ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠴᠢᠳᠠᠪᠤᠷᠢᠲᠠᠨ ᠤ ᠬᠦᠮᠦᠷᠭᠡ ᠪᠠᠶᠢᠭᠤᠯᠤᠭᠳᠠᠭᠰᠠᠨ ᠵᠢᠴᠢ ᠲᠦᠷᠦᠭᠦᠦ ᠪᠦᠯᠦᠭ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠴᠢᠳᠠᠪᠤᠷᠢᠲᠠᠨ ᠤ ᠬᠦᠮᠦᠷᠭᠡ ᠶᠢᠨ ᠭᠡᠰᠢᠭᠦᠨ ᠡᠯᠰᠡᠬᠦ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2021/12/31
     ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠤᠲᠤᠭ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠪᠠ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠤᠯᠤᠰ ᠲᠦᠷᠦ ᠶᠢᠨ ᠵᠦᠪᠯᠡᠯᠭᠡᠨ ᠤ ᠤᠶᠤᠨᠴᠢ ᠪᠦᠯᠬᠦᠮ ᠪᠠ ᠴᠢᠳᠠᠪᠤᠷᠢᠲᠠᠨ ᠤ ᠬᠦᠮᠦᠷᠭᠡ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠳᠤ ᠭᠦᠴᠦᠨ ᠨᠡᠮᠡᠷᠢᠯᠡᠬᠦ ᠶᠢᠨ ᠲᠦᠯᠦᠭᠡ᠂ 12 ᠳ᠋ᠤᠭᠠᠷ ᠰᠠᠷ᠎ᠠ ᠶᠢᠨ 30 ᠤ ᠡᠳᠦᠷ᠂ ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠴᠢᠳᠠᠪᠤᠷᠢᠲᠠᠨ ᠤ ᠬᠦᠮᠦᠷᠭᠡ ᠪᠠᠶᠢᠭᠤᠯᠤᠭᠳᠠᠭᠰᠠᠨ ᠵᠢᠴᠢ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠴᠢᠳᠠᠪᠤᠷᠢᠲᠠᠨ ᠤ ᠬᠦᠮᠦᠷᠭᠡ ᠶᠢᠨ ᠭᠡᠰᠢᠭᠦᠨ ᠡᠯᠰᠡᠬᠦ ᠶᠤᠰᠤᠯᠠᠯ ᠶᠠᠪᠤᠭᠳᠠᠭᠤᠯᠪᠠ᠃ ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠢ ᠷᠦᠢ ᠡᠾᠩ᠂ ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠤᠤᠳᠬᠠᠨᠪᠠᠶᠠᠷ᠂ ᠤᠳᠤ ᠵᠢᠴᠢ ᠤᠳᠤ ᠲᠦᠷᠦ ᠶᠢᠨ ᠵᠦᠪᠯᠡᠯᠭᠡᠨ ᠤ ᠤᠲᠤᠭ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠴᠢᠳᠠᠪᠤᠷᠢᠲᠠᠨ ᠤ ᠬᠦᠮᠦᠷᠭᠡ ᠶᠢᠨ ᠳᠤᠰᠬᠠᠢ ᠮᠡᠷᠭᠡᠵᠢᠯᠲᠠᠨ᠂ ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠤᠯᠠᠭᠠᠨᠪᠠᠯᠭᠠᠰᠤᠨ ᠳᠠᠬᠢ ᠭᠡᠰᠡᠭ ᠭᠡᠰᠢᠭᠦᠨ᠂ ᠤᠲᠤᠭ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠴᠠ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠭ᠎ᠠ ᠳᠤ ᠲᠤᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠤᠲᠤᠭ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠭ᠎ᠠ ᠶᠢᠨ ᠪᠦᠬᠦ ᠭᠡᠰᠢᠭᠦᠳ ᠬᠤᠷᠠᠯ ᠳᠤ ᠤᠷᠤᠯᠴᠠᠪᠠ᠃
ᠢᠷᠡᠯᠲᠡ᠄ ᠤᠲᠤᠭ ᠨᠡᠶᠢᠲᠡᠯᠡᠯ