ᠰᠥᠰᠥᠨ ᠤ ᠴᠢᠯᠠᠭᠤᠵᠢᠯ ᠢ ᠶᠠᠭᠠᠬᠢᠵᠤ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2021/12/3
     1. ᠳᠤᠭᠳᠠᠭᠰᠠᠨ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠠᠶᠢᠴᠠᠭᠠᠯᠳᠠ ᠬᠢᠵᠦ᠂ ᠰᠦᠰᠦᠨ ᠴᠢᠯᠠᠭᠤᠵᠢᠯ ᠲᠠᠢ ᠪᠤᠯᠤᠭᠰᠠᠨ ᠪᠠᠶᠢᠪᠠᠯ ᠳᠠᠷᠦ᠋ᠢᠬᠠᠨ ᠡᠮᠨᠡᠨ ᠵᠠᠰᠠᠨ᠎ᠠ᠃      2. ᠢᠳᠡᠭᠡᠨ ᠤᠮᠳᠠᠭᠠᠨ ᠢᠶᠠᠨ ᠠᠩᠬᠠᠷᠤᠨ᠎ᠠ᠃ ᠦᠭᠡᠬᠦ ᠳᠤᠰᠤ ᠶᠡᠬᠡᠳᠡᠢ᠂ ᠬᠠᠭᠠᠷᠢᠬᠰᠠᠨ ᠪᠠ ᠳᠤᠰᠤᠨ ᠳᠤ ᠪᠤᠴᠠᠯᠭᠠᠭᠰᠠᠨ᠂ ᠰᠢᠷᠠᠭᠰᠠᠨ ᠢᠳᠡᠭᠡᠨ ᠪᠠᠭ᠎ᠠ ᠢᠳᠡᠵᠦ᠂ ︽ᠭᠤᠷᠪᠠᠨ ᠡᠯᠪᠡᠭ︾ ᠢᠳᠡᠭᠡᠨ ᠪᠠᠭ᠎ᠠ ᠢᠳᠡᠨ᠎ᠠ᠃ ᠢᠳᠡᠭᠡᠨ ᠤ ᠵᠤᠬᠢᠴᠠᠭᠤᠯᠭ᠎ᠠ ᠶᠢ ᠠᠩᠬᠠᠷᠴᠤ᠂ ᠢᠳᠡᠰᠢᠨ ᠨᠤᠭᠤᠭ᠎ᠠ ᠵᠢᠮᠢᠰ ᠢᠯᠡᠭᠦᠦ ᠢᠳᠡᠨ᠎ᠠ᠃      3. ᠰᠡᠳᠭᠢᠯ ᠰᠠᠨᠠᠭ᠎ᠠ ᠪᠠᠨ ᠠᠭᠤᠵᠢᠭᠤ ᠪᠠᠶᠢᠯᠭᠠᠵᠤ᠂ ᠠᠭᠤᠷ ᠤᠴᠠᠭᠠᠷ ᠢᠶᠠᠨ ᠳᠠᠷᠤᠨ᠎ᠠ᠃ ᠭᠡᠷ ᠪᠦᠯᠢ ᠡᠪ ᠨᠠᠶᠢᠷ ᠲᠠᠢ᠂ ᠰᠡᠳᠭᠢᠯ ᠰᠠᠨᠠᠭ᠎ᠠ ᠠᠭᠤᠵᠢᠭᠤ ᠳᠠᠯᠪᠢᠭᠤ ᠪᠠᠶᠢᠬᠤ ᠨᠢ ᠴᠢᠬᠤᠯᠠ᠃      4. ᠤᠳᠠᠭᠠᠨ ᠰᠠᠭᠤᠬᠤ ᠠᠴᠠ ᠵᠠᠶᠢᠯᠠᠰᠬᠢᠵᠤ᠂ ᠦᠷᠭᠦᠯᠵᠢ ᠵᠤᠬᠢᠰᠳᠠᠢ ᠬᠦᠳᠡᠯᠭᠡᠭᠡᠨ ᠬᠢᠨ᠎ᠠ᠃ ᠭᠡᠳᠦ ᠳᠦᠷᠭᠡᠨ ᠢᠶᠠᠷ ᠮᠠᠷᠢᠶ᠎ᠡ ᠰᠢᠭᠤᠷᠠᠭᠤᠯᠬᠤ᠂ ᠡᠷᠳᠡ ᠶᠢᠨ ᠬᠤᠭᠤᠯᠠ ᠪᠠᠨ ᠬᠠᠰᠤᠵᠤ ᠮᠠᠷᠢᠶ᠎ᠠ ᠰᠢᠭᠤᠷᠠᠭᠤᠯᠬᠤ ᠨᠢ ᠪᠦᠷ ᠰᠦᠰᠦᠨ ᠴᠢᠯᠠᠭᠤᠵᠢᠯ ᠡᠭᠦᠰᠭᠡᠬᠦ ᠠᠶᠤᠯ ᠲᠠᠢ᠃      5. ᠴᠠᠭ ᠲᠠᠢ ᠬᠡᠮᠵᠢᠶ᠎ᠠ ᠲᠠᠢ ᠬᠤᠭᠤᠯᠠᠯᠠᠵᠤ᠂ ᠠᠷᠢᠭᠤᠨ ᠴᠡᠪᠡᠷ ᠢ ᠡᠷᠭᠢᠮᠯᠡᠨ᠎ᠠ᠃ ᠬᠤᠭᠤᠯᠠ ᠢᠳᠡᠬᠦ ᠠᠴᠠ ᠡᠮᠦᠨ᠎ᠠ ᠬᠤᠶᠢᠨ᠎ᠠ ᠭᠠᠷ ᠢᠶᠠᠨ ᠤᠭᠢᠶᠠᠵᠤ᠂ ᠵᠢᠮᠢᠰ ᠢ ᠤᠭᠢᠶᠠᠵᠤ ᠴᠡᠪᠡᠷᠯᠡᠭᠡᠳ ᠢᠳᠡᠬᠦ ᠨᠢ ᠭᠡᠳᠡᠰᠦᠨ ᠤ ᠰᠢᠮᠡᠭᠦᠷ ᠬᠤᠷᠤᠬᠠᠢ ᠪᠠ ᠦᠷᠪᠢᠰᠦᠯ ᠠᠴᠠ ᠪᠤᠯᠵᠤ ᠰᠦᠰᠦᠨ ᠤ ᠴᠢᠯᠠᠭᠤᠵᠢᠯ ᠡᠭᠦᠰᠬᠦ ᠶᠢ ᠰᠡᠷᠭᠡᠶᠢᠯᠡᠬᠦ ᠦᠢᠯᠡᠳᠦᠯ ᠲᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ