ᠴᠢ ᠫᠠᠨ ᠵᠢᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤᠷᠤᠭᠰᠢᠲᠠᠶ ᠶᠠᠪᠤᠭᠳᠠᠪᠠ
ᠨᠡᠶᠢᠲᠡᠯᠡᠭᠰᠡᠨ ᠴᠠᠭ᠄
2021/12/7
     12 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠣᠲᠤᠭ ᠬᠤᠰᠢᠭᠤᠨ ᠤ ᠴᠢ ᠫᠠᠨ ᠵᠢᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤᠷᠤᠭᠰᠢᠲᠠᠶ ᠶᠠᠪᠤᠭᠳᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠷᠦᠢ ᠮᠢᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠤᠨ ᠲᠥᠪ ᠤᠨ ᠺᠠᠳ᠋ᠷ ᠸᠠᠩ ᡁᠢ ᠵᠥᠩ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠢᠨᠠᠨ ᠰᠢᠯᠭᠠᠬᠤ ᠠᠯᠪᠠᠨ ᠬᠡᠷ ᠤᠨ ᠡᠷᠬᠢᠯᠡᠭᠴᠢ ᠯᠦ ᠭᠦᠸᠧ ᠹᠧᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠪᠠ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠦᠸᠧ ᠫᠧᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠤ᠂ ᠪᠥᠬᠦ ᠪᠠᠯᠭᠠᠰᠤᠨ ᠤ 70 ᠠᠷᠠᠳ ᠤᠨ ᠲᠥᠯᠥᠭᠡᠯᠡᠭᠴᠢ ᠪᠠ 125 ᠰᠤᠯᠠ ᠣᠷᠣᠯᠴᠠᠭᠰᠠᠨ ᠬᠥᠮᠦᠰ ᠬᠤᠷᠠᠯ ᠳᠤ ᠣᠷᠣᠯᠴᠠᠪᠠ᠃      ᠬᠤᠷᠠᠯ ᠠᠴᠠ ᠨᠢᠭᠤᠴᠠ ᠰᠣᠩᠭᠤᠭᠤᠯᠢ ᠶᠢᠨ ᠠᠷᠭ᠎ᠠ ᠪᠠᠷ ᠴᠢ ᠫᠠᠨ ᠵᠢᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ 1᠂ ᠲᠤᠰᠬᠠᠶ ᠲᠤᠰᠢᠶᠠᠯᠲᠤ ᠳᠡᠳ᠋ ᠲᠡᠷᠢᠭᠦᠯᠡᠭᠴᠢ 1᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ 1᠂ ᠳᠡᠳ᠋ ᠪᠠᠯᠭᠠᠰᠤᠨ ᠳᠠᠷᠤᠭ᠎ᠠ 3 ᠬᠥᠮᠦᠨ ᠢ ᠰᠣᠩᠭᠤᠨ ᠭᠠᠷᠭᠠᠵᠠᠶ᠃ ᠴᠢ ᠫᠠᠨ ᠵᠢᠩ ᠪᠠᠯᠭᠠᠰᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠴᠢ ᠫᠠᠨ ᠵᠢᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠴᠢ ᠫᠠᠨ ᠵᠢᠩ ᠪᠠᠯᠭᠠᠰᠤᠨ ᠤ 2021 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠰᠢᠢᠳᠪᠦᠷᠢ ᠶᠢ ᠪᠠᠲᠤᠯᠠᠪᠠ᠃      ᠰᠢᠨ᠎ᠡ ᠪᠠᠷ ᠰᠣᠩᠭᠤᠭᠳᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠡᠷᠳᠡᠨᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠥᠪᠯᠡᠬᠦ ᠵᠦᠶᠯ ᠤᠳ ᠢ ᠲᠡᠭᠦᠰ ᠠᠮᠵᠢᠯᠲᠠ ᠲᠠᠢ ᠳᠠᠭᠤᠰᠬᠠᠭᠰᠠᠨ ᠤ ᠳᠠᠷᠠᠭ᠎ᠠ᠂ ᠸᠠᠩ ᠹᠧᠨ ᠯᠢᠨ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠢ ᠲᠥᠯᠥᠭᠡᠯᠡᠨ ᠶᠡᠭᠡ ᠬᠤᠷᠠᠯ ᠤᠨ ᠠᠮᠵᠢᠯᠲᠠ ᠲᠠᠢ ᠶᠠᠪᠤᠭᠳᠠᠭᠰᠠᠨ ᠳᠤ ᠪᠠᠶᠠᠷ ᠬᠦᠷᠭᠡᠵᠦ᠂ ᠪᠥᠬᠦ ᠲᠥᠯᠥᠭᠡᠯᠡᠭᠴᠢᠳ ᠵᠢᠴᠢ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠳᠤ ᠰᠢᠷᠭᠠᠭᠤ ᠬᠥᠳᠡᠯᠮᠦᠷᠢ ᠵᠠᠷᠤᠴᠠᠭᠤᠯᠤᠭᠰᠠᠨ ᠪᠥᠬᠦ ᠠᠵᠢᠯᠲᠠᠳ ᠲᠤ ᠲᠠᠯᠠᠷᠬᠠᠯ ᠢᠶᠠᠨ ᠳᠡᠪᠰᠢᠭᠦᠯᠪᠡ᠃      ᠸᠠᠩ ᠹᠧᠨ ᠯᠢᠨ᠂ ᠴᠢ ᠫᠠᠨ ᠵᠢᠩ ᠪᠠᠯᠭᠠᠰᠤ ᠶᠠᠭ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠢᠨ᠎ᠡ ᠠᠶᠠᠨ ᠵᠠᠮ ᠢᠶᠠᠷ ᠵᠠᠮᠨᠠᠵᠤ ᠪᠣᠶ᠂ ᠪᠥᠬᠦ ᠪᠠᠯᠭᠠᠰᠤ ᠪᠠᠷ ᠢᠶᠠᠨ ᠴᠠᠭ ᠦᠶ᠎ᠡ ᠠᠴᠠ ᠣᠯᠭᠤᠭᠰᠠᠨ ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠴᠢᠷᠮᠠᠶᠢᠬᠤ ᠬᠡᠷᠡᠭᠲᠡᠶ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠦᠵᠡᠯ ᠰᠠᠨᠠᠭ᠎ᠠ ᠪᠠᠨ ᠨᠢᠭᠡᠳᠬᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠭᠡᠷᠡᠯᠲᠦ ᠴᠠᠮᠬᠠᠭ ᠪᠣᠯᠭᠠᠵᠤ᠂ ᠤᠯᠤᠰ ᠲᠥᠷᠥ ᠶᠢᠨ ᠲᠠᠯ᠎ᠠ ᠪᠠᠷ ᠬᠤᠷᠴᠠ ᠰᠡᠷᠭᠡᠭ ᠡᠷᠡᠰ ᠪᠠᠲᠤ᠂ ᠦᠶᠯᠡ ᠠᠵᠢᠯᠯᠠᠭ᠎ᠠ ᠶᠢᠨ ᠲᠠᠯ᠎ᠠ ᠪᠠᠷ ᠡᠷᠡᠰ ᠬᠦᠴᠦᠲᠡᠶ ᠪᠠᠶᠢᠵᠤ᠂ ᠳᠡᠭᠡᠳᠦ ᠱᠠᠲᠤᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢ ᠫᠠᠨ ᠵᠢᠩ ᠪᠠᠯᠭᠠᠰᠤᠨ ᠳᠤ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠪᠠᠯᠭᠠᠰᠤᠨ ᠤ ᠡᠯ᠎ᠡ ᠵᠦᠶᠯ ᠤᠨ ᠠᠵᠢᠯ ᠦᠶᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠᠷ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠪᠠᠯᠭᠠᠰᠤ ᠶᠢ ᠪᠥᠲᠥᠭᠡᠨ ᠪᠠᠶᠢᠭᠤᠯᠬᠤ ᠪᠠᠷ ᠶᠡᠷᠦᠩᠬᠡᠶ ᠬᠠᠷᠠᠯᠲᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠰᠢᠪᠲᠤᠯᠤᠯᠲᠠ ᠭᠠᠷᠭᠠᠵᠤ᠂ ᠴᠢ ᠫᠠᠨ ᠵᠢᠩ ᠪᠠᠯᠭᠠᠰᠤᠨ ᠤ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡ ᠭᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠲᠥᠯᠥᠭᠡ ᠭᠡᠬᠦ ᠴᠢᠩ ᠦᠨᠡᠨᠴᠢ ᠰᠡᠳᠬᠢᠯ ᠢᠶᠠᠨ ᠡᠭᠦᠷᠢᠳᠡ ᠪᠠᠲᠤᠯᠠᠵᠤ᠂ ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠷ ᠰᠢᠨ᠎ᠡ ᠠᠮᠢᠳᠤᠷᠠᠯ ᠰᠢᠨ᠎ᠡ ᠲᠡᠮᠡᠴᠡᠯ ᠤᠨ ᠭᠠᠷᠤᠭ᠎ᠠ ᠪᠠᠨ ᠪᠣᠯᠭᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃      ᠠᠤᠭ᠎ᠠ ᠵᠢᠷᠤᠭ ᠲᠥᠰᠦᠪ ᠬᠥᠮᠦᠰ ᠢ ᠵᠣᠷᠢᠭᠵᠢᠭᠤᠯᠵᠤ᠂ ᠰᠦᠷ ᠳᠠᠯᠠᠶᠢᠴᠠᠲᠠᠢ ᠠᠯᠤᠰ ᠤᠨ ᠲᠥᠯᠥᠪ ᠪᠢᠳᠠᠨ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ ᠴᠢ ᠫᠠᠨ ᠵᠢᠩ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠪᠠᠲᠤ ᠴᠢᠩᠭ᠎ᠠ ᠤᠳᠤᠷᠢᠳᠤᠯᠭ᠎ᠠ ᠪᠠᠷ᠂ ᠰᠢᠨ᠎ᠡ ᠪᠠᠶᠢᠳᠠᠯ ᠳᠤ ᠰᠠᠭᠤᠷᠢᠯᠠᠨ᠂ ᠰᠢᠨ᠎ᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠡᠯ᠎ᠡ ᠵᠦᠶᠯ ᠤᠨ ᠡᠭᠦᠷᠭᠡ ᠶᠢ ᠪᠥᠬᠦ ᠲᠠᠯ᠎ᠠ ᠪᠠᠷ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠢ ᠴᠢᠷᠮᠠᠶᠢᠨ ᠪᠠᠶᠢᠭᠤᠯᠵᠤ᠂ ᠬᠥᠭᠡᠷᠦᠬᠦᠨ ᠣᠲᠤᠭ ᠢᠶᠠᠨ ᠪᠥᠲᠥᠭᠡᠨ ᠪᠠᠶᠢᠭᠤᠯᠬᠤ︾ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃      ᠬᠤᠷᠠᠯ ᠳᠡᠭᠡᠷ᠎ᠡ᠂ ᠬᠤᠰᠢᠭᠤ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠣᠯᠪᠠᠰᠤᠷᠠᠯ ᠤᠨ ᠠᠩᠭᠢ ᠶᠢ ᠪᠠᠲᠤ ᠴᠣᠭᠴᠠᠯᠠᠪᠠ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃
ᠢᠷᠡᠯᠲᠡ᠄ ᠣᠲᠤᠭ ᠬᠤᠰᠢᠭᠤᠨ ᠤ ᠴᠢ ᠫᠠᠨ ᠵᠢᠩ ᠪᠠᠯᠭᠠᠰᠤ