᠯᠵᠤ᠂ ᠬᠦᠢᠲᠡᠨ ᠬᠠᠭᠤᠷᠠᠢ ᠠᠭᠤᠷ ᠠᠮᠢᠰᠬᠤᠯ ᠳᠤᠬᠢᠶᠠᠯᠳᠤᠪᠠᠯ ᠠᠮᠠᠷᠬᠠᠨ ᠪᠡᠶ᠎ᠡ ᠵᠢᠷᠪᠢᠭᠢᠨᠡᠨ ᠵᠠᠭᠠᠳᠤᠨᠠᠳᠠᠭ᠃ ᠲᠤᠰ ᠡᠪᠡᠳᠴᠢᠨ ᠳᠤ ᠨᠡᠷᠪᠡᠭᠳᠦᠨ ᠦᠷᠭᠦᠯᠵᠢ ᠰᠦᠨᠢ ᠳᠤᠮᠳᠠ ᠬᠦᠨᠳᠦᠷᠡᠵᠦ᠂ ᠠᠮᠠᠷᠬᠠᠨ ᠤᠨᠲᠠᠭᠤᠯᠬᠤ ᠦᠭᠡᠢ ᠪᠠᠶᠢᠳᠠᠭ᠃ ᠡᠶᠢᠮᠦ ᠠᠴᠠ ᠡᠪᠦᠯ ᠤᠨ ᠬᠦᠢᠲᠡᠨ ᠳᠤ ᠨᠠᠰᠤᠲᠠᠶᠢᠴᠤᠳ ᠢᠳᠡᠵᠦ ᠤᠤᠭᠤᠬᠤ ᠪᠠᠨ ᠳᠤᠬᠢᠲᠠᠢ ᠵᠤᠬᠢᠴᠠᠭᠤᠯᠵᠤ᠂ ᠰᠢᠨ᠎ᠡ ᠰᠤᠷᠭᠤᠭ ᠨᠤᠭᠤᠭ᠎ᠠ ᠵᠢᠮᠢᠰ ᠪᠠ ᠪᠤᠷᠴᠠᠭ ᠤᠨ ᠢᠳᠡᠭᠡᠨ ᠢ ᠢᠯᠡᠭᠦᠬᠡᠨ ᠢᠳᠡᠵᠦ᠂ ᠯᠠᠵᠤᠤ᠂ ᠰᠠᠷᠢᠮᠰᠠᠭ ᠵᠡᠷᠭᠡ ᠰᠡᠳᠦᠯᠲᠡ ᠶᠡᠭᠡ ᠲᠠᠢ ᠢᠳᠡᠭᠡᠨ ᠢ ᠴᠡᠭᠡᠷᠯᠡᠬᠦ ᠬᠡᠷᠡᠭᠲᠡᠢ᠃ ᠪᠠᠰᠠ ᠵᠠᠭᠠᠲᠤᠨᠠᠬᠤ ᠶᠢ ᠵᠠᠰᠠᠬᠤ ᠦᠢᠯᠡᠳᠦᠯ ᠲᠠᠢ ᠡᠮ ᠬᠡᠷᠡᠭᠯᠡᠵᠦ ᠪᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ