2021 ᠣᠨ ᠤ 3 ᠳ᠋ᠤᠭᠠᠷ ᠰᠠᠷ᠎ᠠ ᠶᠢᠨ 11 ᠤ ᠡᠳᠣᠷ ᠤᠨ ᠣᠳᠤᠭ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯᠳᠣᠭᠠᠨ ᠲᠡᠭᠡᠷ᠎ᠡ
ᠨᠡᠶᠢᠲᠡᠯᠡᠭᠰᠡᠨ ᠴᠠᠭ᠄
2021/3/11
ᠬᠤᠰᠢᠭᠤᠨ ᠤ ᠠᠷᠪᠡᠨ ᠳᠣᠯᠣᠳᠤᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠡᠯᠳᠣᠭᠠᠨ ᠤ ᠪᠢᠴᠢᠭ ᠮᠡᠲ᠋ᠧᠷᠢᠶᠡᠯ ︵ᠠᠷᠪᠠᠨ ᠬᠤᠶᠠᠷ︶                  ᠵᠠᠰᠠᠭ    ᠤᠨ   ᠣᠷᠳᠣᠨ   ᠤ   ᠠᠵᠢᠯ    ᠤᠨ     ᠢᠯᠡᠳᠬᠡᠯ            — 2021 ᠣᠨ ᠤ 3 ᠳ᠋ᠤᠭᠠᠷ ᠰᠠᠷ᠎ᠠ ᠶᠢᠨ 11 ᠤ ᠡᠳᠣᠷ ᠤᠨ ᠣᠳᠤᠭ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭ᠎ᠠ ᠶᠢᠨ ᠬᠤᠷᠠᠯᠳᠣᠭᠠᠨ ᠲᠡᠭᠡᠷ᠎ᠡ                                     ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ      ᠸᠠᠩ ᠭᠦᠸᠧ ᠴᠢᠤᠸᠠᠨᠲᠥᠯᠦᠭᠡᠯᠡᠭᠴᠢᠳ ᠡ᠄      ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠦ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠤᠯᠪᠠᠤ᠃      ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ      2020 ᠣᠨ ᠪᠣᠯ ᠣᠯᠠᠨ ᠠᠷᠪᠢᠨ ᠥᠷᠢᠰᠦᠯᠳᠦᠭᠡᠨ ᠳᠤ ᠲᠤᠯᠭᠠᠷᠠᠭᠰᠠᠨ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠲᠦᠪᠡᠭ ᠪᠣᠳᠤᠯᠢᠶᠠᠨᠲᠠᠢ ᠬᠤᠪᠢᠷᠠᠯᠲᠠ ᠶᠡᠬᠡᠲᠡᠢ ᠠᠵᠦ ᠠᠬᠤᠢ ᠶᠢᠨ ᠪᠠᠶᠢᠳᠠᠯ ᠪᠠ ᠲᠦᠭᠰᠢᠭᠦᠷᠢ ᠵᠥᠷᠢᠴᠡᠯ ᠮᠥᠷᠭᠦᠯᠳᠦᠭᠡᠨ ᠰᠣᠯᠪᠢᠴᠠᠭᠰᠠᠨ ᠬᠠᠲᠠᠭᠤ ᠴᠢᠩᠭ᠎ᠠ ᠰᠢᠯᠭᠠᠯᠲᠠ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠬᠦᠨᠳᠦ ᠨᠣᠴᠢᠲᠠᠢ ᠳᠠᠭᠠᠷᠢᠯᠲᠠ ᠶᠢᠨ ᠡᠮᠦᠨ᠎ᠡ᠂ ᠪᠢᠳᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠪᠠᠷ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠠᠷᠠᠳ ᠣᠯᠠᠨ ᠢ ᠪᠦᠯᠬᠦᠮᠳᠡᠭᠦᠯᠵᠦ ᠨᠢᠭᠲᠠᠷᠠᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ  ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠢ ᠢᠯᠠᠠ ᠳᠠᠪᠠᠵᠦ᠂ ᠠᠵᠦ ᠠᠬᠤᠢ ᠤᠷᠤᠭᠤᠳᠠᠵᠤ ᠪᠠᠶᠢᠭ᠎ᠠ ᠳᠠᠷᠤᠭᠠᠰᠤ ᠶᠢ ᠯᠠᠪᠳᠠᠭᠤᠨ ᠠᠷᠭᠠᠴᠠᠭᠠᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠨ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠠᠳ ᠪᠦᠬᠦ ᠬᠤᠰᠢᠭᠤᠨ ᠤ ᠠᠵᠦ ᠠᠬᠤᠢ ᠦᠷᠭᠦᠯᠵᠢᠯᠡᠨ ᠲᠣᠭᠲᠠᠭᠤᠨ ᠢᠶᠠᠷ ᠠᠬᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 373.04 ᠳ᠋ᠦᠩᠰᠢᠭᠤᠷ ᠲᠥᠭᠦᠷᠢᠭ ᠪᠡᠶᠡᠯᠡᠭᠦᠯᠦᠨ᠂ 3.6% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 5% ᠪᠠᠷ ᠨᠡᠮᠡᠭᠳᠡᠵᠦ᠂ ᠪᠦᠬᠦ ᠬᠤᠲᠠ ᠳᠤ ᠬᠠᠮᠤᠭ ᠤᠷᠢᠳᠠᠪᠠᠷ ᠰᠥᠷᠭᠡᠬᠦ ᠪᠠᠶᠢᠭᠰᠠᠨ ᠢ ᠡᠶᠡᠷᠭᠦ ᠪᠣᠯᠭᠠᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 28.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.3% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ 6.4% ᠪᠠᠷ ᠨᠡᠮᠡᠭᠳᠡᠵᠦ᠂ ᠪᠦᠬᠦ ᠬᠤᠲᠠ ᠳᠤ ᠲᠡᠷᠢᠭᠦᠯᠡᠪᠡ︔ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠪᠦᠬᠦ ᠬᠤᠲᠠ ᠶᠢᠨ ᠳᠤᠮᠳᠡ ᠵᠡᠷᠭᠡ ᠶᠢᠨ ᠨᠡᠮᠡᠭᠳᠡᠯ ᠤᠨ ᠲᠦᠪᠰᠢᠨ ᠳᠤ ᠬᠦᠷᠪᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠳᠣᠳᠥᠮ ᠤᠨ ᠡᠵᠡᠮᠳᠡᠵᠦ ᠪᠣᠯᠬᠤ ᠣᠷᠣᠯᠭ᠎ᠠ ᠲᠤᠰ ᠲᠤᠰ 49594 ᠲᠥᠭᠦᠷᠢᠭ ᠪᠠ 21933 ᠲᠥᠭᠦᠷᠢᠭ ᠬᠦᠷᠴᠦ᠂ 1.2% ᠪᠠ 8.3% ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠠ ᠭᠤᠣᠯᠳᠠᠭᠤ ᠳᠣᠣᠷᠠᠬᠢ ᠠᠵᠢᠯ ᠤᠳ ᠢ ᠬᠢᠪᠡ᠃      ︵ᠨᠢᠭᠡ︶ ᠣᠯᠠᠨ ᠢᠶᠠᠷ ᠢᠶᠠᠨ ᠬᠦᠴᠦ ᠨᠢᠭᠲᠠᠷᠠᠵᠤ᠂ ᠬᠢᠵᠢᠭ ᠤᠨ ᠪᠠᠶᠢᠳᠠᠯ ᠢ ᠡᠮᠬᠢ ᠳᠢᠭᠯᠢᠮ ᠲᠠᠢ ᠴᠢᠩᠭ᠎ᠠ ᠰᠡᠷᠭᠡᠶᠢᠯᠡᠨ ᠡᠵᠡᠮᠳᠡᠪᠡ᠃ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠷᠤᠶᠢᠬᠠᠨ ᠥᠷᠨᠢᠭᠦᠯᠦᠨ᠂ ᠪᠦᠬᠦ ᠬᠤᠰᠢᠭᠤᠨ ᠤ ᠥᠷᠭᠡᠨ ᠣᠯᠠᠨ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠠᠮ ᠤᠨ ᠭᠡᠰᠢᠭᠦᠨ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠶᠢᠨ ᠳᠤᠷᠠᠴᠤᠳ ᠬᠦᠴᠢᠷ ᠢ ᠰᠥᠷᠦᠨ ᠤᠷᠤᠭᠰᠢᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠬᠦᠴᠦᠲᠡᠢ ᠳᠡᠮᠵᠢᠵᠦ᠂ ᠣᠯᠠᠨ ᠲᠦᠮᠡᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠪᠡ᠃ ᠨᠡᠶᠢᠭᠡᠮ ᠳᠠᠶᠠᠭᠠᠷ ᠢᠶᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠣᠯᠠᠨ ᠢᠶᠠᠷ ᠢᠶᠠᠨ ᠰᠡᠷᠭᠡᠶᠢᠯᠡᠵᠦ ᠡᠵᠡᠮᠳᠡᠬᠦ ᠠᠵᠢᠯ ᠢ ᠴᠢᠩᠭᠠᠳᠬᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠲᠡᠨ ᠤ ᠭᠡᠷ ᠢ ᠴᠠᠭ ᠳᠠᠷᠤᠢ  ᠳᠤᠨᠢ ᠥᠭᠡᠷᠡᠴᠢᠯᠡᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠬᠤᠰᠢᠭᠤᠨ ᠤ ᠬᠤᠶᠠᠳᠤᠭᠠᠷ ᠲᠡᠰ ᠠᠴᠠ ᠳᠡᠭᠡᠭᠰᠢᠬᠢ ᠡᠮᠨᠡᠯᠭᠡ ᠶᠢᠨ ᠪᠠᠶᠢᠭᠤᠯᠤᠮᠵᠢ ᠪᠠ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠢ ᠪᠥᠭᠡᠮ ᠬᠦᠴᠢᠯ ᠤᠨ ᠪᠠᠶᠢᠴᠠᠭᠠᠯᠲᠠ ᠬᠢᠵᠦ ᠳᠡᠶᠢᠯᠬᠦ ᠪᠣᠯᠭᠠᠨ᠂ ᠨᠡᠶᠢᠲᠡ 120 ᠲᠦᠮᠡ ᠬᠦᠮᠥᠨ ᠢ ᠤᠷᠢᠳᠴᠢᠯᠠᠨ ᠪᠠᠶᠢᠴᠠᠭᠠᠵᠤ ᠬᠤᠪᠢᠶᠠᠨ ᠡᠮᠨᠡᠵᠦ᠂ 7389 ᠬᠦᠮᠥᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠦᠷᠢᠯᠳᠦᠭᠦᠯᠪᠡ᠃      ︵ᠬᠤᠶᠠᠷ︶ ᠮᠥᠨ ᠭᠠᠵᠠᠷ ᠲᠤ ᠬᠦᠴᠦᠯᠡᠵᠦ᠂ ᠠᠵᠦ ᠠᠬᠤᠢ ᠶᠢᠨ ᠬᠥᠳᠡᠯᠭᠡᠭᠴᠢ ᠬᠦᠴᠦᠨ ᠢ ᠦᠷᠭᠦᠯᠵᠢᠯᠡᠨ ᠴᠢᠩᠭᠠᠷᠠᠭᠤᠯᠪᠠ᠃ ᠦᠢᠯᠡᠳᠪᠦᠷᠢᠯᠡᠯ ᠢ ᠰᠡᠷᠭᠦᠭᠡᠵᠦ ᠠᠵᠢᠯ ᠢᠶᠠᠨ ᠡᠬᠢᠯᠡᠭᠦᠯᠦᠨ ᠵᠠᠬ᠎ᠠ ᠳᠡᠯᠭᠡᠭᠦᠷ ᠢ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠭᠤᠣᠯᠳᠠᠯᠭᠠᠲᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ ᠬᠠᠮᠲᠤᠷᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠴᠠᠭ ᠲᠤᠨᠢ ᠲᠠᠭᠠᠷᠠᠭᠤᠯᠵᠤ ᠲᠣᠬᠢᠷᠠᠭᠤᠯᠤᠯᠲᠠ ᠬᠢᠬᠦ ᠪᠠ ᠱᠠᠯᠠᠪᠳᠠᠭᠤᠯᠤᠨ ᠬᠢᠯᠭᠡᠵᠦ ᠦᠷ᠎ᠡ ᠪᠦᠲᠦᠮᠵᠢ ᠶᠢ ᠠᠰᠠᠭᠤᠬᠤ ᠠᠵᠢᠯ ᠢ ᠴᠢᠩᠭᠠᠳᠬᠠᠵᠤ᠂ ᠬᠠᠮᠲᠤᠷᠠᠭᠰᠠᠨ ᠬᠤᠷᠠᠯ ᠢ 13 ᠤᠳᠠᠭ᠎ᠠ ᠬᠤᠷᠠᠯᠳᠤᠭᠤᠯᠤᠨ᠂ 25 ᠵᠠᠩᠭᠢᠯᠠᠭ᠎ᠠ ᠶᠢᠨ ᠴᠢᠬᠤᠯᠠ ᠭᠠᠷᠳᠠᠮ ᠢ ᠭᠦᠢᠴᠡᠳᠬᠡᠵᠦ᠂ ᠬᠤᠲᠠ ᠶᠢᠨ ᠲᠡᠰ ᠠᠴᠠ ᠲᠣᠬᠢᠷᠠᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 18 ᠲᠥᠷᠥᠯ ᠵᠦᠢᠯ ᠢ ᠪᠦᠬᠦᠨ ᠢ ᠡᠬᠢᠯᠡᠭᠦᠯᠦᠨ᠂ 43.9 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠵᠢᠶᠠᠨ ᠶᠤᠸᠠᠨ ᠤ 26 ᠲᠦᠮᠡᠨ ᠲᠣᠨ ᠡᠲ᠋ᠠ ᠬᠤᠶᠠᠷᠴᠢ ᠠᠯᠺᠦᠦᠯ᠂ ᠮᠸᠡᠭ ᠰᠢ ᠠᠭᠤᠷᠬᠠᠢ ᠶᠢᠨ ᠦᠢᠯᠡᠰ ᠤᠨ 100 ᠲᠦᠮᠡᠨ ᠲᠣᠨ ᠬᠠᠲᠠᠭᠤᠷᠠᠭᠤᠯᠤᠭᠰᠠᠨ ᠬᠡᠦᠷᠡᠰᠦ ᠵᠡᠷᠭᠡ 6 ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠠᠵᠦ ᠦᠢᠯᠡᠳᠪᠦᠷᠢ ᠶᠢᠨ ᠬᠦᠷᠢᠶᠡᠯᠡᠩ ᠲᠣᠭᠤᠷᠢᠭ 783.4 ᠳ᠋ᠦᠩᠰᠢᠭᠤᠷ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠪᠡᠶᠡᠯᠡᠭᠦᠯᠪᠡ᠃ ᠠᠵᠦ ᠠᠬᠤᠶᠢᠯᠠᠯ ᠢ ᠬᠠᠷᠠᠭᠠᠯᠵᠠᠵᠤ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 1200 ᠲᠦᠮᠡᠨ ᠲᠥᠭᠦᠷᠢᠭ ᠤᠨ ᠠᠵᠦ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ ᠪᠠᠭᠤᠯᠭᠠᠨ᠂ 670 ᠲᠦᠮᠡᠨ ᠲᠥᠭᠦᠷᠢᠭ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠪᠡᠯᠡ ᠮᠥᠩᠭᠦ ᠬᠤᠪᠢᠶᠠᠵᠤ᠂ 16.6 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠨ᠂ 600 ᠲᠦᠮᠡᠨ ᠲᠥᠭᠦᠷᠢᠭ ᠤᠨ ᠠᠷᠠᠳ ᠢ ᠬᠠᠷᠠᠭᠠᠯᠵᠠᠬᠤ ᠬᠡᠷᠡᠭᠯᠡᠭᠡᠨ ᠤ ᠲᠡᠮᠳᠡᠭᠲᠦ ᠲᠠᠷᠬᠠᠭᠠᠪᠠ᠃ ᠪᠦᠬᠦ ᠵᠢᠯ ᠳᠤ ᠬᠤᠲᠠ ᠶᠢᠨ ᠡᠳ᠋ ᠤᠨ ᠵᠠᠰᠠᠭ ᠠᠴᠠ ᠰᠢᠭᠤᠳ ᠪᠠᠭᠤᠯᠭᠠᠭᠰᠠᠨ 3.1 ᠳ᠋ᠦᠩᠰᠢᠭᠤᠷ ᠲᠥᠭᠦᠷᠢᠭ ᠤᠨ ᠬᠢᠵᠢᠭ ᠢ ᠰᠡᠷᠭᠡᠶᠢᠯᠡᠬᠦ ᠪᠡᠯᠡ ᠮᠥᠩᠭᠦ ᠶᠢ ᠴᠢᠷᠮᠠᠶᠢᠨ ᠣᠯᠪᠠ᠃      ︵ᠭᠤᠷᠪᠠ︶ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯ ᠳᠤ ᠢᠯᠡᠷᠬᠡᠢ ᠦᠷ᠎ᠡ ᠪᠦᠲᠦᠮᠵᠢ ᠭᠠᠷᠭᠠᠪᠠ᠃ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠣᠯᠪᠠ᠃ ᠠᠵᠦ ᠦᠢᠯᠡᠰ ᠢᠶᠠᠷ ᠶᠠᠳᠠᠭᠤ ᠶᠢ ᠲᠡᠳᠬᠦᠬᠦ 57 ᠲᠥᠷᠥᠯ ᠵᠦᠢᠯ ᠢ ᠬᠡᠷᠡᠭᠵᠢᠭᠦᠯᠵᠦ᠂ 8400 ᠲᠦᠮᠡᠨ ᠲᠥᠭᠦᠷᠢᠭ ᠤᠨ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠣᠷᠣᠭᠤᠯᠤᠨ᠂ ᠳᠠᠩᠰᠠᠯᠠᠵᠤ ᠺᠠᠷᠲᠯᠠᠭᠰᠠᠨ ᠶᠠᠳᠠᠭᠤ ᠡᠷᠦᠬᠡ ᠶᠢᠨ ᠬᠦᠮᠥᠨ ᠳᠣᠳᠥᠮ ᠤᠨ ᠵᠢᠯ ᠤᠨ ᠴᠡᠪᠡᠷ ᠣᠷᠣᠯᠭ᠎ᠠ 2 ᠲᠦᠮᠡᠨ ᠲᠥᠭᠦᠷᠢᠭ ᠢ ᠳᠠᠪᠠᠪᠠ᠃ ︽ᠬᠤᠶᠠᠷ ᠲᠤ ᠥᠯᠥ ᠵᠣᠪᠠᠭ᠋ᠤ᠂ ᠭᠤᠷᠪᠠ ᠶᠢ ᠪᠠᠲᠤᠯᠠᠬᠤ︾ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠰᠢᠯᠭᠠᠨ ᠬᠤᠷᠢᠶᠠᠯᠲᠠ ᠶᠢ ᠥᠨᠳᠥᠷ ᠪᠠᠷᠢᠮᠵᠢᠶ᠎ᠠ ᠪᠠᠷ ᠥᠩᠭᠡᠷᠡᠭᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠲᠦᠮᠵᠢᠲᠡᠢ ᠰᠠᠶᠢᠨ ᠬᠢᠵᠦ᠂ ᠠᠮᠢ ᠠᠬᠤᠢ ᠣᠷᠴᠢᠨ ᠲᠣᠭᠤᠷᠢᠨ ᠢ ᠵᠠᠰᠠᠬᠤ 509 ᠡᠭᠦᠷᠭᠡ ᠶᠢ ᠬᠡᠷᠡᠭᠵᠢᠭᠦᠯᠦᠨ᠂ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ 24 ᠨᠡᠮᠡᠭᠳᠡᠭᠦᠯᠵᠦ᠂ ᠠᠭᠤᠷᠬᠠᠢ ᠶᠢ ᠲᠥᠪᠯᠡᠷᠡᠭᠦᠯᠦᠨ ᠵᠠᠰᠠᠬᠤ᠂ ᠪᠢᠲᠡᠭᠦᠮᠵᠢᠯᠡᠨ ᠲᠡᠭᠡᠭᠡᠪᠦᠷᠢᠯᠡᠬᠦ᠂ ᠬᠤᠳᠳᠤᠭ ᠳᠣᠣᠷ᠎ᠠ ᠨᠡᠭᠦᠷᠡᠰᠦᠨ ᠴᠢᠯᠠᠭᠤ ᠪᠤᠯᠠᠬᠤ ᠵᠡᠷᠭᠡ ᠵᠠᠰᠠᠯᠲᠠ ᠬᠢᠬᠦ ᠨᠡᠶᠢᠲᠡᠯᠢᠭ ᠵᠢᠱᠢᠶ᠎ᠡ ᠶᠢ ᠪᠦᠬᠦ ᠣᠷᠣᠨ ᠳᠤ ᠳᠡᠯᠭᠡᠷᠡᠭᠦᠯᠪᠡ᠃ ᠴᠢ ᠫᠠᠠ ᠵᠢᠩ ᠪᠣᠯᠣᠨ ᠮᠸᠡᠭ ᠰᠢ ᠶᠢᠨ ᠠᠭᠠᠷ ᠮᠠᠨᠳᠠᠯ ᠤᠨ ᠴᠡᠪᠡᠷᠴᠡ ᠶᠢᠨ ᠨᠣᠷᠮ᠎ᠠ ᠲᠤᠰ ᠲᠤᠰ 83.6% ᠪᠠ 84% ᠬᠦᠷᠴᠦ᠂ ᠪᠦᠷ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 70% ᠪᠠ 80% ᠶᠢᠨ ᠬᠠᠷᠠᠯᠲᠠ ᠠᠴᠠ ᠳᠠᠪᠠᠪᠠ᠃ ᠥᠷᠢ ᠶᠢᠨ ᠲᠦᠭᠰᠢᠭᠦᠷᠢ ᠶᠢ ᠰᠡᠷᠭᠡᠶᠢᠯᠡᠵᠦ᠂ 4.47 ᠳ᠋ᠦᠩᠰᠢᠭᠤᠷ ᠲᠥᠭᠦᠷᠢᠭ ᠤᠨ ᠪᠦᠬᠦ ᠰᠢᠰᠲ᠋ᠧᠮ ᠤᠨ ᠥᠷᠢ ᠶᠢ ᠢᠯᠭᠠᠷᠠᠭᠤᠯᠤᠨ᠂ ᠣᠨ ᠤ ᠡᠭᠦᠷᠭᠡ ᠶᠢᠨ 145% ᠶᠢ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠰᠠᠨᠠᠯ ᠵᠥᠷᠢᠯᠳᠦᠭᠡᠨ ᠦᠭᠡᠢ ᠥᠷᠢ ᠶᠢ ᠪᠦᠬᠦᠨ ᠢ ᠲᠥᠯᠥᠵᠦ᠂ ᠪᠤᠴᠠᠭᠠᠵᠤ ᠳᠡᠶᠢᠯᠬᠦ ᠦᠭᠡᠢ ᠵᠢᠭᠡᠯᠡᠯᠭᠡ ᠶᠢᠨ ᠦᠯᠡᠳᠡᠪᠦᠷᠢ ᠪᠠ ᠪᠤᠴᠠᠭᠠᠵᠤ ᠳᠡᠶᠢᠯᠬᠦ ᠦᠭᠡᠢ ᠵᠢᠭᠡᠯᠡᠯᠭᠡ ᠶᠢᠨ ᠨᠣᠷᠮ᠎ᠠ ᠶᠢ ᠪᠠᠭᠤᠷᠠᠭᠤᠯᠪᠠ᠃      ︵ᠳᠥᠷᠪᠡ︶ ᠳᠠᠪᠠᠭᠤᠯᠢᠭ ᠲᠠᠭᠠᠨ ᠰᠠᠭᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠠᠬᠢᠭᠤᠯᠪᠠ᠃ ᠮᠠᠯ ᠲᠠᠷᠢᠶᠠᠯᠠᠩ ᠠᠵᠦ ᠦᠢᠯᠡᠰ ᠤᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠣᠳᠣ ᠦᠶ᠎ᠡ ᠶᠢᠨ ᠮᠠᠯ ᠲᠠᠷᠢᠶᠠᠯᠠᠩ ᠠᠵᠦ ᠦᠢᠯᠡᠰ ᠤᠨ ᠬᠦᠷᠢᠶᠡᠯᠡᠩ ᠪᠠ ᠬᠤᠲᠠ ᠶᠢᠨ ᠲᠡᠰ ᠤᠨ ︽ᠲᠠᠪᠤᠨ ᠣᠳᠣᠨ ᠲᠡᠰ ᠤᠨ ᠪᠠᠷᠢᠮᠵᠢᠶ᠎ᠠ ᠳᠤ ᠬᠦᠷᠭᠡᠨ᠂ ᠣᠨᠴᠠᠯᠢᠭ ᠢ ᠪᠣᠢ ᠪᠣᠯᠭᠠᠭᠰᠠᠨ︾ 6 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠠᠶᠢᠭᠤᠯᠵᠤ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠦ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ 2᠂ ᠬᠤᠲᠠ ᠶᠢᠨ ᠲᠡᠰ ᠤᠨ ᠳᠠᠭᠠᠭᠤᠯᠤᠭᠴᠢ ᠠᠵᠦ ᠠᠬᠤᠶᠢᠯᠠᠯ ᠢ 4 ᠨᠡᠮᠡᠭᠳᠡᠭᠦᠯᠦᠨ᠂ ᠮᠠᠯᠴᠢᠨ ᠲᠠᠷᠢᠶᠠᠴᠢᠨ ᠪᠣᠯᠣᠨ ᠠᠵᠦ ᠠᠬᠤᠶᠢᠯᠠᠯ ᠤᠨ ᠠᠰᠢᠭ ᠲᠤᠰᠠ ᠶᠢ ᠬᠤᠯᠪᠣᠭᠰᠠᠨ ᠬᠠᠷᠢᠴᠠᠯ 65% ᠪᠣᠯᠪᠠ᠃ ᠬᠡᠷᠡᠭᠯᠡᠭᠡᠨ ᠤ ᠬᠠᠯᠠᠮᠰᠢᠯ ᠢ ᠲᠦᠷᠭᠡᠨ ᠪᠣᠢ ᠪᠣᠯᠭᠠᠵᠤ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠬᠥᠭᠵᠢᠭᠦᠯᠦᠭᠰᠡᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠨ᠂ ᠪᠠᠷᠠᠭᠠᠠ ᠤ ᠬᠦᠢᠯᠬᠡᠬᠡ ᠪᠠᠷ ᠮᠠᠯᠵᠢᠬᠤ ᠲᠠᠷᠢᠶᠠᠯᠠᠬᠤ ᠣᠷᠣᠨ ᠳᠤ 90 ᠲᠦᠮᠡ ᠭᠠᠷᠤᠢ ᠪᠠᠷᠠᠭ᠎ᠠ ᠬᠦᠷᠭᠡᠵᠦ᠂ ᠴᠢᠨᠠᠷ ᠰᠠᠶᠢᠨ ᠨᠡᠷᠡᠲᠡᠢ ᠣᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ᠂ ᠬᠡᠷᠡᠭᠯᠡᠭᠡ ᠪᠠᠷ ᠶᠠᠳᠠᠭᠤ ᠶᠢ ᠲᠡᠳᠬᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦᠨ ᠨᠡᠮᠡᠷᠢᠯᠡᠬᠦ ᠵᠡᠷᠭᠡ ᠠᠵᠢᠯᠯᠠᠭ᠎ᠠ ᠥᠷᠨᠢᠭᠦᠯᠪᠡ᠃ 3.4 ᠳ᠋ᠦᠩᠰᠢᠭᠤᠷ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠦ ᠦᠢᠯᠡᠰ ᠤᠨ ᠵᠢᠭᠡᠯᠡᠯᠭᠡ ᠪᠠᠭᠤᠯᠭᠠᠵᠤ᠂ 4.96 ᠳ᠋ᠦᠩᠰᠢᠭᠤᠷ ᠲᠥᠭᠦᠷᠢᠭ ᠤᠨ ᠥᠮᠴᠢᠯᠡᠯ ᠤᠨ ᠡᠷᠬᠡ ᠪᠠ ᠡᠵᠡᠩᠨᠡᠬᠦ ᠡᠷᠬᠡ ᠪᠠᠷ ᠢᠶᠠᠨ ᠳᠠᠨᠵᠢᠯᠠᠭᠰᠠᠨ ᠵᠢᠭᠡᠯᠡᠯᠭᠡ ᠲᠠᠯᠪᠢᠨ᠂ ᠮᠠᠯᠴᠢᠨ ᠲᠠᠷᠢᠶᠠᠴᠢᠳ ᠲᠤ 400 ᠭᠠᠷᠤᠢ ᠲᠦᠮᠡᠨ ᠲᠥᠭᠦᠷᠢᠭ ᠤᠨ ᠬᠦᠦ ᠮᠥᠩᠭᠦ ᠠᠷᠪᠢᠯᠠᠪᠠ᠃ ᠣᠲᠤᠭ ᠤᠨ ᠠᠷᠪᠠᠰ ᠤᠨ ᠢᠮᠠᠭᠠᠨ ᠮᠢᠬ᠎ᠠ᠂ ᠣᠷᠢᠶᠠᠮᠠᠭ ᠵᠠᠮᠠᠭ ᠢ ᠳᠤᠮᠳᠠᠳᠤ ᠡᠸᠦ᠋ᠷᠦᠫᠡ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠬᠡᠯᠡᠯᠴᠡᠭᠡᠷ ᠢᠶᠠᠷ ᠬᠠᠷᠢᠯᠴᠠᠨ ᠮᠡᠳᠡᠷᠡᠭᠰᠡᠨ ᠲᠠᠷᠢᠶᠠᠯᠠᠩ ᠤᠨ ᠪᠦᠲᠦᠭᠡᠭᠳᠡᠬᠦᠨ ᠳᠤ ᠣᠷᠣᠭᠤᠯᠵᠤ᠂ ᠠᠷᠪᠠᠰ ᠰᠤᠮᠤ ᠪᠦᠬᠦ ᠣᠷᠣᠨ ᠤ ᠠᠩᠬᠠᠳᠠᠭᠴᠢ ︽ᠪᠦᠬᠦ ᠤᠯᠤᠰ ᠤᠨ ᠬᠥᠳᠡᠭᠡ ᠲᠣᠰᠬᠤᠨ ᠤ ᠣᠨᠴᠠᠯᠢᠭ ᠲᠠᠢ ᠠᠵᠦ ᠦᠢᠯᠡᠰ ᠤᠨ ᠠᠷᠪᠠᠨ ᠳ᠋ᠦᠩᠰᠢᠭᠤᠷ ᠲᠥᠭᠦᠷᠢᠭ ᠤᠨ ᠰᠤᠮᠤ ᠪᠠᠯᠭᠠᠰᠤ︾ ᠪᠠᠷ ᠦᠨᠡᠯᠡᠭᠳᠡᠪᠡ᠃ ᠣᠷᠣᠰᠢᠨ ᠠᠮᠢᠳᠤᠷᠠᠬᠤ ᠣᠷᠴᠢᠨ ᠲᠣᠭᠤᠷᠢᠨ ᠢᠯᠡᠷᠬᠡᠢ ᠰᠠᠶᠢᠵᠢᠷᠠᠵᠤ᠂ 3507 ᠡᠷᠦᠬᠡ ᠶᠢᠨ ᠵᠣᠷᠯᠣᠩ ᠢ ᠥᠭᠡᠷᠡᠴᠢᠯᠡᠨ᠂ ᠮᠠᠯᠵᠢᠬᠤ ᠲᠠᠷᠢᠶᠠᠯᠠᠬᠤ ᠣᠷᠣᠨ ᠳᠤ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ᠂ ᠮᠠᠯ ᠵᠢᠭᠦᠷᠲᠡᠨ ᠲᠡᠵᠢᠭᠡᠭᠰᠡᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ ᠪᠠ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠭᠰᠡᠨ ᠨᠣᠷᠮ᠎ᠠ ᠲᠤᠰ ᠲᠤᠰ 86.3%᠂ 90% ᠪᠠ 85% ᠳᠤ ᠬᠦᠷᠴᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ ᠵᠠᠰᠠᠭᠰᠠᠨ ᠲᠦᠪᠰᠢᠨ ᠪᠦᠬᠦ ᠣᠷᠣᠨ ᠤ ᠲᠡᠷᠢᠭᠦᠨ ᠳᠤ ᠵᠢᠭᠰᠠᠭᠠᠭᠳᠠᠨ᠂ ᠰᠦᠮᠡᠲᠦ ᠰᠤᠮᠤ ᠪᠦᠬᠦ ᠤᠯᠤᠰ ᠤᠨ ᠪᠣᠯᠪᠠᠰᠤᠨ ᠭᠠᠴᠠᠭ᠎ᠠ ᠲᠣᠰᠬᠤᠨ ᠰᠤᠮᠤ ᠪᠠᠯᠭᠠᠰᠤ ᠪᠠᠷ ᠦᠨᠡᠯᠡᠭᠳᠡᠪᠡ᠃      ︵ᠲᠠᠪᠤ︶ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠤᠨ ᠬᠠᠯᠠᠮᠵᠢᠯᠠᠵᠤ᠂ ᠰᠠᠭᠤᠷᠢ ᠪᠠᠶᠢᠭᠤᠯᠤᠯᠲᠠ ᠶᠢ ᠲᠡᠭᠦᠯᠳᠡᠷᠵᠢᠭᠦᠯᠪᠡ᠃ 132.3 ᠺᠢᠯᠣᠮᠧᠲᠷ ᠤᠨ ᠬᠥᠳᠡᠭᠡ ᠲᠣᠰᠬᠤᠨ ᠤ ᠵᠠᠮ ᠢ ᠰᠢᠨ᠎ᠡ ᠪᠠᠷ ᠪᠤᠶᠤ ᠥᠭᠡᠷᠡᠴᠢᠯᠡᠨ ᠵᠠᠰᠠᠵᠤ᠂ 242 ᠤᠯᠤᠰ ᠤᠨ ᠵᠠᠮ ᠤᠨ ᠭᠦᠨᠴᠢᠷᠭ᠎ᠠ ᠠᠴᠠ ᠤᠯᠠᠭᠠᠨᠪᠠᠯᠭᠠᠰᠤ ᠬᠦᠷᠬᠦ ᠬᠡᠰᠡᠭ ᠲᠤ 2.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠣᠲᠤᠭ ᠬᠤᠰᠢᠭᠤᠨ ᠳᠠᠬᠢ ᠬᠡᠰᠡᠭ ᠤᠨ ᠭᠠᠵᠠᠷ ᠲᠠᠲᠠᠪᠤᠷᠢᠯᠠᠬᠤ ᠠᠵᠢᠯ ᠢ ᠪᠡᠶᠡᠯᠡᠭᠦᠯᠵᠦ᠂ ᠮᠸᠡᠭ ᠰᠢ ᠠᠴᠠ ᠺᠠᠷᠺᠦ᠋ᠯ ᠬᠤᠨᠢᠨ ᠲᠠᠯᠠᠪᠠᠢ ᠬᠦᠷᠬᠦ ᠲᠡᠮᠦᠷ ᠵᠠᠮ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠲᠠᠯᠠᠪᠤᠷ ᠤᠨ ᠡᠮᠦᠨ᠎ᠡ ᠬᠤᠭᠤᠴᠠᠭᠠᠨ ᠤ ᠠᠵᠢᠯ ᠢ ᠠᠮᠵᠢᠯᠲᠠᠲᠠᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠳᠤ ᠰᠢᠨ᠎ᠡ ᠪᠠᠷ 198 ᠺᠢᠯᠣᠮᠧᠲᠷ ᠤᠨ ᠴᠠᠬᠢᠯᠭᠠᠨ ᠳᠠᠮᠵᠢᠭᠤᠯᠵᠤ ᠲᠥᠭᠡᠭᠡᠬᠦ ᠤᠲᠠᠰᠤ ᠲᠠᠲᠠᠨ᠂ ︽ᠰᠢᠶᠠᠩ ᠯᠢᠶᠠᠠ︾ 4G ᠴᠢᠮᠡᠭᠡ ᠬᠤᠯᠪᠣᠭᠠᠨ ᠤ 41 ᠰᠠᠭᠤᠷᠢ ᠥᠷᠲᠡᠭᠡ ᠪᠠᠶᠢᠭᠤᠯᠪᠠ ᠃ 6.2 ᠺᠢᠯᠣᠮᠧᠲᠷ ᠤᠨ ᠬᠤᠲᠠ ᠶᠢᠨ ᠵᠠᠮ᠂ 7 ᠺᠢᠯᠣᠮᠧᠲᠷ ᠤᠨ ᠪᠣᠷᠣᠭᠠᠨ ᠤ ᠤᠰᠤ ᠪᠠ ᠪᠤᠵᠠᠷ ᠤᠰᠤ ᠭᠠᠳᠠᠭᠰᠢᠯᠠᠭᠤᠯᠬᠤ ᠬᠤᠭᠤᠯᠠᠢ ᠶᠢ ᠰᠢᠨ᠎ᠡ ᠪᠠᠷ ᠪᠤᠶᠤ ᠥᠭᠡᠷᠡᠴᠢᠯᠡᠨ ᠵᠠᠰᠠᠵᠤ᠂ 35 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ  ᠨᠣᠭᠤᠭᠠᠷᠠᠭᠤᠯᠤᠨ᠂ 10.5 ᠲᠦᠮᠡᠨ ᠲᠡᠭᠰᠢ ᠳᠥᠷᠪᠡᠯᠵᠢᠨ ᠮᠧᠲᠷ ᠤᠨ ᠵᠡᠭᠡᠯᠢ ᠭᠤᠳᠤᠮᠵᠢ ᠶᠢ ᠬᠠᠲᠠᠭᠤᠷᠠᠭᠤᠯᠪᠠ᠃ ᠪᠠᠯᠭᠠᠰᠤᠨ ᠳᠤ ᠰᠢᠨ᠎ᠡ ᠪᠠᠷ 3 ᠢᠯᠴᠢ ᠰᠣᠯᠢᠬᠤ ᠥᠷᠲᠡᠭᠡ ᠭᠠᠷᠭᠠᠵᠤ᠂ 18.7 ᠺᠢᠯᠣᠮᠧᠲᠷ ᠤᠨ ᠳᠤᠯᠠᠭᠠᠯᠠᠭ᠎ᠠ ᠬᠠᠩᠭᠠᠬᠤ ᠬᠤᠭᠤᠯᠠᠢ ᠶᠢ ᠥᠭᠡᠷᠡᠴᠢᠯᠡᠨ᠂ ᠰᠠᠭᠤᠭᠠᠯᠢ ᠠᠷᠠᠳ ᠲᠤ 15 ᠡᠳᠦᠷ ᠤᠨ ᠡᠮᠦᠨ᠎ᠡ ᠠᠴᠠ ᠳᠤᠯᠠᠭᠠᠯᠠᠭ᠎ᠠ ᠬᠠᠩᠭᠠᠪᠠ᠃ 11 ᠠᠳᠠᠯ ᠠᠬᠤᠢ ᠶᠢᠨ ᠺᠣᠮᠫᠠᠨᠢ ᠦᠭᠡᠢ ᠰᠠᠭᠤᠭᠠᠯᠢ ᠲᠣᠭᠤᠷᠢᠭ ᠢ ᠠᠳᠠᠯ ᠠᠬᠤᠢ ᠶᠢᠨ ᠬᠠᠮᠢᠶᠠᠷᠤᠯᠲᠠ ᠳᠤ ᠣᠷᠣᠭᠤᠯᠵᠤ᠂ 600 ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ᠂ 20 ᠬᠠᠭᠤᠴᠢᠨ ᠰᠠᠭᠤᠭᠠᠯᠢ ᠲᠣᠭᠤᠷᠢᠭ ᠢ ᠰᠢᠨᠡᠳᠬᠡᠵᠦ᠂ ᠹᠸᠡᠭ ᠬᠤᠸᠠ ᠬᠤᠤ ᠶᠤᠸᠠᠨ ᠵᠡᠷᠭᠡ ᠳᠤᠲᠠᠭᠤ ᠲᠣᠷᠭᠤᠨ ᠢᠨᠵᠧᠨᠧᠷᠢᠩ ᠢ ᠡᠬᠢᠯᠡᠭᠦᠯᠦᠨ᠂ ᠭᠡᠷ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠪᠦᠬᠦ ᠤᠯᠤᠰ ᠤᠨ ᠪᠣᠯᠪᠠᠰᠤᠨ ᠬᠤᠲᠠ ᠪᠠᠷ ᠨᠡᠷ᠎ᠡ ᠳᠤᠷᠠᠳᠤᠭᠳᠠᠭᠰᠠᠨ ᠬᠤᠲᠠ ᠶᠢᠨ ᠵᠢᠭᠰᠠᠭᠠᠯᠲᠠ ᠳᠤ ᠣᠷᠣᠪᠠ᠃      ︵ᠵᠢᠷᠭᠤᠭ᠎ᠠ︶ ᠦᠢᠯᠡᠴᠢᠯᠡᠭᠡ ᠶᠢ ᠰᠢᠯᠢᠳᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠪᠡ᠃ ᠭᠤᠣᠯᠳᠠᠯᠭᠠᠲᠦ ᠬᠦᠷᠢᠶ᠎ᠡ ᠬᠡᠪᠴᠢᠶᠡᠨ ᠳᠠᠬᠢ 23 ᠥᠭᠡᠷᠡᠴᠢᠯᠡᠯᠲᠡ ᠶᠢ ᠪᠡᠶᠡᠯᠡᠭᠦᠯᠵᠦ᠂ ︽ᠲᠥᠪᠯᠡᠷᠡᠩᠭᠦᠢ ᠮᠠᠶ᠋ᠢᠭ︾ ᠢᠶᠠᠷ ᠬᠢᠨᠠᠨ ᠵᠥᠪᠰᠢᠶᠡᠷᠡᠵᠦ ᠲᠥᠪᠯᠡᠷᠡᠭᠦᠯᠦᠨ ᠵᠥᠪᠳᠡᠬᠦ᠂ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ  ᠪᠠᠷᠢᠯᠭ᠎ᠠ ᠪᠠ ᠪᠦᠲᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠲᠤᠰ ᠲᠤᠰ 12 ᠡᠳᠦᠷ ᠪᠠ 72 ᠠᠵᠢᠯᠯᠠᠬᠤ ᠡᠳᠦᠷ ᠪᠣᠯᠭᠠᠵᠤ᠂ ︽ᠨᠢᠭᠡ ᠴᠣᠩᠬᠤᠪᠴᠢ ᠪᠠᠷ ᠬᠦᠯᠢᠶᠡᠨ ᠰᠢᠢᠳᠪᠦᠷᠢᠯᠡᠬᠦ︾ ᠪᠠ ᠲᠤᠰᠬᠠᠢ ᠲᠣᠭᠤᠷᠢᠭ ᠤᠨ ︽ᠵᠥᠷᠢᠶ᠎ᠡ ᠦᠭᠡᠢ ᠪᠠᠷ ᠭᠦᠢᠴᠡᠳᠬᠡᠬᠦ︾ ᠵᠦᠢᠯᠡᠰ ᠢ 80% ᠠᠴᠠ ᠳᠠᠪᠠᠭᠤᠯᠤᠨ᠂ ᠭᠦᠢᠴᠡᠳᠬᠡᠬᠦ ᠳᠠᠪᠲᠠᠮᠵᠢ ᠪᠠᠷ ᠣᠯᠠᠨ 120 ᠶᠠᠪᠤᠳᠠᠯ ᠢ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ ᠪᠣᠯᠭᠠᠵᠤ᠂ ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠨᠣᠷᠮ᠎ᠠ ᠶᠢ 95% ᠠᠴᠠ ᠳᠡᠭᠡᠭᠰᠢ ᠬᠦᠷᠭᠡᠪᠡ᠃ ᠴᠢ ᠫᠠᠠ ᠵᠢᠩ᠂ ᠮᠸᠡᠭ ᠰᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠ ᠠᠵᠦ ᠠᠬᠤᠶᠢᠯᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ 14 ᠡᠷᠬᠡ ᠶᠢ ᠰᠤᠮᠤ ᠪᠠᠯᠭᠠᠰᠤᠨ ᠳᠤ ᠪᠠᠭᠤᠯᠭᠠᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠰᠢᠨ᠎ᠡ ᠪᠠᠷ 48 ᠪᠠᠷᠢᠮᠵᠢᠶᠠᠵᠢᠭᠰᠠᠨ ᠣᠷᠣᠯᠠᠨ ᠭᠦᠢᠴᠡᠳᠬᠡᠬᠦ ᠴᠡᠭ ᠭᠠᠷᠭᠠᠪᠠ᠃ ᠠᠵᠦ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠵᠤ᠂ 6.4 ᠳ᠋ᠦᠩᠰᠢᠭᠤᠷ ᠲᠥᠭᠦᠷᠢᠭ ᠤᠨ ᠭᠠᠶᠢᠯᠢ ᠵᠠᠷᠤᠳᠠᠯ ᠢ ᠬᠠᠰᠤᠵᠤ ᠪᠠᠭᠤᠷᠠᠭᠤᠯᠤᠨ᠂ 2000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠮᠥᠩᠭᠦ ᠣᠯᠵᠦ᠂ ᠵᠠᠰᠠᠭ ᠤᠨ ᠣᠷᠳᠣᠨ ᠮᠥᠩᠭᠦᠨ ᠭᠦᠢᠯᠬᠡᠬᠡ ᠠᠵᠦ ᠠᠬᠤᠶᠢᠯᠠᠯ ᠤᠨ ᠲᠠᠪᠴᠠᠩ ᠢᠶᠠᠷ 64.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠰᠢᠨ᠎ᠡ ᠶᠢ ᠡᠭᠦᠳᠴᠦ ᠦᠢᠯᠡᠰ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ 3079 ᠡᠷᠦᠬᠡ ᠨᠡᠮᠡᠭᠳᠡᠭᠦᠯᠦᠨ᠂ 6.5% ᠪᠠᠷ ᠨᠡᠮᠡᠭᠳᠡᠵᠦ᠂ ᠰᠢᠨ᠎ᠡ ᠪᠠᠷ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠢ 5᠂ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠦ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 3 ᠨᠡᠮᠡᠭᠳᠡᠭᠦᠯᠦᠨ᠂ 5 ᠳᠤᠮᠳᠠ ᠪᠠᠭ᠎ᠠ ᠠᠵᠦ ᠠᠬᠤᠶᠢᠯᠠᠯ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠦ ᠠᠬᠤᠶᠢᠯᠠᠯ ᠢᠶᠠᠷ ᠬᠢᠨᠠᠨ ᠲᠣᠭᠲᠠᠭᠠᠪᠠ᠃      ︵ᠳᠣᠯᠤᠭ᠎ᠠ︶ ᠠᠷᠠᠳ ᠤᠨ ᠠᠮᠢᠳᠤᠷᠠᠯ ᠳᠤ ᠲᠥᠪᠯᠡᠷᠡᠭᠦᠯᠵᠦ᠂ ᠨᠡᠶᠢᠭᠡᠮ ᠤᠨ ᠦᠢᠯᠡᠰ ᠢ ᠬᠥᠭᠵᠢᠭᠦᠯᠪᠡ᠃ ᠬᠤᠲᠠ ᠪᠠᠯᠭᠠᠰᠤᠨ ᠤ 1968 ᠬᠦᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.1% ᠶᠢᠨ ᠳᠣᠲᠣᠷ᠎ᠠ ᠬᠢᠵᠠᠭᠠᠷᠯᠠᠨ᠂ ᠡᠯ᠎ᠡ ᠲᠥᠷᠥᠯ ᠤᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ 2 ᠰᠤᠷᠭᠠᠭᠤᠯᠢ ᠶᠢᠨ ᠵᠠᠬᠢᠷᠤᠯ᠂ 4 ᠳᠡᠭᠡᠳᠦ ᠲᠡᠰ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ᠂ 92 ᠪᠠᠭᠰᠢ ᠪᠠ 20 ᠡᠮᠴᠢᠯᠡᠭᠡᠨ ᠤ ᠴᠢᠳᠠᠪᠤᠷᠢᠲᠠᠨ ᠢ ᠤᠷᠢᠨ ᠬᠡᠷᠡᠭᠯᠡᠪᠡ᠃ ᠲᠣᠭᠤᠷᠢᠮ ᠤᠨ ᠡᠬᠡ ᠣᠷᠣᠨᠴᠢ ᠦᠵᠡᠯ ᠤᠨ ᠬᠥᠮᠥᠵᠢᠯ ᠤᠨ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠵᠤ᠂ ᠠᠷᠵᠠᠢ ᠠᠭᠤᠢ ᠶᠢ ᠪᠠᠬᠢᠯᠡᠨ ᠵᠠᠰᠠᠬᠤ᠂ ᠸᠠᠩ ᠤᠨ ᠣᠷᠳᠣᠨ ᠢ ᠰᠡᠯᠪᠢᠨ ᠵᠠᠰᠠᠵᠤ ᠤᠤᠯ ᠪᠠᠶᠢᠳᠠᠯ ᠢ ᠨᠢ ᠰᠡᠷᠭᠦᠭᠡᠬᠦ ᠪᠠᠷᠢᠯᠭ᠎ᠠ ᠶᠢ ᠦᠨᠳᠦᠰᠦᠨ ᠳᠡᠭᠡᠨ ᠪᠡᠶᠡᠯᠡᠭᠦᠯᠪᠡ᠃ 900 ᠲᠦᠮᠡᠨ ᠲᠥᠭᠦᠷᠢᠭ ᠤᠨ ᠴᠥᠭᠡᠨ ᠲᠣᠭᠠᠲᠤ ᠦᠨᠳᠦᠰᠦᠲᠡᠨ ᠢ ᠬᠥᠭᠵᠢᠭᠦᠯᠬᠦ ᠪᠡᠯᠡ ᠮᠥᠩᠭᠦ ᠪᠠᠭᠤᠯᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠠᠶᠤᠯ ᠦᠭᠡᠢ ᠦᠢᠯᠡᠳᠪᠦᠷᠢᠯᠡᠯ ᠤᠨ ︽ᠬᠤᠣᠰ ᠠᠷᠪᠠᠨ ᠠᠵᠢᠯᠯᠠᠬᠤ ᠠᠷᠭ᠎ᠠ︾ ᠶᠢ ᠰᠢᠨᠡᠴᠢᠯᠡᠨ ᠬᠡᠷᠡᠭᠵᠢᠭᠦᠯᠵᠦ᠂ ᠠᠶᠤᠯ ᠦᠭᠡᠢ ᠦᠢᠯᠡᠳᠪᠦᠷᠢᠯᠡᠯ ᠢ ᠬᠠᠷᠠᠭᠠᠠ ᠳᠠᠪᠲᠠᠮᠵᠢ ᠪᠠᠷ ᠰᠠᠨᠠᠭᠤᠯᠵᠤ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ᠂ ᠲᠤᠰᠬᠠᠢ ᠮᠡᠷᠭᠡᠵᠢᠯᠲᠡᠨ ᠢᠶᠠᠷ ᠪᠦᠬᠦ ᠳᠠᠯᠳᠠ ᠭᠡᠮ ᠢ ᠪᠠᠶᠢᠴᠠᠭᠠᠯᠭᠠᠪᠠ᠃ ᠳᠣᠯᠣᠳᠤᠭᠠᠷ ᠤᠳᠠᠭ᠎ᠠ ᠶᠢᠨ ᠬᠦᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠤᠭ᠎ᠠ ᠪᠠ ᠰᠤᠷᠪᠤᠯᠵᠢᠯᠠᠭ᠎ᠠ ᠬᠢᠬᠦ ᠬᠦᠮᠥᠨ ᠤ ᠲᠤᠭ᠎ᠠ ᠶᠢ ᠪᠠᠭᠤᠷᠠᠭᠤᠯᠤᠨ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠴᠠᠯᠢᠩ ᠥᠷᠢᠲᠦᠭᠰᠡᠨ ᠢ ᠵᠠᠰᠠᠵᠤ ᠬᠥᠯᠥᠰᠦ ᠣᠯᠭᠤᠮᠵᠢ ᠶᠢ ᠪᠠᠲᠤᠯᠠᠬᠤ ᠠᠵᠢᠯ ᠢᠯᠡᠳᠲᠡ ᠠᠮᠵᠢᠯᠲᠠ ᠣᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠤᠨ᠂ ︽ ᠶᠢᠨ ᠵᠦᠡᠭ ᠵᠣᠣ︾ ᠴᠠᠬᠢᠯᠭᠠᠨ ᠬᠤᠯᠪᠣᠭᠠᠨ ᠤ ᠮᠡᠬᠡᠯᠡᠯ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠦᠬᠦ ᠣᠷᠣᠨ ᠳᠤ ᠬᠠᠮᠤᠭ ᠤᠷᠢᠳᠠᠪᠠᠷ ᠬᠡᠷᠡᠭᠯᠡᠵᠦ᠂ ᠰᠦᠮᠡᠲᠦ ᠰᠤᠮᠤᠨ ᠤ ᠲᠣᠮᠢᠯᠠᠭᠰᠠᠨ ᠰᠠᠯᠪᠤᠷᠢ ᠳᠤ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ︽ᠨᠢᠭᠡᠳᠦᠭᠡᠷ ᠲᠡᠰ ᠤᠨ ᠳᠣᠲᠣᠭᠠᠳᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ︾ ᠶᠢᠨ ᠢᠷᠠᠭᠤ ᠠᠯᠳᠠᠷ ᠣᠯᠭᠤᠪᠠ᠃ ᠴᠡᠷᠢᠭ ᠴᠠᠭᠳᠠᠭ᠎ᠠ ᠠᠷᠠᠳ ᠬᠠᠮᠲᠤ ᠪᠠᠷ ᠪᠠᠶᠢᠭᠤᠯᠬᠤ᠂ ᠠᠮᠤ ᠪᠤᠳᠠᠭ᠎ᠠ ᠬᠠᠩᠭᠠᠨ ᠪᠣᠷᠣᠯᠠᠭᠤᠯᠭ᠎ᠠ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠰᠣᠨᠢᠨ ᠮᠡᠳᠡᠭᠡ ᠷᠠᠳᠢᠤ᠋ ᠲᠧᠯᠸᠢᠰ᠂ ᠠᠷᠠᠳ ᠤᠨ ᠠᠭᠠᠷ ᠤᠨ ᠰᠡᠷᠭᠡᠶᠢᠯᠡᠯᠲᠡ ᠴᠠᠭ ᠠᠭᠤᠷ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ᠂ ᠨᠢᠭᠦᠯᠡᠰᠦᠩᠭᠦᠢ ᠦᠢᠯᠡᠰ ᠵᠡᠷᠭᠡ ᠠᠵᠢᠯ ᠳᠤ ᠴᠥᠮ ᠰᠢᠨ᠎ᠡ ᠪᠦᠲᠦᠮᠵᠢ ᠭᠠᠷᠭᠠᠪᠠ᠃      ︵ᠨᠠᠢᠮᠠ︶ ᠴᠢᠳᠠᠪᠬᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠪᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠬᠤ᠂ ᠲᠤᠰ ᠱᠠᠲᠤᠨ ᠤ ᠡᠳ᠋ ᠤᠨ ᠵᠠᠰᠠᠭ ᠤᠨ ᠵᠠᠷᠤᠯᠭ᠎ᠠ ᠶᠢ ᠬᠠᠮᠢᠶᠠᠷᠬᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠪᠠᠶᠢᠭᠤᠯᠤᠯᠲᠠ ᠶᠢ ᠬᠠᠮᠢᠶᠠᠷᠬᠤ᠂ ᠲᠥᠷᠥᠯ ᠵᠦᠢᠯ ᠪᠠᠶᠢᠭᠤᠯᠵᠤ ᠪᠡᠯᠡ ᠮᠥᠩᠭᠦ ᠣᠯᠬᠤ ᠵᠡᠷᠭᠡ ᠠᠵᠢᠯ ᠤᠨ ᠵᠢᠷᠤᠮᠵᠢᠯ ᠪᠠ ᠲᠥᠰᠥᠯ ᠢ ᠲᠣᠭᠲᠠᠭᠠᠵᠤ ᠨᠡᠶᠢᠲᠡᠯᠡᠨ᠂ ᠴᠢᠬᠤᠯᠠ ᠲᠣᠮᠣ ᠲᠥᠷᠥᠯ ᠵᠦᠢᠯ᠂ ᠮᠠᠯ ᠲᠠᠷᠢᠶᠠᠯᠠᠩ᠂ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠬᠡᠪᠴᠢᠶᠡᠨ ᠳᠠᠬᠢ ᠬᠠᠮᠲᠤᠷᠠᠭᠰᠠᠨ ᠬᠤᠷᠠᠯ ᠬᠤᠷᠠᠯᠳᠤᠭᠤᠯᠵᠤ ᠵᠥᠪᠳᠡᠬᠦ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠦᠬᠦ ᠵᠢᠯ ᠳᠤ 38 ᠭᠤᠣᠯ ᠶᠠᠪᠤᠳᠠᠯ ᠢ ᠲᠤᠰᠢᠶᠠᠨ ᠭᠦᠢᠴᠡᠳᠬᠡᠭᠦᠯᠬᠦ ᠶᠢᠨ ᠬᠠᠮᠲᠤ ᠪᠡᠶᠡᠯᠡᠭᠦᠯᠪᠡ᠃ ᠡᠯ᠎ᠡ ᠱᠠᠲᠤᠨ ᠤ ᠡᠯ᠎ᠡ ᠲᠥᠷᠥᠯ ᠤᠨ ᠲᠣᠭᠤᠷᠢᠨ ᠪᠠᠶᠢᠴᠠᠭᠠᠯᠲᠠ ᠱᠠᠯᠠᠪᠳᠠᠭᠤᠯᠤᠨ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠯᠠᠷᠠᠭᠤᠯᠬᠤ ᠠᠵᠢᠯ ᠢ ᠯᠠᠪᠳᠠᠭᠤᠨ ᠥᠷᠨᠢᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠬᠠᠷᠭᠤᠭᠤᠯᠤᠨ ᠪᠠᠶᠢᠴᠠᠭᠠᠯᠲᠠ ᠪᠠᠷ ᠢᠯᠡᠷᠡᠭᠦᠯᠦᠭᠰᠡᠨ 268 ᠠᠰᠠᠭᠤᠳᠠᠯ ᠢ ᠴᠡᠭᠴᠡᠯᠡᠨ᠂ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠰᠢᠯᠵᠢᠭᠦᠯᠦᠨ ᠲᠤᠰᠢᠶᠠᠭᠰᠠᠨ 62 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 94 ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 91 ᠰᠠᠨᠠᠯ ᠳᠤᠷᠠᠳᠤᠯᠭ᠎ᠠ ᠶᠢ ᠭᠦᠢᠴᠡᠳᠬᠡᠪᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠪᠠ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠂ ︽ᠠᠯᠪᠠᠨ ᠤ ᠭᠤᠷᠪᠠᠨ ᠵᠠᠷᠤᠳᠠᠯ︾ ᠢ 13.5% ᠪᠠᠷ ᠪᠠᠭᠤᠷᠠᠭᠤᠯᠵᠤ᠂ ᠡᠩ ᠤᠨ ᠵᠠᠷᠤᠯᠭ᠎ᠠ ᠶᠢ 11.4% ᠪᠠᠷ ᠪᠠᠭᠤᠷᠠᠭᠤᠯᠤᠨ᠂ ᠺᠠᠳ᠋ᠷᠴᠤᠳ ᠤᠨ ᠰᠤᠷᠲᠠᠯ ᠢ ᠨᠡᠩ ᠰᠠᠶᠢᠵᠢᠷᠠᠭᠤᠯᠪᠠ᠃      2020 ᠣᠨ ᠳᠤ᠂ ᠪᠢᠳᠠ ᠬᠦᠴᠢᠷ ᠪᠡᠷᠬᠡ ᠶᠢ ᠬᠠᠮᠲᠤ ᠳᠠᠭᠠᠨ ᠲᠤᠭᠤᠯᠵᠤ᠂ ᠰᠢᠷᠭᠠᠭᠤ ᠠᠵᠢᠯᠯᠠᠭᠠᠳ ᠠᠮᠵᠢᠯᠲᠠ ᠪᠦᠲᠦᠮᠵᠢ ᠭᠠᠷᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠢᠳᠠ ᠢᠲᠡᠭᠡᠯ ᠵᠣᠷᠢᠭ ᠢᠶᠠᠨ ᠬᠥᠪᠴᠢᠯᠡᠵᠦ᠂ ᠰᠢᠨ᠎ᠡ ᠶᠢ ᠡᠭᠦᠳᠦᠨ᠂ ᠵᠣᠷᠢᠭᠲᠠᠢ ᠪᠠᠷ ᠤᠷᠤᠭᠰᠢᠯᠠᠭᠠᠳ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠵᠠ ᠲᠣᠬᠢᠶᠠᠯ ᠠᠪᠴᠢᠷᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠪᠦᠷᠢ ᠳᠤᠮᠳᠠᠴᠢ ᠪᠠᠷ 8.7% ᠪᠠᠷ ᠨᠡᠮᠡᠭᠳᠡᠪᠡ︔ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠵᠢᠯ ᠪᠦᠷᠢ ᠳᠤᠮᠳᠠᠴᠢ ᠪᠠᠷ 3.21% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠵᠢᠯ ᠪᠦᠷᠢ ᠳᠤᠮᠳᠠᠴᠢ ᠪᠠᠷ 6.12% ᠢᠶᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠳᠣᠳᠥᠮ ᠤᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ ᠲᠤᠰ ᠲᠤᠰ 5.7% ᠪᠠ 9.1% ᠪᠠᠷ ᠨᠡᠮᠡᠭᠳᠡᠨ᠂ ᠬᠤᠲᠠ ᠬᠥᠳᠡᠭᠡ ᠶᠢᠨ ᠣᠷᠣᠯᠭ᠎ᠠ ᠶᠢᠨ ᠵᠥᠷᠢᠶ᠎ᠡ ᠤᠯᠠᠮ ᠪᠠᠭᠠᠰᠪᠠ᠃ ᠬᠤᠰᠢᠭᠤ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠠᠷ ᠲᠣᠭᠲᠠᠭᠠᠭᠰᠠᠨ ᠬᠠᠷᠠᠯᠲᠠᠲᠦ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠣᠯᠵᠤ᠂ ᠰᠢᠨ᠎ᠡ ᠬᠥᠭᠵᠢᠯᠲᠡ ᠶᠢᠨ ᠱᠠᠲᠤᠨ ᠳᠠᠬᠢ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠪᠠ᠃      ᠲᠥᠯᠥᠭᠡᠯᠡᠭᠴᠢᠳ ᠠ᠋︕ ᠡᠳᠡᠭᠡᠷ ᠠᠮᠵᠢᠯᠲᠠ ᠪᠦᠲᠦᠮᠵᠢ ᠨᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠬᠠᠯᠠᠮᠵᠢᠯᠠᠯ ᠳᠡᠮᠵᠢᠯᠭᠡ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ ᠠᠴᠠ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠣᠯᠠᠨ ᠢ ᠪᠦᠯᠬᠦᠮᠳᠡᠭᠦᠯᠦᠨ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠶᠤᠮ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠣᠲᠤᠭ ᠤᠨ ᠬᠥᠭᠵᠢᠯᠲᠡ ᠳᠤ ᠣᠷᠣᠯᠴᠠᠭᠰᠠᠨ ᠪᠠ ᠬᠠᠯᠠᠮᠵᠢᠯᠠᠵᠤ ᠳᠡᠮᠵᠢᠭᠰᠡᠨ ᠬᠦᠮᠦᠰ ᠲᠡᠭᠡᠨ ᠡᠷᠬᠢᠮ ᠳᠡᠭᠡᠳᠦ ᠬᠦᠨᠳᠦᠳᠬᠡᠯ ᠪᠠ ᠴᠢᠩ ᠦᠨᠡᠨᠴᠢ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠪᠢᠳᠠ ᠠᠮᠵᠢᠯᠲᠠ ᠪᠠᠨ ᠣᠯᠵᠦ ᠬᠠᠷᠠᠬᠤ ᠶᠢᠨ ᠬᠠᠮᠲᠤ ᠣᠳᠣᠬᠠᠨ ᠤ ᠠᠵᠢᠯ ᠳᠤ ᠣᠷᠣᠰᠢᠵᠤ ᠪᠠᠶᠢᠭ᠎ᠠ ᠳᠤᠲᠠᠭᠳᠠᠯ ᠢᠶᠠᠨ ᠴᠤ ᠰᠡᠷᠭᠡᠭ ᠢᠶᠠᠷ ᠲᠠᠨᠢᠵᠤ ᠮᠡᠳᠡᠪᠡ᠃ ᠨᠢᠭᠡ ᠳᠤ ᠠᠵᠦ ᠦᠢᠯᠡᠰ ᠤᠨ ᠪᠦᠲᠦᠴᠡ ᠶᠢᠨ ᠲᠣᠬᠢᠷᠠᠭᠤᠯᠭ᠎ᠠ ᠬᠤᠴᠣᠷᠤᠩᠭᠤᠢ᠂ ᠡᠨᠧᠷᠭᠢ ᠶᠢᠨ ᠬᠤᠷᠣᠭᠳᠠᠯ ᠶᠡᠬᠡᠲᠡᠢ ᠠᠵᠦ ᠦᠢᠯᠡᠰ ᠤᠨ ᠡᠵᠡᠯᠡᠬᠦ ᠬᠠᠷᠢᠴᠠᠯ ᠨᠡᠯᠢᠶᠡᠳ ᠶᠡᠭᠡ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠥᠭᠡᠷᠡᠴᠢᠯᠡᠯᠲᠡ ᠶᠢᠨ ᠠᠬᠢᠴᠠ ᠬᠠᠷᠢᠴᠠᠩᠭᠤᠢ ᠪᠠᠷ ᠤᠳᠠᠭᠠᠨ ᠪᠠᠶᠢᠵᠦ᠂ ᠡᠨᠧᠷᠭᠢ ᠶᠢᠨ ᠬᠤᠷᠣᠭᠳᠠᠯ ᠤᠨ ᠣᠷᠣᠨ ᠵᠠᠢ᠂ ᠣᠷᠴᠢᠨ ᠲᠣᠭᠤᠷᠢᠨ ᠤ ᠪᠠᠭᠲᠠᠭᠠᠮᠵᠢ ᠪᠠ ᠬᠡᠷᠡᠭᠯᠡᠬᠦ ᠭᠠᠵᠠᠷ ᠬᠡᠷᠡᠭᠯᠡᠬᠦ ᠤᠰᠤ ᠵᠡᠷᠭᠡ ᠬᠦᠴᠦᠨ ᠵᠦᠢᠯ ᠤᠨ ᠭᠦᠢᠴᠡᠳᠬᠡᠯ ᠲᠤᠭ᠎ᠠ ᠶᠢ ᠡᠵᠡᠯᠡᠵᠦ᠂ ᠴᠡᠪᠡᠷ ᠡᠨᠧᠷᠭᠢ᠂ ᠶᠡᠷᠦᠩᠬᠡᠶᠢᠯᠡᠭᠰᠡᠨ ᠠᠰᠢᠭᠯᠠᠯᠲᠠ ᠪᠠ ᠨᠡᠮᠡᠯᠲᠡ ᠥᠷᠲᠡᠭ ᠥᠨᠳᠥᠷ ᠲᠥᠷᠥᠯ ᠵᠦᠢᠯ ᠤᠨ ᠬᠤᠪᠢ ᠶᠢᠨ ᠵᠢᠩ ᠨᠡᠯᠢᠶᠡᠳ ᠪᠠᠭ᠎ᠠ᠂ ᠵᠠᠯᠭᠠᠬᠤ ᠬᠦᠴᠦᠨ ᠪᠠᠭᠤᠷᠠᠢ ᠪᠠᠶᠢᠨ᠎ᠠ᠃ ᠬᠤᠶᠠᠷ ᠲᠤ ᠮᠠᠯ ᠲᠠᠷᠢᠶᠠᠯᠠᠩ ᠤᠨ ᠬᠥᠭᠵᠢᠯᠲᠡ ᠤᠷᠲᠤ ᠬᠤᠭᠤᠴᠠᠭ᠎ᠠ ᠪᠠᠷ ᠠᠩᠬ᠎ᠠ ᠵᠡᠷᠭᠡ ᠶᠢᠨ ᠲᠡᠰ ᠳᠠᠪᠬᠤᠷᠭ᠎ᠠ ᠳᠤ ᠵᠣᠭᠰᠣᠩᠭᠢᠷᠠᠵᠤ᠂ ᠠᠵᠦ ᠦᠢᠯᠡᠴᠢᠯᠡᠭᠰᠡᠨ᠂ ᠬᠡᠪᠴᠢᠶᠡᠵᠢᠭᠦᠯᠦᠭᠰᠡᠨ᠂ ᠵᠣᠬᠢᠶᠠᠨ ᠪᠠᠶᠢᠭᠤᠯᠤᠯᠲᠠᠴᠢᠯᠠᠭᠰᠠᠨ ᠪᠠ ᠵᠢᠷᠤᠮᠵᠢᠭᠤᠯᠤᠭᠰᠠᠨ ᠲᠦᠪᠰᠢᠨ ᠳᠣᠣᠷ᠎ᠠ᠂ ᠳᠠᠭᠠᠭᠤᠯᠤᠭᠴᠢ ᠠᠵᠦ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠠᠨᠠᠢ ᠪᠠᠶᠢᠨ᠎ᠠ᠃ ᠭᠤᠷᠪᠠ ᠳᠤ ᠰᠤᠷᠭᠠᠨ ᠬᠥᠮᠥᠵᠢᠯ ᠪᠡᠶ᠎ᠡ ᠶᠢᠨ ᠲᠠᠮᠢᠷ᠂ ᠡᠮᠴᠢᠯᠡᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠨᠢ ᠣᠯᠠᠨ ᠲᠦᠮᠡᠨ ᠤ ᠬᠦᠰᠡᠯ ᠨᠠᠶᠢᠳᠠᠯᠭ᠎ᠠ ᠲᠠᠢ ᠪᠠᠰᠠ ᠯᠠ ᠵᠥᠷᠢᠶ᠎ᠡ ᠲᠠᠢ ᠪᠠᠶᠢᠵᠦ᠂ ᠬᠤᠳᠠᠯᠳᠤᠭ᠎ᠠ ᠡᠷᠬᠢᠯᠡᠬᠦ ᠣᠷᠴᠢᠨ᠂ ᠣᠷᠣᠰᠢᠨ ᠰᠠᠭᠤᠷᠢᠰᠢᠵᠤ ᠦᠢᠯᠡᠰ ᠪᠣᠰᠬᠠᠬᠤ ᠣᠷᠴᠢᠨ ᠢ ᠦᠷᠭᠦᠯᠵᠢᠯᠡᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠳᠥᠷᠪᠡ ᠳᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠰᠠᠶᠢᠨ ᠪᠤᠰᠤ᠂ ᠠᠮᠢ ᠠᠬᠤᠢ ᠣᠷᠴᠢᠨ ᠲᠣᠭᠤᠷᠢᠨ ᠢ ᠵᠠᠰᠠᠬᠤ ᠪᠠ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠡᠭᠦᠷᠭᠡ ᠮᠥᠨ ᠬᠦᠨᠳᠦ ᠪᠠᠶᠢᠨ᠎ᠠ᠃ ᠡᠶᠢᠮᠦ ᠠᠴᠠ᠂ ᠪᠢᠳᠠ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠷᠢᠭ᠎ᠠ ᠴᠡᠭᠡᠷ ᠤᠨ ᠤᠬᠠᠮᠰᠠᠷ ᠢ ᠪᠦᠷᠢᠯᠳᠦᠭᠦᠯᠦᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠦ ᠪᠠᠶᠢᠭᠠᠳ ᠳᠡᠭᠡᠷᠡᠬᠢ ᠠᠰᠠᠭᠤᠳᠠᠯ ᠤᠳ ᠢ ᠪᠣᠳᠠᠲᠠᠢ ᠰᠢᠢᠳᠪᠦᠷᠢᠯᠡᠨ᠎ᠡ᠃      ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠᠲᠦ ᠡᠭᠦᠷᠭᠡ      ᠬᠤᠰᠢᠭᠤᠨ ᠤ ᠨᠠᠮ ᠤᠨ ᠬᠤᠷᠢᠶᠠᠨ ᠤ ︽ᠣᠲᠤᠭ ᠬᠤᠰᠢᠭᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠬᠡᠲᠤ ᠶᠢᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ︾ ᠳᠤ ᠦᠨᠳᠦᠰᠦᠯᠡᠵᠦ ᠪᠠᠶᠢᠭᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠣᠲᠤᠭ ᠬᠤᠰᠢᠭᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠣᠨ 2035 ᠣᠨ ᠤ ᠠᠯᠤᠰ ᠬᠡᠲᠤ ᠶᠢᠨ ᠬᠠᠷᠠᠯᠲᠠ ᠶᠢᠨ ᠬᠥᠲᠥᠯᠪᠦᠷᠢ ︵ᠡᠬᠡ ᠨᠣᠣᠷᠠᠭ︶︾ ᠶᠢ ᠨᠠᠶᠢᠷᠠᠭᠤᠯᠪᠠ᠂ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ︽ᠬᠤᠣᠰ ᠵᠠᠭᠤᠨ ᠵᠢᠯ ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠴᠢᠬᠤᠯᠠ ᠲᠡᠦᠬᠡᠨ ᠰᠣᠯᠪᠢᠴᠠᠯ ᠤᠨ ᠬᠤᠭᠤᠴᠠᠭ᠎ᠠ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠴᠢᠬᠤᠯᠠ ᠪᠠᠶᠢᠯᠲᠤᠬᠤ ᠪᠣᠳᠣᠯᠭ᠎ᠠ ᠶᠢᠨ ᠠᠵᠠ ᠲᠣᠬᠢᠶᠠᠯᠲᠤ ᠬᠤᠭᠤᠴᠠᠭ᠎ᠠ ᠪᠣᠯᠬᠤ ᠪᠥᠭᠡᠳ ᠣᠲᠤᠭ ᠬᠤᠰᠢᠭᠤ ᠪᠠᠨ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠭᠤᠯᠤᠨ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠰᠢᠵᠢᠷ ᠠᠯᠲᠠᠨ ᠴᠠᠭ ᠬᠤᠭᠤᠴᠠᠭ᠎ᠠ ᠪᠣᠯᠣᠨ᠎ᠠ᠃ ᠪᠢᠳᠠ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠨ᠂ ᠰᠢᠨ᠎ᠡ ᠪᠠᠶᠢᠷᠢᠰᠢᠯ ᠲᠠᠢ ᠠᠭᠤᠰᠤᠯᠴᠠᠵᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠪᠠᠲᠤ ᠢᠲᠡᠭᠡᠯ ᠲᠠᠢ ᠪᠠᠶᠢᠨ᠎ᠠ᠃ ᠣᠯᠠᠨ ᠵᠢᠯ ᠤᠨ ᠲᠤᠷᠰᠢ ᠰᠢᠷᠭᠠᠭᠤ ᠴᠢᠷᠮᠠᠶᠢᠵᠤ᠂ ᠡᠷᠡᠯᠬᠡᠭᠯᠡᠨ ᠲᠡᠮᠡᠴᠡᠭᠡᠳ ᠰᠠᠭᠤᠷᠢ ᠶᠢ ᠪᠠᠲᠤᠳᠬᠠᠪᠠ᠂ ᠠᠵᠦ ᠦᠢᠯᠡᠰ ᠲᠤ ᠨᠢᠭᠲᠠ ᠲᠣᠭᠤᠷᠢᠭᠤᠯᠤᠨ᠂ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠬᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠦ ᠦᠢᠯᠡᠰ ᠤᠨ ᠲᠥᠷᠥᠯ ᠵᠦᠢᠯ ᠤᠳ ᠢ ᠣᠷᠣᠭᠤᠯᠵᠤ ᠬᠡᠷᠡᠭᠵᠢᠭᠦᠯᠦᠨ᠂ ᠠᠵᠦ ᠦᠢᠯᠡᠰ ᠤᠨ ᠲᠣᠭᠲᠠᠯᠴᠠᠭ᠎ᠠ ᠶᠢ ᠢᠳᠡᠭ ᠢᠳᠡᠭ ᠢᠶᠠᠷ ᠲᠡᠭᠦᠯᠳᠡᠷᠵᠢᠭᠦᠯᠵᠦ᠂ ᠠᠵᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠪᠣᠬᠢᠷᠲᠤᠯ ᠦᠭᠡᠢ ᠪᠠᠷ ᠬᠡᠯᠪᠡᠷᠢ ᠶᠢ ᠬᠤᠪᠢᠷᠠᠭᠤᠯᠵᠤ ᠬᠥᠭᠵᠢᠬᠦ ᠬᠠᠷᠠᠯᠲᠠ ᠶᠢ ᠨᠡᠩ ᠲᠣᠳᠣᠷᠬᠠᠢ᠂ ᠵᠠᠮ ᠢ ᠨᠡᠩ ᠥᠷᠭᠡᠨ ᠪᠣᠯᠭᠠᠪᠠ︔ ᠲᠠᠰᠤᠷᠠᠯᠲᠠ ᠦᠭᠡᠢ ᠪᠠᠷ ᠰᠢᠨ᠎ᠡ ᠶᠢ ᠡᠭᠦᠳᠴᠦ᠂ ᠳᠠᠪᠠᠭᠤᠯᠢᠭ ᠢ ᠬᠤᠷᠠᠮᠳᠤᠭᠤᠯᠤᠭᠰᠠᠨ ᠬᠥᠭᠵᠢᠯᠲᠡ ᠶᠢᠨ ᠬᠥᠳᠡᠯᠭᠡᠭᠴᠢ ᠬᠦᠴᠦᠨ ᠢ ᠪᠦᠷᠢᠯᠳᠦᠭᠦᠯᠪᠡ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠪᠠ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠳᠠᠭᠠᠯᠳᠤᠨ᠂ ᠲᠣᠮᠣ ᠠᠵᠦ ᠠᠬᠤᠶᠢᠯᠠᠯ᠂ ᠲᠣᠮᠣ ᠲᠥᠷᠥᠯ ᠵᠦᠢᠯ ᠤᠨ ᠰᠤᠳᠤᠯᠤᠨ ᠨᠡᠭᠡᠭᠡᠯᠲᠡ ᠶᠢᠨ ᠲᠥᠪ᠂ ᠰᠢᠨ᠎ᠡ ᠶᠢ ᠡᠭᠦᠳᠴᠦ ᠦᠢᠯᠡᠰ ᠪᠦᠲᠦᠭᠡᠬᠦ ᠶᠢ ᠬᠥᠮᠥᠵᠢᠭᠦᠯᠬᠦ ᠰᠠᠭᠤᠷᠢᠨ ᠭᠠᠵᠠᠷ ᠵᠡᠷᠭᠡ ᠶᠢ ᠢᠳᠡᠭ ᠢᠳᠡᠭ ᠢᠶᠠᠷ ᠬᠡᠪᠴᠢᠶᠡᠵᠢᠭᠦᠯᠵᠦ᠂ ᠣᠯᠠᠨ ᠢᠶᠠᠷ ᠢᠶᠠᠨ ᠦᠢᠯᠡᠰ ᠪᠦᠲᠦᠭᠡᠬᠦ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠪᠠᠶᠢᠳᠠᠯ ᠢ ᠲᠦᠷᠭᠡᠨ ᠪᠣᠢ ᠪᠣᠯᠭᠠᠨ᠂ ᠳᠡᠭᠡᠳᠦ ᠲᠡᠰᠵᠢᠬᠦᠯᠦᠭᠰᠡᠨ᠂ ᠨᠡᠷᠡᠲᠦ ᠲᠡᠮᠳᠡᠭᠴᠢᠯᠡᠭᠰᠡᠨ᠂ ᠪᠣᠬᠢᠷᠲᠤᠯ ᠦᠭᠡᠢ ᠪᠠᠷ ᠬᠥᠭᠵᠢᠭᠦᠯᠦᠭᠰᠡᠨ ᠣᠷᠣᠨ ᠲᠣᠭᠤᠷᠢᠭ ᠤᠨ ᠬᠥᠭᠵᠢᠯᠲᠡ ᠶᠢᠨ ᠨᠡᠷ᠎ᠡ ᠶᠢᠨ ᠬᠠᠭᠤᠳᠠᠰᠤ ᠳᠤ ᠰᠢᠨ᠎ᠡ ᠲᠤᠯᠭᠠᠭᠤᠷᠢ ᠬᠦᠴᠦᠨ ᠬᠠᠩᠭᠠᠪᠠ︔ ᠪᠦᠭᠦᠳᠡᠭᠡᠷ ᠢᠶᠠᠨ ᠰᠡᠳᠬᠢᠯ ᠨᠢᠭᠡᠳᠴᠦ᠂ ᠬᠠᠮᠲᠤ ᠪᠠᠷ ᠬᠦᠴᠦᠯᠡᠭᠰᠡᠨ ᠦᠢᠯᠡᠰ ᠪᠦᠲᠦᠭᠡᠬᠦ ᠣᠷᠴᠢᠨ ᠠᠬᠤᠢ ᠶᠢ ᠪᠣᠢ ᠪᠣᠯᠭᠠᠪᠠ᠂ ᠣᠲᠤᠭ ᠤᠨ ᠬᠠᠯᠠᠭᠤᠨ ᠬᠥᠷᠥᠰᠥᠨ ᠳᠡᠭᠡᠷ᠎ᠡ᠂ ᠨᠤᠲᠤᠭ ᠢᠶᠠᠨ ᠬᠠᠶᠢᠷᠠᠯᠠᠳᠠᠭ᠂ ᠬᠠᠷᠠᠮ ᠦᠭᠡᠢ ᠵᠢᠳᠬᠦᠳᠡᠭ᠂ ᠴᠣᠴᠠᠯᠲᠠ ᠦᠭᠡᠢ ᠦᠢᠯᠡᠰ ᠪᠦᠲᠦᠭᠡᠳᠡᠭ ᠰᠢᠯᠢᠳᠡᠭ ᠠᠵᠦ ᠠᠬᠤᠶᠢᠯᠠᠯᠲᠠᠳ ᠤᠨ ᠡᠩᠨᠡᠭᠡ ᠪᠠ ᠬᠠᠷᠢᠭᠤᠴᠠᠯᠭ᠎ᠠ ᠪᠠᠨ ᠡᠭᠦᠷᠭᠡᠯᠡᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠳᠠᠭ ᠤᠳᠤᠷᠢᠳᠬᠤ ᠺᠠᠳ᠋ᠷᠴᠤᠳ ᠴᠣᠯᠭᠤᠷᠠᠨ ᠭᠠᠷᠴᠤ᠂ ᠰᠡᠳᠬᠢᠯ ᠰᠠᠨᠠᠭ᠎ᠠ ᠬᠦᠴᠦᠨ ᠴᠢᠳᠠᠯ ᠢᠶᠠᠨ ᠨᠢᠭᠡ ᠭᠠᠵᠠᠷ ᠲᠤ ᠲᠥᠪᠯᠡᠷᠡᠭᠦᠯᠦᠨ᠂ ᠰᠢᠷᠭᠠᠭᠤ ᠬᠠᠲᠠᠭᠤᠵᠢᠯᠲᠠᠢ ᠪᠠᠷ ᠦᠢᠯᠡᠰ ᠪᠦᠲᠦᠭᠡᠵᠦ᠂ ᠡᠶ᠎ᠡ ᠵᠣᠬᠢᠴᠠᠯ ᠲᠠᠢ ᠪᠠᠷ ᠬᠥᠭᠵᠢᠭᠰᠡᠨ ᠲᠡᠦᠬᠡᠨ ᠬᠠᠭᠤᠳᠠᠰᠤ ᠶᠢ ᠪᠢᠴᠢᠭᠯᠡᠪᠡ᠃ ᠪᠢᠳᠠ ᠡᠳᠡᠭᠡᠷ ᠡᠷᠬᠢᠮ ᠨᠠᠨᠳᠢᠨ ᠥᠪ ᠬᠥᠷᠥᠩᠭᠡ ᠪᠠᠨ ᠨᠠᠨᠳᠢᠩᠨᠠᠨ ᠬᠠᠶᠢᠷᠠᠯᠠᠵᠤ᠂ ᠬᠥᠭᠵᠢᠯᠲᠡ ᠶᠢᠨ ᠳᠠᠪᠠᠭᠤᠯᠢᠭ ᠢᠶᠠᠨ ᠤᠯᠠᠮ ᠪᠠᠳᠠᠷᠠᠭᠤᠯᠤᠨ᠂ ᠬᠦᠴᠢᠷ ᠪᠡᠷᠬᠡᠰᠢᠶᠡᠯ ᠢ ᠢᠯᠠᠨ ᠳᠠᠪᠠᠵᠦ᠂ ᠨᠡᠩ ᠥᠨᠳᠥᠷ ᠬᠢᠷᠢ ᠲᠦᠪᠰᠢᠨ ᠲᠠᠢ᠂ ᠨᠡᠩ ᠴᠢᠨᠠᠷ ᠰᠠᠶᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠴᠢᠬᠤᠯᠠᠲᠠᠢ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠪᠢᠳᠠ ᠳᠣᠣᠷᠠᠬᠢ ᠬᠠᠷᠠᠯᠲᠠ ᠶᠢ ᠪᠡᠶᠡᠯᠡᠭᠦᠯᠦᠨ᠎ᠡ᠄      — ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠬᠡᠯᠪᠡᠷᠢᠲᠦ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠦᠭᠰᠡᠨ ᠲᠡᠷᠢᠭᠦᠨ ᠤ ᠬᠤᠰᠢᠭᠤ ᠶᠢ ᠪᠠᠶᠢᠭᠤᠯᠤᠨ᠎ᠠ᠃ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠤᠯᠠᠮᠵᠢᠯᠠᠯᠲᠤ ᠠᠵᠦ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠬᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠠᠬᠢᠭᠤᠯᠵᠤ᠂ ᠠᠵᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠣᠳᠣ ᠦᠶ᠎ᠡ ᠶᠢᠨ ᠠᠵᠦ ᠦᠢᠯᠡᠰ ᠤᠨ ᠲᠣᠭᠲᠠᠯᠴᠠᠭ᠎ᠠ ᠶᠢ ᠪᠠᠶᠢᠭᠤᠯᠵᠤ᠂ ᠰᠢᠨ᠎ᠡ ᠬᠡᠯᠪᠡᠷᠢ ᠶᠢᠨ ᠠᠵᠦ ᠠᠬᠤᠢ ᠶᠢᠨ ᠪᠠᠶᠢᠳᠠᠯ ᠢ ᠪᠣᠢ ᠪᠣᠯᠭᠠᠨ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠬᠡᠯᠪᠡᠷᠢ ᠶᠢ ᠲᠦᠭᠡᠮᠡᠯᠵᠢᠭᠦᠯᠦᠨ᠂ ᠠᠮᠢ ᠠᠬᠤᠢ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠰᠢᠶᠠᠠ ᠤ ᠲᠣᠭᠤᠷᠢᠭ ᠤᠨ ᠠᠵᠦ ᠠᠬᠤᠢ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ᠃      — ᠣᠷᠣᠨ ᠲᠣᠭᠤᠷᠢᠭ ᠤᠨ ᠴᠢᠨᠠᠷᠲᠠᠢ ᠪᠣᠬᠢᠷᠲᠤᠯ ᠦᠭᠡᠢ ᠤᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠤᠰᠢᠭᠤ ᠶᠢ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠲᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯ ᠲᠠᠷᠢᠶᠠᠯᠠᠩ ᠠᠵᠦ ᠠᠬᠤᠢ ᠶᠢᠨ ᠣᠨᠴᠠᠯᠢᠭ ᠲᠠᠢ ᠠᠵᠦ ᠦᠢᠯᠡᠰ ᠤᠨ ᠰᠦᠷᠦᠭᠵᠢᠯ ᠢ ᠪᠠᠲᠤᠳᠬᠠᠵᠤ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ︽ᠠᠵᠦ ᠠᠬᠤᠶᠢᠯᠠᠯ + ᠰᠠᠭᠤᠷᠢᠨ ᠭᠠᠵᠠᠷ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ︾ ᠶᠢᠨ ᠬᠠᠮᠲᠤᠷᠠᠭᠰᠠᠨ ᠡᠵᠡᠩᠨᠡᠯᠲᠡ ᠶᠢᠨ ᠦᠷ᠎ᠡ ᠠᠰᠢᠭ ᠪᠠ ᠮᠠᠯ ᠲᠠᠷᠢᠶᠠᠯᠠᠩ ᠠᠵᠦ ᠠᠬᠤᠢ ᠶᠢ ᠬᠡᠪᠴᠢᠶᠡᠵᠢᠭᠦᠯᠬᠦ᠂ ᠵᠢᠷᠤᠮᠵᠢᠭᠤᠯᠬᠤ ᠲᠦᠪᠰᠢᠨ ᠢ ᠳᠡᠭᠡᠭᠰᠢᠯᠡᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠦ ᠴᠢᠨᠠᠷ ᠠᠮᠤᠷ ᠲᠦᠪᠰᠢᠨ ᠢ ᠬᠢᠨᠠᠨ ᠬᠠᠮᠢᠶᠠᠷᠬᠤ ᠲᠣᠭᠲᠠᠯᠴᠠᠭ᠎ᠠ ᠶᠢ ᠪᠠᠶᠢᠭᠤᠯᠵᠤ᠂ ᠪᠣᠬᠢᠷᠲᠤᠯ ᠦᠭᠡᠢ ᠤᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠠᠩᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃      — ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠭᠦᠯᠦᠭᠰᠡᠨ ᠳᠠᠭᠤᠷᠢᠶᠠᠯ ᠬᠤᠰᠢᠭᠤ ᠶᠢ ᠪᠠᠶᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠴᠢᠳᠠᠪᠬᠢ ᠶᠢ ᠭᠦᠨ ᠳᠠᠪᠬᠤᠷᠭ᠎ᠠ ᠲᠡᠰᠢ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠰᠠᠶᠢᠵᠢᠷᠠᠭᠤᠯᠤᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢ ᠴᠢᠩᠭᠠᠷᠠᠭᠤᠯᠵᠤ᠂ ᠬᠦᠮᠦᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠢ ᠰᠢᠯᠢᠳᠡᠭᠵᠢᠭᠦᠯᠬᠦ ᠳᠤ ᠬᠦᠴᠦ ᠨᠡᠮᠡᠨ᠂ ᠬᠤᠳᠠᠯᠳᠤᠭᠠᠴᠢᠳ ᠢ ᠬᠦᠨᠳᠦᠳᠬᠡᠵᠦ ᠬᠤᠳᠠᠯᠳᠤᠭᠠᠴᠢᠳ ᠢ ᠴᠢᠬᠤᠯᠠᠴᠢᠯᠠᠭᠰᠠᠨ᠂ ᠬᠤᠳᠠᠯᠳᠤᠭᠠᠴᠢᠳ ᠲᠤ ᠲᠣᠳᠤᠨᠤᠰᠤᠭ ᠬᠠᠨᠳᠤᠵᠤ ᠬᠤᠳᠠᠯᠳᠤᠭᠠᠴᠢᠳ ᠢ ᠨᠤᠲᠤᠭᠰᠢᠭᠤᠯᠤᠭᠰᠠᠨ ᠣᠷᠴᠢᠨ ᠠᠬᠤᠢ ᠶᠢ ᠪᠦᠷᠢᠯᠳᠦᠭᠦᠯᠵᠦ᠂ ᠪᠡᠯᠡ ᠣᠷᠣᠭᠤᠯᠵᠤ ᠦᠢᠯᠡᠰ ᠪᠦᠲᠦᠭᠡᠬᠦ ᠳᠠᠷᠬᠠᠨ ᠣᠷᠣᠨ ᠢ ᠪᠠᠶᠢᠭᠤᠯᠤᠨ᠎ᠠ᠃      — ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠭᠰᠠᠨ ᠪᠠ ᠴᠥᠯᠯᠡᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠭᠰᠠᠨ ᠵᠢᠱᠢᠶᠡᠴᠢ ᠬᠤᠰᠢᠭᠤ ᠶᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠤᠨ᠂ ᠠᠮᠢ ᠠᠬᠤᠢ ᠶᠢ ᠰᠡᠷᠭᠦᠭᠡᠬᠦ ᠡᠷᠴᠢᠮ ᠢ ᠴᠢᠩᠭᠠᠷᠠᠭᠤᠯᠵᠤ᠂ ᠣᠢ᠂ ᠡᠪᠡᠰᠦ᠂ ᠡᠯᠡᠰᠦᠨ ᠤ ᠠᠵᠦ ᠠᠬᠤᠢ ᠶᠢ ᠶᠡᠬᠡᠪᠡᠷ ᠬᠥᠭᠵᠢᠭᠦᠯᠦᠨ᠂ ᠬᠠᠲᠤᠨ ᠭᠤᠣᠯ ᠳᠠᠭᠠᠤ ᠠᠮᠢ ᠠᠬᠤᠢ ᠶᠢᠨ ᠬᠠᠯᠬᠠᠪᠴᠢ ᠪᠠ ᠬᠠᠲᠤᠨ ᠭᠤᠣᠯ ᠳᠠᠭᠠᠤ ᠪᠣᠬᠢᠷᠲᠤᠯ ᠦᠭᠡᠢ ᠣᠷᠴᠢᠯ ᠠᠵᠦ ᠠᠬᠤᠢ ᠶᠢᠨ ᠬᠤᠩᠭᠢᠯ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠢᠴᠡᠳ ᠢᠯᠡᠷᠡᠭᠦᠯᠦᠨ᠎ᠡ᠃      — ᠪᠦᠬᠦ ᠤᠯᠤᠰ ᠤᠨ ᠪᠣᠯᠪᠠᠰᠤᠨ ᠬᠤᠲᠠ ᠶᠢᠨ ᠨᠡᠶᠢᠲᠡᠯᠢᠭ ᠬᠤᠰᠢᠭᠤ ᠶᠢ ᠪᠠᠶᠢᠭᠤᠯᠤᠨ᠎ᠠ᠃ ︽ᠬᠤᠲᠠ ᠶᠢ ᠨᠡᠩ ᠭᠤᠶᠢᠳᠠ ᠰᠠᠶᠢᠬᠠᠨ ᠪᠣᠯᠭᠠᠵᠤ᠂ ᠠᠷᠠᠳ ᠣᠯᠠᠨ ᠳᠤ ᠨᠡᠩ ᠣᠯᠠᠨ ᠬᠠᠷᠠᠭᠠᠯᠵᠠᠯ ᠦᠵᠡᠭᠦᠯᠬᠦ︾ ᠬᠠᠷᠠᠯᠲᠠ ᠳᠤ ᠲᠥᠪᠯᠡᠷᠡᠭᠦᠯᠦᠨ᠂ ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠲᠠ ᠪᠠᠯᠭᠠᠰᠤᠨ ᠤ ᠬᠥᠭᠵᠢᠯᠲᠡ ᠶᠢᠨ ᠪᠠᠶᠢᠷᠢᠰᠢᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠬᠤᠲᠠ ᠪᠠᠯᠭᠠᠰᠤᠨ ᠤ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠣᠯᠪᠠᠰᠤᠨ ᠰᠤᠷᠲᠠᠯ ᠢ ᠪᠠᠳᠠᠷᠠᠭᠤᠯᠤᠨ᠂ ᠠᠷᠠᠳ ᠣᠯᠠᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃      — ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠠᠮᠲᠤ ᠪᠠᠷ ᠪᠠᠶᠢᠭᠤᠯᠵᠤ ᠬᠠᠮᠲᠤ ᠳᠠᠭᠠᠨ ᠠᠰᠢᠭᠯᠠᠭᠰᠠᠨ ᠴᠢᠨᠠᠷᠵᠢᠭᠤᠨ ᠬᠤᠰᠢᠭᠤ ᠶᠢ ᠪᠠᠶᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠦ ᠠᠬᠤᠢ ᠶᠢᠨ ᠨᠡᠮᠡᠭᠳᠡᠯ ᠢ ᠵᠡᠷᠭᠡᠪᠡᠷ ᠠᠬᠢᠭᠤᠯᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢ ᠣᠯᠠᠰᠢᠷᠠᠭᠤᠯᠤᠨ᠂ ᠰᠣᠶᠣᠯ ᠵᠢᠭᠤᠯᠴᠢᠯᠠᠯ᠂ ᠨᠡᠶᠢᠭᠡᠮ ᠤᠨ ᠳᠠᠭᠠᠳᠬᠠᠯ ᠵᠡᠷᠭᠡ ᠡᠯ᠎ᠡ ᠲᠥᠷᠥᠯ ᠤᠨ ᠦᠢᠯᠡᠰ ᠢ ᠥᠷᠢᠰᠦᠯᠳᠦᠭᠦᠯᠦᠨ ᠬᠥᠭᠵᠢᠭᠦᠯᠵᠦ᠂ ᠴᠢᠳᠠᠮᠵᠢ ᠪᠦᠷᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ᠂ ᠴᠢᠨᠠᠷ ᠰᠠᠶᠢᠲᠠᠢ ᠰᠤᠷᠭᠠᠨ ᠬᠥᠮᠥᠵᠢᠯ ᠡᠮᠴᠢᠯᠡᠭᠡ ᠨᠠᠰᠤᠲᠠᠨ ᠢ ᠠᠰᠠᠷᠠᠬᠤ ᠦᠢᠯᠡᠰ ᠤᠨ ᠲᠣᠭᠲᠠᠯᠴᠠᠭ᠎ᠠ᠂ ᠥᠨᠳᠥᠷ ᠲᠦᠪᠰᠢᠨ ᠪᠦᠬᠦᠢ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠨᠡᠩ ᠲᠡᠭᠦᠯᠳᠡᠷᠵᠢᠭᠦᠯᠦᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠥᠭᠡᠭᠡᠴᠡᠯᠳᠦᠯ ᠢ ᠨᠡᠩ ᠰᠠᠶᠢᠨ ᠬᠠᠩᠭᠠᠨ᠎ᠠ᠃      ᠲᠥᠯᠥᠭᠡᠯᠡᠭᠴᠢᠳ ᠠ᠋︕ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠪᠠ 2035 ᠣᠨ ᠤ ᠠᠯᠤᠰ ᠬᠡᠲᠦ ᠶᠢᠨ ᠬᠠᠷᠠᠯᠲᠠ ᠶᠢ ᠪᠡᠶᠡᠯᠡᠭᠦᠯᠬᠦ ᠵᠠᠮ ᠬᠤᠯᠠ ᠡᠭᠦᠷᠭᠡ ᠬᠦᠨᠳᠦ ᠪᠠᠶᠢᠨ᠎ᠠ᠃ ᠪᠢᠳᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠣᠷᠢᠭᠰᠠᠨ ᠳᠠᠭᠠᠨ ᠬᠦᠷᠬᠦ ᠪᠠᠷ ᠵᠣᠷᠢᠭᠲᠠᠢ ᠠᠵᠢᠯᠯᠠᠳᠠᠭ ᠯᠠ ᠪᠣᠯ ᠣᠲᠤᠭ ᠤᠨ ᠠᠵᠦ ᠠᠬᠤᠢ ᠨᠡᠶᠢᠭᠡᠮ ᠤᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠨᠢ ᠯᠠᠪᠲᠠᠢ᠃      ᠭᠤᠷᠪᠠ᠂ 2021 ᠣᠨ ᠤ ᠠᠵᠢᠯ ᠤᠨ ᠲᠣᠬᠢᠷᠠᠭᠤᠯᠭ᠎ᠠ      ᠥᠨᠥ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠣᠨ᠎ᠠ᠂ ᠰᠢᠨ᠎ᠡ ᠡᠬᠢᠯᠡᠯᠲᠡ ᠳᠤ ᠰᠢᠨ᠎ᠡ ᠠᠮᠵᠢᠯᠲᠠ ᠪᠦᠲᠦᠮᠵᠢ ᠭᠠᠷᠭᠠᠮᠤᠢ᠃ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠤᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 5% ᠣᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 3% ᠣᠷᠴᠢᠮ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠲᠤᠮ ᠤᠨ ᠡᠵᠡᠮᠳᠡᠵᠦ ᠪᠤᠯᠬᠤ ᠤᠷᠤᠯᠭ᠎ᠠ ᠶᠢ ᠲᠤᠰ ᠲᠤᠰ 2% ᠪᠠ 5% ᠤᠷᠴᠢᠮ ᠨᠡᠮᠡᠭᠳᠡᠭᠦᠯᠦᠨ᠎ᠡ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠨᠢᠭᠲᠠ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠱᠠᠲᠤ ᠶᠢ ᠪᠠᠲᠤ ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠣᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠤᠨ᠎ᠠ᠃ ᠥᠨᠥ ᠵᠢᠯ᠂ ᠭᠤᠣᠯᠳᠠᠭᠤ ᠳᠣᠣᠷᠠᠬᠢ ᠳᠣᠯᠣᠭᠠᠨ ᠲᠠᠯ᠎ᠠ ᠶᠢᠨ ᠠᠵᠢᠯ ᠢ ᠰᠠᠶᠢᠨ ᠬᠢᠨ᠎ᠡ᠃      ︵ᠨᠢᠭᠡ︶ ᠬᠡᠷᠡᠭᠴᠡᠭᠡ ᠪᠠᠷ ᠳᠠᠶᠢᠴᠢᠯᠠᠬᠤ ᠶᠢ ᠳᠣᠪᠣᠶᠢᠯᠭᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠠᠵᠤ ᠠᠬᠤᠢ ᠶᠢᠨ ᠬᠥᠭᠵᠢᠯᠲᠡ ᠶᠢ ᠠᠵᠢᠯ ᠤᠨ ᠳᠤᠮᠳᠠ ᠲᠤᠭᠤᠰᠢᠯᠠᠭᠤᠯᠬᠤ ᠶᠢ ᠪᠠᠷᠢᠮᠲᠠᠯᠠᠵᠤ᠂ ᠠᠵᠤ ᠠᠬᠤᠢ ᠲᠣᠭᠲᠠᠭᠤᠨ ᠢᠶᠠᠷ ᠰᠡᠷᠭᠦᠨ᠂ ᠥᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠨ᠎ᠠ᠃ ᠲᠥᠷᠥᠯ ᠵᠦᠢᠯ ᠤᠨ ᠬᠡᠷᠡᠭᠯᠡᠬᠦ ᠡᠨᠧᠷᠬᠢ᠂ ᠭᠠᠵᠠᠷ᠂ ᠤᠰᠤ ᠪᠠ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠬᠦᠴᠦᠨ ᠵᠦᠢᠯ ᠤᠨ ᠬᠠᠩᠭᠠᠯᠭ᠎ᠠ ᠶᠢ ᠦᠨᠡᠨᠬᠦ ᠪᠠᠲᠤᠯᠠᠵᠤ᠂ ᠵᠢᠯ ᠤᠨ ᠳᠣᠲᠣᠷ᠎ᠠ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 56 ᠬᠡᠷᠡᠭᠵᠢᠭᠦᠯᠬᠦ ᠪᠠᠷ ᠴᠢᠷᠮᠠᠶᠢᠨ᠎ᠠ᠂ ᠡᠭᠦᠨ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 21 ᠬᠡᠷᠡᠭᠵᠢᠭᠦᠯᠵᠦ᠂ ᠨᠡᠶᠢᠲᠡ 392 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠵᠢᠯ ᠤᠨ ᠳᠣᠲᠣᠷ᠎ᠠ 56.6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠨ᠎ᠠ᠃ ᠴᠢ ᠫᠠᠠ ᠵᠢᠩ ᠬᠦᠷᠢᠶᠡᠯᠡᠩ ᠤᠨ ᠳ᠋ᠦᠩ ᠿᠢ ᠰᠢᠨ᠎ᠡ ᠡᠨᠧᠷᠬᠢ ᠶᠢᠨ 20 ᠲᠦᠮᠡᠨ ᠲᠣᠨ ᠤ ᠵᠡᠭᠦᠦ ᠬᠡᠯᠪᠡᠷᠢᠲᠦ ᠬᠡᠤᠷᠡᠰᠤ᠂ ᠪᠢᠯᠢᠭ ᠲᠦᠢᠯ ᠤᠨ ᠮᠠᠲ᠋ᠧᠷᠢᠶᠠᠯ᠂ 200 ᠲᠦᠮᠡᠨ ᠲᠤᠨ ᠤ ᠬᠡᠤᠷᠡᠰᠤ ᠶᠢ ᠬᠤᠯᠪᠣᠭᠠᠯᠠᠨ ᠦᠢᠯᠡᠳᠪᠦᠷᠢᠯᠡᠵᠦ ᠬᠡᠦᠷᠡᠰᠦᠨ ᠵᠤᠤᠬ᠎ᠠ ᠶᠢᠨ ᠨᠡᠭᠦᠷᠡᠰᠦᠨ ᠤ ᠬᠡᠢ ᠶᠢ ᠶᠡᠷᠦᠩᠬᠡᠶᠢᠯᠡᠨ ᠠᠰᠢᠭᠯᠠᠬᠤ ᠪᠠ ᠵᠢᠶᠡᠨ ᠶᠤᠸᠠᠨ ᠤ ᠬᠡᠤᠷᠡᠰᠤᠨ ᠵᠣᠤᠬ᠎ᠠ ᠶᠢᠨ ᠨᠡᠭᠦᠷᠡᠰᠦᠨ ᠤ ᠬᠡᠢ ᠶᠢ ᠶᠡᠷᠦᠩᠬᠡᠶᠢᠯᠡᠨ ᠠᠰᠢᠭᠯᠠᠬᠤ᠂ 60 ᠲᠦᠮᠡᠨ ᠲᠣᠨ ᠤ ᠴᠠᠭᠠᠷᠢᠭ ᠡᠾᠧᠺᠰᠡᠨᠣᠨ ᠵᠡᠷᠭᠡ ᠲᠥᠷᠥᠯ ᠵᠦᠢᠯ᠂ ᠮᠸᠡᠭ ᠰᠢ ᠬᠦᠷᠢᠶᠡᠯᠡᠩ ᠤᠨ ᠵᠦᠡᠭ ᠭᠦ᠋ ᠶᠢᠨ ᠬᠤᠶᠠᠳᠤᠭᠠᠷ ᠬᠤᠭᠤᠴᠠᠭᠠᠨ ᠤ 30 ᠲᠦᠮᠡᠨ ᠲᠣᠨ PVC᠂ ᠵᠢᠶᠦ᠋ᠨ ᠤᠤ ᠶᠢᠨ 12 ᠲᠦᠮᠡᠨ ᠲᠣᠨ ᠼᠢᠶᠡᠨᠶᠦ᠋ᠷᠧ ᠬᠦᠴᠢᠯ᠂ ᠮᠸᠢ ᠯᠢ ᠵᠢᠶᠡᠨ ᠤ ᠪᠣᠳᠤᠭ ᠤᠨ ᠦᠢᠯᠡᠳᠬᠦᠨ ᠵᠡᠷᠭᠡ ᠲᠥᠷᠥᠯ ᠵᠦᠢᠯ ᠢ ᠡᠮᠬᠢ ᠲᠢᠭᠯᠢᠮ ᠲᠠᠢ ᠪᠠᠷ ᠠᠬᠢᠭᠤᠯᠤᠨ᠎ᠠ᠃ ᠠᠵᠤ ᠦᠢᠯᠡᠰ ᠢ ᠠᠪᠴᠠᠯᠳᠤᠭᠤᠯᠬᠤ ᠳᠠᠪᠴᠠᠩ ᠢ ᠰᠢᠯᠢᠳᠡᠭᠵᠢᠭᠦᠯᠦᠨ᠎ᠡ᠃ ᠬᠥᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠷᠣᠨ ᠲᠣᠭᠤᠷᠢᠭ ᠤᠨ ᠦᠨᠡᠯᠡᠯᠲᠡ ᠶᠢ ᠪᠦᠬᠦ ᠭᠥᠴᠤ ᠪᠠᠷ ᠢᠶᠠᠨ ᠰᠠᠶᠢᠨ ᠬᠢᠵᠤ᠂ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠨᠧᠷᠬᠢ ᠶᠢᠨ ᠬᠤᠷᠣᠭᠳᠠᠯ᠂ ᠣᠷᠴᠢᠨ ᠲᠣᠭᠤᠷᠢᠨ ᠤ ᠪᠠᠭᠲᠠᠭᠠᠮᠵᠢ᠂ ᠬᠡᠷᠡᠭᠯᠡᠬᠦ ᠤᠰᠤ ᠬᠡᠷᠡᠭᠯᠡᠬᠦ ᠭᠠᠵᠠᠷ ᠵᠡᠷᠭᠡ ᠬᠦᠴᠦᠨ ᠵᠦᠢᠯ ᠤᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ᠂ ᠶᠡᠷᠦᠩᠬᠡᠶᠢᠯᠡᠭᠰᠡᠨ ᠬᠤᠭᠤᠯᠠᠢ ᠲᠣᠣᠷ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ᠂ ᠵᠠᠮ ᠳᠠᠭᠠᠤ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠣᠷᠤᠭᠤᠯᠤᠯᠲᠠ ᠶᠢ ᠲᠠᠰᠤᠷᠠᠯᠲᠠ ᠦᠭᠡᠢ ᠶᠡᠬᠡᠰᠬᠡᠨ᠂ ᠠᠵᠤ ᠠᠬᠤᠶᠢᠯᠠᠯ ᠪᠠ ᠲᠥᠷᠥᠯ ᠵᠦᠢᠯ ᠤᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠱᠠᠭᠠᠷᠳᠠᠯᠭ᠎ᠠ ᠶᠢ ᠪᠦᠲᠦᠮᠵᠢᠲᠡᠢ ᠬᠠᠩᠭᠠᠨ᠎ᠠ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ᠃ ᠠᠵᠤ ᠦᠢᠯᠡᠰ ᠤᠨ ᠬᠥᠭᠵᠢᠯᠲᠡ ᠪᠠᠷ ᠤᠳᠤᠷᠢᠳᠤᠭᠤᠯᠵᠤ᠂ ᠡᠨᠧᠷᠬᠢ ᠠᠷᠪᠢᠯᠠᠬᠤ ᠳᠣᠣᠷ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ ᠦᠨᠳᠤᠷ ᠪᠦᠲᠦᠮᠵᠢᠲᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠶᠣᠰᠣᠭᠠᠷ᠂ ᠠᠵᠤ ᠦᠢᠯᠡᠰ ᠢ ᠦᠷᠭᠦᠯᠵᠢᠯᠡᠨ ᠬᠥᠭᠵᠢᠭᠦᠯᠬᠦ ᠢᠵᠢ ᠲᠥᠬᠦᠭᠡᠷᠦᠮᠵᠢ᠂ ᠤᠷ᠎ᠠ ᠮᠡᠷᠭᠡᠰᠢᠯ᠂ ᠬᠤᠪᠢᠰᠤᠯᠲᠠ ᠶᠢᠨ ᠬᠠᠨᠳᠤᠰᠢ ᠵᠡᠷᠭᠡ ᠣᠨᠴᠠᠯᠢᠭ ᠢ ᠳᠣᠪᠦᠶᠢᠯᠭᠠᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠦᠯᠥᠪᠯᠡᠭᠡ ᠨᠠᠶᠢᠷᠠᠭᠤᠯᠤᠨ᠂ ᠵᠢᠯ ᠤᠨ ᠳᠣᠲᠣᠷ᠎ᠠ ᠴᠡᠪᠡᠷ ᠡᠨᠧᠷᠬᠢ᠂ ᠶᠡᠷᠦᠩᠬᠡᠶᠢᠯᠡᠭᠰᠡᠨ ᠠᠰᠢᠭᠯᠠᠯᠲᠠ ᠪᠠᠷ ᠭᠤᠣᠯ ᠪᠣᠯᠭᠠᠭᠰᠠᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠵᠦ ᠬᠡᠯᠬᠢᠶ᠎ᠡ ᠶᠢ ᠬᠦᠴᠦᠷᠬᠡᠭᠵᠢᠭᠦᠯᠵᠦ ᠴᠢᠳᠠᠬᠤ ᠨᠢᠭᠡ ᠪᠦᠯᠦᠭ ᠲᠥᠷᠥᠯ ᠵᠦᠢᠯ ᠢ ᠰᠢᠨ᠎ᠡ ᠪᠠᠷ ᠨᠥᠬᠡᠴᠡᠯᠡᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠦᠷᠲᠡᠭ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨ ᠠᠭᠤᠰᠤᠯᠴᠠᠯ ᠢ ᠠᠬᠢᠭᠤᠯᠤᠨ᠎ᠠ᠃      ︵ᠬᠤᠶᠠᠷ︶ ᠡᠨᠧᠷᠬᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ ᠶᠢ ᠳᠣᠪᠣᠶᠢᠯᠭᠠᠵᠤ᠂ ᠣᠳᠣ ᠦᠶ᠎ᠡ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ ᠭᠡᠬᠦ ᠦᠢᠯᠠᠭᠠᠭᠲᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ᠡᠨᠧᠷᠬᠢ ᠠᠷᠪᠢᠯᠠᠬᠤ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠪᠠᠲᠤᠲᠠᠢ ᠠᠬᠢᠭᠤᠯᠤᠨ᠎ᠠ᠃ ︽ᠨᠡᠭᠦᠷᠡᠰᠣᠳᠦ᠋ᠷᠦᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠣᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠ ᠨᠡᠭᠦᠷᠡᠰᠣᠳᠦ᠋ᠷᠦᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ︾ ᠬᠠᠷᠠᠯᠲᠠ ᠳᠤ ᠲᠥᠪᠯᠡᠷᠡᠭᠦᠯᠵᠦ᠂ ᠪᠦᠬᠦ ᠣᠷᠣᠨ᠂ ᠪᠦᠬᠦ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠵᠤ᠂ ᠡᠨᠧᠷᠬᠢ ᠶᠢᠨ ᠬᠤᠷᠣᠭᠳᠠᠯ ᠤᠨ ︽ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ︾ ᠠᠵᠢᠯᠯᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠲᠣᠭᠲᠠᠭᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠡᠨᠧᠷᠬᠢ ᠶᠢᠨ ᠬᠤᠷᠣᠭᠳᠠᠯ ᠢ ᠵᠢᠯ ᠳᠤ ᠳᠤᠮᠳᠠᠴᠢ ᠪᠠᠷ 3% ᠪᠠᠷ ᠪᠠᠭᠤᠷᠠᠭᠤᠯᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ︽ᠡᠮᠦᠨ᠎ᠡ ᠦᠵᠦᠭᠦᠷ ᠢ ᠣᠬᠤᠷᠳᠠᠭᠤᠯᠬᠤ᠂ ᠬᠤᠶᠢᠨ᠎ᠡ ᠦᠵᠦᠭᠦᠷ ᠢ ᠤᠷᠲᠤᠳᠬᠠᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ ᠬᠤᠴᠣᠷᠣᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠲᠠᠶᠠᠭᠳᠠᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠬᠤᠪᠢ ᠶᠢᠨ ᠵᠢᠩ ᠢ ᠤᠯᠠᠮ ᠨᠡᠮᠡᠭᠳᠡᠭᠦᠯᠦᠨ᠂ ᠠᠵᠤ ᠠᠬᠤᠶᠢᠯᠠᠯ ᠤᠨ ᠡᠨᠧᠷᠬᠢ ᠠᠷᠪᠢᠯᠠᠬᠤ ᠤᠷ᠎ᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠣᠷᠣᠨ ᠲᠣᠭᠤᠷᠢᠭ ᠤᠨ ᠡᠨᠧᠷᠬᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠨᠡᠭᠦᠷᠡᠰᠣᠳᠦ᠋ᠷᠦᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠦᠴᠦᠯᠡᠴᠡ ᠶᠢ ᠠᠯᠬᠤᠮ ᠠᠯᠬᠤᠮ ᠢᠶᠠᠷ ᠪᠠᠭᠤᠷᠠᠭᠤᠯᠤᠨ᠂ ᠢᠯᠡᠭᠦᠴᠡ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠵᠤ᠂ ᠡᠨᠧᠷᠬᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠨᠧᠷᠬᠢ ᠬᠡᠷᠡᠭᠯᠡᠬᠦ ᠣᠷᠣᠨ ᠵᠠᠢ ᠭᠠᠷᠭᠠᠵᠤ ᠥᠭᠭᠦᠨ᠎ᠡ᠃ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠪᠠᠲᠤᠲᠠᠢ ᠠᠬᠢᠭᠤᠯᠵᠤ᠂ ᠠᠭᠤᠷᠬᠠᠢ ᠶᠢᠨ ᠣᠷᠣᠨ ᠤ ᠣᠶᠢᠵᠢᠭᠤᠯᠤᠯᠲᠠ ᠳᠤ ᠤᠰᠤ ᠬᠤᠷᠠᠮᠳᠤᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠭᠤᠷᠬᠠᠢ ᠶᠢ ᠲᠥᠪᠯᠡᠷᠡᠭᠦᠯᠦᠨ ᠵᠠᠰᠠᠬᠤ ᠪᠠ ᠭᠠᠵᠠᠷ ᠰᠢᠷᠣᠢ ᠶᠢ ᠴᠡᠭᠴᠡᠯᠡᠵᠦ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 21 ᠪᠠᠶᠢᠭᠤᠯᠤᠨ᠂ ᠠᠭᠤᠷᠬᠠᠢ ᠶᠢᠨ ᠦᠢᠯᠡᠰ ᠤᠨ ᠠᠵᠤ ᠠᠬᠤᠢ ᠳᠤ ᠪᠣᠬᠢᠷᠲᠤᠯ ᠦᠭᠡᠢ ᠬᠥᠭᠵᠢᠯᠲᠡ ᠶᠢᠨ ᠬᠥᠳᠡᠯᠭᠡᠭᠴᠢ ᠬᠦᠴᠦᠨ ᠨᠡᠮᠡᠨ᠎ᠡ᠃ ᠴᠡᠪᠡᠷ ᠡᠨᠧᠷᠬᠢ ᠶᠢ ᠶᠡᠬᠡᠪᠡᠷ ᠬᠥᠭᠵᠢᠭᠦᠯᠦᠨ᠎ᠡ᠃ ᠠᠵᠤ ᠦᠢᠯᠡᠰ ᠤᠨ ᠰᠠᠭᠤᠷᠢ ᠶᠢ ᠲᠠᠬᠢᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠂ ᠱᠤᠸᠠᠩ ᠰᠢᠨ ᠤ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠤᠨ ᠺᠣᠮᠫᠠᠨᠢ ᠶᠢᠨ 3600 ᠲᠦᠮᠡᠨ ᠲᠣᠨ ᠴᠢᠳᠠᠮᠵᠢᠲᠤ ᠴᠢᠨᠠᠷ ᠲᠠᠢ PVA ᠤᠰᠤᠨ ᠳᠤ ᠠᠭᠤᠰᠤᠭᠴᠢ ᠪᠦᠷᠬᠦᠪᠴᠢ᠂ 3 ᠲᠦᠮᠡᠨ ᠲᠣᠨ ᠣᠨᠴᠠ ᠲᠥᠷᠥᠯ ᠤᠨ PVA ᠵᠡᠷᠭᠡ ᠪᠡᠯᠡ ᠬᠤᠷᠠᠮᠳᠤᠭᠤᠯᠭ᠎ᠠ ᠶᠢᠨ ᠲᠥᠷᠥᠯ ᠵᠦᠢᠯ ᠢ ᠣᠷᠣᠭᠰᠢᠲᠠᠢ ᠨᠠᠶᠢᠳᠠᠪᠤᠷᠢᠵᠢᠭᠤᠯᠵᠤ᠂ ᠲᠥᠩ ᠬᠤᠢ ᠲᠢᠶᠡᠨ ᠺᠧ ᠬᠡᠢ ᠪᠡᠶᠡᠲᠦ ᠶᠢᠨ ᠺᠣᠮᠫᠠᠨᠢ ᠶᠢᠨ 20 ᠲᠦᠮᠡᠨ ᠲᠣᠨ ᠢᠳᠡᠭᠡᠨ ᠤ ᠲᠡᠰ ᠤᠨ ᠨᠡᠭᠦᠰᠣᠳᠦ᠋ᠷᠦᠭᠴᠢ ᠶᠢᠨ ᠳᠠᠪᠬᠤᠷ ᠢᠰᠦᠯ ᠤᠨ ᠲᠥᠷᠥᠯ ᠵᠦᠢᠯ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠭᠠᠷᠭᠠᠨ᠎ᠠ᠃ ᠴᠡᠪᠡᠷ ᠡᠨᠧᠷᠬᠢ᠂ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠢ ᠬᠦᠴᠦᠷᠬᠡᠭᠵᠢᠭᠦᠯᠵᠦ᠂ ᠤᠰᠤᠳᠦ᠋ᠷᠦᠭᠴᠢ ᠶᠢᠨ ᠡᠨᠧᠷᠬᠢ᠂ ᠰᠠᠯᠬᠢ ᠭᠡᠷᠡᠯ ᠴᠡᠨᠡᠭ ᠤᠨ ᠴᠠᠬᠢᠯᠭᠠᠨ ᠵᠡᠷᠭᠡ ᠴᠡᠪᠡᠷ ᠡᠨᠧᠷᠬᠢ ᠪᠠᠷ ᠣᠷᠣᠯᠠᠭᠤᠯᠬᠤ ᠠᠬᠢᠴᠠ ᠶᠢ ᠲᠦᠷᠭᠡᠳᠬᠡᠨ᠂ ᠣᠷᠳᠣᠰ ᠪᠦᠯᠦᠭᠯᠡᠯ ᠤᠨ 200 ᠲᠦᠮᠡᠨ ᠺᠢᠯᠣᠸᠠᠲ ᠤᠨ ᠴᠠᠬᠢᠯᠭᠠᠨ ᠡᠭᠦᠰᠬᠡᠭᠴᠢ᠂ ᠴᠠᠬᠢᠯᠭᠠᠨ ᠲᠣᠣᠷ᠂ ᠳᠠᠭᠠᠭᠠᠴᠠ᠂ ᠨᠥᠭᠡᠴᠡᠯᠡᠬᠦ ᠴᠢᠳᠠᠪᠤᠷᠢ ᠪᠠ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠤᠨ 400 ᠲᠦᠮᠡᠨ ᠺᠢᠯᠣᠸᠠᠲ ᠤᠨ ᠰᠠᠯᠬᠢ ᠭᠡᠷᠡᠯ ᠴᠡᠨᠡᠭ ᠨᠥᠬᠡᠴᠡᠯᠡᠬᠦ᠂ ᠱᠠᠩᠬᠠᠢ ᠶᠢᠨ ᠴᠠᠬᠢᠯᠭᠠᠨ ᠬᠡᠢ ᠶᠢᠨ 300 ᠲᠦᠮᠡᠨ ᠺᠢᠯᠣᠸᠠᠲ ᠤᠨ ᠰᠠᠯᠬᠢ ᠭᠡᠷᠡᠯ ᠴᠡᠨᠡᠭ ᠤᠰᠤᠳᠦ᠋ᠷᠦᠭᠴᠢ ᠨᠥᠬᠡᠴᠡᠯᠡᠬᠦ ᠵᠡᠷᠭᠡ ᠲᠥᠷᠥᠯ ᠵᠦᠢᠯ ᠢ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠵᠣ᠂ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠭᠦᠯᠣᠨ᠂ ᠪᠣᠬᠢᠷᠲᠤᠯ ᠦᠭᠡᠢ ᠪᠠᠷ ᠬᠥᠭᠵᠢᠬᠦ ᠶᠢ ᠦᠨᠡᠨᠬᠦ ᠪᠡᠶᠡᠯᠡᠭᠦᠯᠦᠨ᠎ᠡ᠃ ᠣᠯᠠᠨ ᠡᠰᠢᠲᠦ ᠠᠵᠤ ᠦᠢᠯᠡᠰ ᠤᠨ ᠪᠦᠲᠦᠴᠡ ᠶᠢ ᠥᠷᠭᠡᠳᠬᠡᠨ᠎ᠡ᠃ ᠬᠤᠪᠢᠰᠬᠠᠯᠲᠤ ᠰᠣᠶᠣᠯ ᠤᠨ ᠡᠬᠢ ᠪᠠᠶᠠᠯᠢᠭ ᠲᠠᠭᠠᠨ ᠲᠦᠰᠢᠭᠯᠡᠵᠦ᠂ ᠲᠣᠭᠤᠷᠢᠮ ᠤᠨ ᠡᠬᠡ ᠣᠷᠣᠨᠴᠢ ᠦᠵᠡᠯ ᠤᠨ ᠬᠥᠮᠥᠵᠢᠯ ᠤᠨ ᠰᠠᠭᠤᠷᠢᠨ ᠭᠠᠵᠠᠷ ᠢ ᠱᠠᠨᠰᠢ ᠭᠠᠨᠰᠤ ᠨᠢᠩᠰᠢᠶ᠋ᠨ ᠶᠢᠨ ᠬᠤᠪᠢᠰᠬᠠᠯᠲᠤ ᠵᠢᠭᠤᠯᠴᠢᠯᠠᠯ ᠤᠨ ᠲᠣᠭᠲᠠᠯᠴᠠᠭ᠎ᠠ ᠲᠠᠢ ᠠᠭᠤᠰᠤᠯᠴᠠᠭᠤᠯᠤᠨ᠎ᠠ᠃ ᠶᠡᠷᠦᠩᠬᠡᠶᠢᠯᠡᠭᠰᠡᠨ ᠭᠠᠵᠠᠷ ᠰᠢᠨᠵᠢᠯᠡᠭᠡᠨ ᠤ ᠮᠥᠽᠸᠢ᠂ ᠮᠣᠩᠭᠤᠯ ᠤᠨ ᠨᠢᠭᠤᠴᠠ ᠲᠣᠪᠴᠢᠶᠠᠨ ᠤ ᠮᠥᠽᠸᠢ᠂ ᠬᠡᠭᠡᠷ᠎ᠡ ᠶᠢᠨ ᠭᠠᠵᠠᠷ ᠰᠢᠨᠵᠢᠯᠡᠭᠡᠨ ᠤ ᠠᠪᠤᠷᠭᠤ ᠭᠦᠷᠪᠡᠯ ᠤᠨ ᠮᠦᠷ ᠤᠨ ᠴᠢᠯᠠᠭᠤᠵᠢᠮᠠᠯ ᠤᠨ ᠮᠥᠽᠸᠢ ᠵᠡᠷᠭᠡ ᠦᠵᠡᠭᠦᠯᠦᠯᠭᠡ ᠶᠢᠨ ᠮᠥᠽᠸᠢ ᠶᠢᠨ ᠰᠥᠷᠦᠭᠵᠢᠯ ᠤᠨ ᠳᠠᠪᠠᠭᠤᠯᠢᠭ ᠢ ᠦᠨᠡᠨᠬᠦ ᠪᠠᠳᠠᠷᠠᠭᠤᠯᠵᠤ᠂ ᠣᠯᠠᠨ ᠬᠦᠷᠢᠶ᠎ᠡ ᠬᠡᠪᠴᠢᠶ᠎ᠡ ᠶᠢ ᠬᠠᠮᠤᠷᠤᠭᠰᠠᠨ ᠭᠦᠨ ᠲᠡᠰ ᠳᠠᠪᠬᠤᠷᠭ᠎ᠠ ᠶᠢᠨ ᠰᠤᠳᠤᠯᠬᠤ ᠰᠣᠷᠣᠯᠴᠠᠬᠤ ᠵᠢᠭᠤᠯᠴᠢᠯᠠᠯ ᠤᠨ ᠲᠥᠰᠥᠯ ᠢ ᠨᠠᠷᠢᠯᠢᠭᠵᠢᠭᠤᠯᠵᠤ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠰᠤᠳᠤᠯᠵᠤ ᠰᠤᠷᠤᠯᠴᠠᠬᠤ ᠠᠵᠤ ᠦᠢᠯᠡᠰ ᠤᠨ ᠠᠭᠤᠰᠤᠯᠴᠠᠯ ᠬᠥᠭᠵᠢᠯᠲᠡ ᠶᠢ ᠠᠬᠢᠭᠤᠯᠤᠨ᠎ᠠ᠃ ᠬᠠᠯᠠᠭᠤᠨ ᠷᠠᠰᠢᠶᠠᠨ ᠤ ᠵᠢᠭᠤᠯᠴᠢᠯᠠᠯ ᠡᠷᠡᠭᠦᠯᠵᠢᠯ᠂ ᠲᠠᠯ᠎ᠠ ᠨᠤᠲᠤᠭ ᠤᠨ ᠥᠩᠭᠡ ᠦᠵᠡᠮᠵᠢ᠂ ᠬᠤᠪᠢᠰᠬᠠᠯᠲᠤ ᠰᠣᠶᠣᠯ᠂ ᠲᠡᠤᠬᠡ ᠶᠢᠨ ᠳᠤᠷᠠᠰᠬᠠᠯᠲᠤ ᠵᠦᠢᠯᠡᠰ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠰᠤᠳᠤᠯᠵᠤ ᠰᠤᠷᠤᠯᠴᠠᠬᠤ ᠵᠢᠭᠤᠯᠴᠢᠯᠠᠯ᠂ ᠡᠷᠡᠭᠦᠯᠵᠢᠭᠦᠯᠵᠦ ᠰᠤᠪᠢᠯᠠᠬᠤ ᠵᠢᠭᠤᠯᠴᠢᠯᠠᠯ᠂ ᠬᠠᠶᠢᠯᠲᠠ ᠬᠢᠬᠦ ᠵᠢᠭᠤᠯᠴᠢᠯᠠᠯ ᠵᠡᠷᠭᠡ ᠰᠢᠨ᠎ᠡ ᠠᠵᠤ ᠦᠢᠯᠡᠰ ᠢ ᠪᠣᠶᠢᠵᠢᠭᠤᠯᠤᠨ᠂ ᠤᠯᠠᠭᠠᠨᠪᠠᠯᠭᠠᠰᠣ ᠪᠠᠷ ᠲᠥᠪ ᠤᠯᠠᠭ᠎ᠠ ᠥᠷᠲᠡᠭᠡ ᠪᠣᠯᠭᠠᠭᠰᠠᠨ᠂ ︽ᠲᠣᠭᠤᠷᠢᠮ ᠤᠨ ᠬᠤᠪᠢᠰᠬᠠᠯ ᠤᠨ ᠬᠥᠮᠥᠵᠢᠯ ᠤᠨ ᠰᠠᠭᠤᠷᠢᠨ ᠭᠠᠵᠠᠷ + ᠠᠷᠵᠠᠢ ᠠᠭᠤᠢ + ᠠᠪᠤᠷᠭᠤ ᠭᠦᠷᠪᠡᠯ ᠤᠨ ᠮᠥᠷ ᠤᠨ ᠴᠢᠯᠠᠭᠤᠵᠢᠮᠠᠯ + ᠲᠠᠯ᠎ᠠ ᠨᠤᠲᠤᠭ ᠤᠨ ᠦᠵᠡᠮᠵᠢ ᠶᠢᠨ ᠣᠷᠣᠨ + ᠮᠠᠯᠴᠢᠨ ᠲᠠᠷᠢᠶᠠᠴᠢᠨ ᠠᠶᠢᠯ ᠤᠨ ᠵᠤᠭᠠᠴᠠᠯ ᠰᠡᠯᠡᠭᠦᠴᠡᠯ ᠤᠨ ᠭᠠᠵᠠᠷ︾ ᠵᠡᠷᠭᠡ ᠶᠢ ᠬᠤᠯᠪᠣᠭᠰᠠᠨ᠂ ᠪᠦᠬᠦ ᠲᠠᠯ᠎ᠠ ᠶᠢ ᠬᠠᠮᠤᠷᠤᠭᠰᠠᠨ ᠣᠨᠴᠠᠯᠢᠭᠲᠤ ᠵᠢᠭᠤᠯᠴᠢᠯᠠᠯ ᠤᠨ ᠨᠡᠷᠡᠲᠦ ᠲᠡᠮᠳᠡᠭ ᠢ ᠲᠦᠷᠭᠡᠨ ᠡᠭᠦᠳᠦᠨ᠎ᠡ᠃      ︵ᠭᠤᠷᠪᠡ︶ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠣᠪᠣᠶᠢᠯᠭᠠᠵᠤ᠂ ᠮᠠᠯ ᠲᠠᠷᠢᠶᠠᠯᠠᠩ ᠠᠵᠤ ᠠᠬᠤᠢ ᠶᠢᠨ ᠰᠢᠨ᠎ᠡ ᠶᠢ ᠡᠭᠦᠳᠴᠦ ᠲᠡᠰ ᠳᠡᠪᠰᠢᠭᠦᠯᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠮᠠᠯ ᠲᠠᠷᠢᠶᠠᠯᠠᠩ ᠤᠨ ᠴᠢᠨᠠᠷ ᠰᠠᠶᠢᠨ ᠡᠬᠢ ᠪᠠᠶᠠᠯᠢᠭ ᠲᠤ ᠲᠦᠭᠰᠢᠭᠯᠡᠨ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠤᠰᠬᠤᠨ ᠤ ᠪᠦᠬᠦ ᠲᠠᠯ᠎ᠠ ᠶᠢᠨ ᠬᠥᠭᠵᠢᠯᠲᠡ ᠶᠢ ᠳᠠᠶᠢᠴᠢᠯᠠᠨ᠎ᠠ᠃ ᠣᠲᠣ ᠦᠶ᠎ᠡ ᠶᠢᠨ ᠣᠨᠴᠠᠯᠢᠭ ᠲᠠᠢ ᠮᠠᠯ ᠲᠠᠷᠢᠶᠠᠯᠠᠩ ᠠᠵᠤ ᠦᠢᠯᠡᠰ ᠢ ᠨᠠᠷᠢᠯᠢᠭ ᠬᠥᠭᠵᠢᠭᠦᠯᠦᠨ᠎ᠡ᠃ ᠮᠠᠯ ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠮᠠᠯ ᠲᠠᠷᠢᠶᠠᠯᠠᠩ ᠠᠵᠤ ᠠᠬᠤᠢ ᠶᠢᠨ ︽ᠲᠠᠷᠢᠵᠤ ᠲᠡᠵᠢᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ︾ ᠶᠢ ᠠᠵᠤ ᠦᠢᠯᠡᠰᠵᠢᠭᠦᠯᠦᠨ ᠬᠡᠯᠪᠡᠷᠢ ᠶᠢ ᠨᠢ ᠬᠤᠪᠢᠷᠠᠭᠤᠯᠵᠤ ᠬᠥᠭᠵᠢᠭᠦᠯᠬᠦ ᠶᠢ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠮᠥᠩᠭᠦᠨ ᠭᠦᠢᠯᠭᠡᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠣᠯᠠᠨ ᠲᠠᠯ᠎ᠠ ᠪᠠᠷ ᠲᠡᠮᠵᠢᠨ᠎ᠡ᠃ ᠬᠤᠰᠢᠭᠤᠨ ᠤ ᠡᠳ᠋ ᠤᠨ ᠵᠠᠰᠠᠭ ᠠᠴᠠ 5000 ᠭᠠᠷᠤᠢ ᠲᠦᠮᠡᠨ ᠲᠦᠭᠦᠷᠢᠭ ᠤᠨ ᠪᠡᠯᠡ ᠣᠷᠣᠭᠤᠯᠬᠤ ᠶᠢᠨ ᠳᠠᠭᠠᠤ ᠳᠡᠭᠡᠳᠣ ᠱᠠᠲᠤᠨ ᠤ ᠮᠠᠯ ᠲᠠᠷᠢᠶᠠᠯᠠᠩ ᠲᠠᠢ ᠬᠤᠯᠪᠣᠭᠳᠠᠭᠰᠠᠨ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠬᠡᠨ᠂ ᠠᠷᠪᠠᠰ ᠤᠨ ᠨᠣᠯᠣᠣᠷ ᠤᠨ ᠴᠠᠭᠠᠨ ᠢᠮᠠᠭ᠎ᠠ᠂ ᠠᠯᠠᠰᠢᠨ ᠦᠬᠡᠷ᠂ ᠠᠯᠠᠰᠢᠨ ᠬᠤᠨᠢ᠂ ᠨᠤᠲᠤᠭ ᠤᠨ ᠲᠠᠬᠢᠶ᠎ᠠ ᠵᠡᠷᠭᠡ ᠠᠵᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠲᠡᠮᠵᠢᠨ᠎ᠡ᠃ ᠮᠠᠯ ᠲᠠᠷᠢᠶᠠᠯᠠᠩ ᠠᠵᠤ ᠦᠢᠯᠡᠰ ᠤᠨ ᠬᠥᠭᠵᠢᠭᠦᠯᠦᠯᠲᠡ ᠶᠢᠨ ᠰᠠᠭᠤᠷᠢ ᠮᠥᠩᠭᠦ ᠪᠠ ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠭᠠᠨ ᠤ ᠰᠠᠭᠤᠷᠢ ᠮᠥᠩᠭᠦ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠨᠡᠶᠢᠭᠡᠮ ᠤᠨ ᠨᠡᠩ ᠣᠯᠠᠨ ᠡᠳ᠋ ᠬᠥᠷᠥᠩᠭᠡ ᠶᠢᠨ ᠣᠷᠤᠭᠤᠯᠤᠯᠲᠠ ᠶᠢ ᠳᠠᠶᠢᠴᠢᠯᠠᠨ᠂ ᠮᠠᠯ ᠲᠠᠷᠢᠶᠠᠯᠠᠩ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠨᠡᠮᠡᠭᠳᠡᠭᠦᠯᠦᠨ᠂ ᠶᠠᠳᠠᠭᠤᠷᠠᠬᠤ ᠶᠢ ᠯᠠᠪᠳᠠᠭᠤᠨ ᠢᠶᠠᠷ ᠰᠡᠷᠭᠡᠶᠢᠯᠡᠬᠦ ᠳᠠᠭᠠᠭᠠᠮᠠᠭᠠᠢ ᠲᠣᠭᠲᠠᠴᠠ ᠶᠢ ᠪᠦᠷᠢᠯᠳᠦᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠠᠰᠤᠷᠠᠯᠲᠠ ᠦᠭᠡᠢ ᠪᠣᠢ ᠪᠣᠯᠭᠠᠵᠤ᠂ ︽ᠨᠠᠮ ᠤᠨ ᠡᠭᠦᠷ + ᠳᠠᠭᠠᠭᠤᠯᠤᠭᠴᠢ ᠠᠵᠤ ᠠᠬᠤᠶᠢᠯᠠᠯ ︵ᠬᠤᠷᠰᠢᠶ᠎ᠠ︶ + ᠮᠥᠩᠭᠦᠨ ᠭᠦᠢᠯᠭᠡᠭᠡ + ᠮᠠᠯᠴᠢᠨ ᠲᠠᠷᠢᠶᠠᠴᠢᠨ ᠡᠷᠦᠬᠡ︾ ᠶᠢ ᠴᠣᠭᠴᠠᠵᠢᠭᠤᠯᠤᠭᠰᠠᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠦᠨ᠂ ᠮᠠᠯ ᠲᠠᠷᠢᠶᠠᠯᠠᠩ ᠠᠵᠤ ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠤᠯᠲᠠᠴᠢᠯᠠᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠨᠡᠩ ᠣᠯᠠᠨ ᠮᠠᠯᠴᠢᠨ ᠲᠠᠷᠢᠶᠠᠴᠢᠨ ᠡᠷᠦᠬᠡ ᠶᠢ ᠬᠤᠷᠰᠢᠨ ᠠᠵᠢᠯᠯᠠᠭᠤᠯᠵᠤ ᠬᠠᠮᠲᠤᠪᠠᠷ ᠠᠰᠢᠭ ᠣᠯᠬᠤ ᠬᠥᠭᠵᠢᠯᠲᠡ ᠶᠢᠨ ᠵᠠᠮ ᠢᠶᠠᠷ ᠵᠠᠮᠨᠠᠭᠤᠯᠬᠤ ᠶᠢ ᠳᠠᠶᠢᠴᠢᠯᠠᠨ᠎ᠠ᠃ ᠮᠠᠯ ᠤᠨ ᠡᠮᠴᠢ ᠶᠢᠨ ᠨᠡᠶᠢᠬᠡᠮᠴᠢᠯᠡᠭᠰᠡᠨ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢᠳᠠᠨ ᠤ ᠡᠪᠡᠳᠴᠢᠨ ᠬᠢᠵᠢᠭ ᠤᠨ ᠰᠡᠷᠭᠡᠶᠢᠯᠡᠯᠲᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠴᠢᠩᠭᠠᠳᠬᠠᠨ᠂ ᠠᠷᠪᠠᠰ ᠤᠨ ᠨᠣᠯᠣᠣᠷ ᠤᠨ ᠴᠠᠭᠠᠨ ᠢᠮᠠᠭᠠᠨ ᠤ ︽ᠡᠭᠦᠯᠳᠡᠷ ᠤᠨ ᠢᠨᠵᠧᠨᠧᠷᠢᠩ︾ ᠢ ᠳᠣᠪᠣᠶᠢᠯᠭᠠᠨ ᠠᠳᠬᠤᠨ᠎ᠠ᠃ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠭᠤᠰᠤᠯᠴᠠᠭᠰᠠᠨ ᠬᠥᠭᠵᠢᠯᠲᠡ ᠶᠢ ᠴᠢᠩᠭᠠᠳᠬᠠᠨ᠎ᠠ᠃ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠵᠦ᠂ ᠤᠳᠦ ᠦᠶ᠎ᠡ ᠶᠢᠨ ᠮᠠᠯ ᠲᠠᠷᠢᠶᠠᠯᠠᠩ ᠠᠵᠤ ᠦᠢᠯᠡᠰ ᠤᠨ ᠬᠦᠷᠢᠶᠡᠯᠡᠩ ᠢ ᠠᠰᠢᠭᠯᠠᠨ᠂ ᠠᠵᠤ ᠦᠢᠯᠡᠰ ᠤᠨ ᠳᠠᠪᠠᠭᠤᠯᠢᠭ ᠢ ᠤᠯᠠᠮ ᠨᠢᠭᠡᠳᠬᠡᠵᠦ᠂ ᠪᠦᠲᠦᠭᠡᠭᠳᠡᠬᠦᠨ ᠤ ᠶᠠᠰᠤ ᠴᠢᠨᠠᠷ ᠢ ᠰᠠᠶᠢᠵᠢᠷᠠᠭᠤᠯᠤᠨ᠂ ᠭᠠᠷᠤᠯᠲᠠ ᠶᠢ ᠨᠡᠮᠡᠭᠳᠡᠭᠦᠯᠵᠦ᠂ ᠣᠷᠳᠣᠰ ᠪᠦᠯᠦᠭᠯᠡᠯ᠂ ᠴᠠᠩᠴᠦ᠋ᠨ ᠤ ᠬᠤᠤ ᠶᠤᠸᠠᠢ ᠪᠦᠯᠦᠭᠯᠡᠯ ᠵᠡᠷᠭᠡ ᠤᠯᠤᠰ ᠤᠨ ᠳᠣᠲᠣᠭᠠᠳᠤ ᠶᠢᠨ ᠨᠡᠷᠡᠲᠡᠢ ᠠᠵᠤ ᠠᠬᠤᠶᠢᠯᠠᠯ ᠯᠤᠭ᠎ᠠ ᠬᠤᠷᠰᠢᠨ᠂ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢ ᠬᠡᠷᠡᠭᠯᠡᠵᠦ᠂ ᠨᠡᠷᠡᠲᠦ ᠲᠡᠮᠳᠡᠭ ᠢᠶᠠᠷ ᠳᠠᠶᠢᠴᠢᠯᠠᠨ᠂ ᠣᠨᠴᠠᠯᠢᠭᠲᠤ ᠠᠵᠤ ᠦᠢᠯᠡᠰ ᠢ ᠵᠣᠬᠢᠴᠠᠭᠤᠯᠤᠨ ᠬᠥᠭᠵᠢᠭᠦᠯᠦᠨ᠎ᠡ᠃ ᠮᠦ ᠯᠢᠶᠡᠨ᠂ ᠲᠢᠶᠠᠨ ᠲᠠᠢ ᠸᠠᠨ ᠰᠢᠨ ᠵᠡᠷᠭᠡ ᠺᠣᠮᠫᠠᠨᠢ ᠳᠤ  ᠲᠦᠰᠢᠭᠯᠡᠵᠦ᠂ ︽ᠰᠦᠯᠵᠢᠶᠡᠨ ᠠᠴᠠ ᠭᠠᠳᠠᠭᠤᠷ ᠪᠡᠶᠡᠴᠢᠯᠡᠨ ᠣᠶᠢᠯᠠᠭᠠᠬᠤ + ᠡᠯᠧᠺᠲᠷᠣᠨ ᠬᠤᠳᠠᠯᠳᠤᠭᠠᠨ ᠤ ᠳᠠᠪᠴᠠᠩ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ︾ ᠶᠢᠨ ᠬᠡᠯᠪᠡᠷᠢ ᠪᠠᠷ ᠳᠠᠮᠵᠢᠭᠤᠯᠤᠨ᠂ ᠵᠠᠬᠢᠶᠠᠯᠠᠭ᠎ᠠ ᠪᠠᠷ ᠲᠡᠵᠢᠭᠡᠨ ᠦᠷᠡᠵᠢᠭᠦᠯᠬᠦ᠂ ᠲᠣᠭᠲᠠᠭᠰᠠᠨ ᠭᠠᠵᠠᠷ ᠲᠤ ᠪᠣᠯᠪᠠᠰᠤᠷᠠᠭᠤᠯᠬᠤ᠂ ᠨᠢᠭᠡᠳᠦᠯᠲᠡᠢ ᠪᠣᠷᠣᠯᠠᠭᠤᠯᠬᠤ ᠰᠢᠨ᠎ᠡ ᠪᠠᠶᠢᠳᠠᠯ ᠢ ᠢᠳᠡᠪᠬᠢᠲᠡᠢ ᠪᠤᠢ ᠪᠣᠯᠭᠠᠵᠤ᠂ ᠮᠠᠯ ᠲᠠᠷᠢᠶᠠᠯᠠᠩ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠢ ᠭᠦᠨᠵᠡᠭᠡᠢ ᠠᠬᠢᠭᠤᠯᠤᠨ᠎ᠠ᠃ ᠠᠭᠤᠯᠠ ᠤᠰᠤ ᠣᠢ ᠮᠣᠳᠤ ᠭᠠᠵᠠᠷ ᠲᠠᠷᠢᠶ᠎ᠠ ᠨᠠᠭᠤᠷ ᠪᠦᠷᠢᠳᠦ ᠪᠡᠯᠴᠢᠭᠡᠷ ᠡᠯᠡᠰᠦᠨ ᠤ ᠰᠢᠰᠲ᠋ᠧᠮᠲᠦ ᠵᠠᠰᠠᠯᠲᠠ ᠶᠢᠨ ᠦᠢᠯᠠᠭᠠᠭᠳᠠᠬᠤᠨ ᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠠᠷ ᠨᠢᠭᠡᠳᠦᠯᠲᠡᠢ ᠤᠳᠤᠷᠢᠳᠤᠭᠤᠯᠤᠨ᠂ ᠬᠠᠤᠯᠢ ᠳᠥᠷᠢᠮ ᠵᠥᠷᠢᠴᠡᠵᠦ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠵᠢᠯᠯᠠᠭ᠎ᠠ ᠶᠢᠨ ᠲᠤᠰᠬᠠᠢ ᠴᠡᠭᠴᠡᠯᠡᠯᠲᠡ ᠶᠢ ᠰᠠᠶᠢᠨ ᠬᠢᠵᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠲᠣᠭᠤᠷᠢᠭ ᠬᠤᠪᠢᠶᠠᠵᠤ ᠡᠭᠡᠯᠵᠢᠯᠡᠨ ᠮᠠᠯᠵᠢᠬᠤ᠂ ᠪᠡᠯᠴᠢᠭᠡᠷ ᠢᠶᠠᠷ ᠮᠠᠯ ᠤᠨ ᠲᠤᠭ᠎ᠠ ᠲᠣᠯᠣᠭᠠᠢ ᠶᠢ ᠲᠣᠭᠲᠠᠭᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠡᠷᠡᠰ ᠬᠡᠷᠡᠭᠵᠢᠭᠦᠯᠦᠨ᠂ ᠨᠤᠲᠤᠭ ᠪᠡᠯᠴᠢᠭᠡᠷ᠂ ᠣᠶᠢᠲᠤ ᠭᠠᠵᠠᠷ ᠢ ᠬᠠᠭᠠᠯᠪᠤᠷᠢᠯᠠᠭᠰᠠᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 235 ᠲᠦᠮᠡᠨ ᠮᠦ ᠶᠢᠨ ᠪᠡᠭᠡᠵᠢᠩ ᠲᠢᠶᠡᠨᠵᠢᠨ ᠤ ᠰᠠᠯᠬᠢ ᠡᠯᠡᠰᠦᠨ ᠤ ᠡᠬᠢ ᠢᠷᠡᠯᠲᠡ ᠶᠢᠨ ᠵᠠᠰᠠᠯᠲᠠ᠂ 80 ᠲᠦᠮᠡᠨ ᠮᠦ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠣᠢ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠬᠥᠷᠥᠰᠥ ᠶᠢ ᠬᠠᠮᠠᠭᠠᠯᠠᠵᠤ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ 2 ᠲᠦᠮᠡᠨ ᠮᠦ ᠶᠢᠨ ᠦᠨᠳᠤᠷ ᠪᠠᠷᠢᠮᠵᠢᠶᠠᠵᠢᠲᠤ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠎ᠡ᠃ ᠬᠠᠲᠤᠨ ᠭᠤᠣᠯ ᠳᠠᠭᠠᠤ ᠬᠤᠵᠢᠷᠯᠢᠭ ᠭᠠᠵᠠᠷ ᠢ ᠥᠭᠡᠷᠡᠴᠢᠯᠡᠬᠦ ᠲᠤᠷᠰᠢᠯᠲᠠ ᠶᠢ ᠵᠢᠱᠢᠶ᠎ᠡ ᠦᠵᠡᠭᠦᠯᠦᠨ ᠬᠢᠬᠦ ᠪᠠ ᠮᠠᠯ ᠲᠠᠷᠢᠶᠠᠯᠠᠩ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠭᠤᠣᠯ ᠮᠥᠷᠡᠨ ᠢ ᠵᠠᠰᠠᠬᠤ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠵᠦ᠂ ᠦᠨᠳᠤᠷ ᠪᠦᠲᠦᠮᠵᠢᠲᠡᠢ ᠪᠠᠷ ᠤᠰᠤ ᠠᠷᠪᠢᠯᠠᠨ ᠤᠰᠤᠯᠠᠬᠤ ᠮᠡᠷᠭᠡᠵᠢᠯ ᠢ ᠳᠡᠯᠭᠡᠷᠡᠭᠦᠯᠦᠨ᠂ ᠬᠡᠲᠦᠷᠬᠡᠢ ᠮᠠᠯᠲᠠᠭᠰᠠᠨ ᠣᠷᠣᠨ ᠢ ᠵᠠᠰᠠᠭᠰᠠᠨ ᠦᠷ᠎ᠡ ᠪᠦᠲᠦᠮᠵᠢ ᠶᠢ ᠪᠠᠲᠤᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠦᠩ ᠤᠨ ᠥᠭᠡᠷᠡᠴᠢᠯᠡᠯᠲᠡ᠂ ᠬᠤᠭ ᠨᠣᠪᠰᠢ ᠪᠠ ᠪᠤᠵᠠᠷ ᠤᠰᠤ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠨ ᠬᠢᠵᠤ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃      ︵ᠳᠥᠷᠪᠡ︶ ᠣᠷᠣᠨ ᠲᠣᠭᠤᠷᠢᠭ ᠤᠨ ᠵᠣᠬᠢᠴᠠᠭᠤᠯᠭ᠎ᠠ ᠶᠢ ᠳᠣᠪᠣᠶᠢᠯᠭᠠᠵᠤ᠂ ᠰᠢᠨ᠎ᠡ ᠬᠡᠯᠪᠡᠷᠢ ᠶᠢᠨ ᠴᠢᠨᠠᠷᠵᠢᠭᠤᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠣᠯᠠᠨ ᠳᠤ ᠦᠨᠳᠤᠷ ᠬᠢᠷᠢ ᠲᠦᠪᠰᠢᠨ ᠲᠠᠢ ᠴᠢᠨᠠᠷᠵᠢᠭᠤᠨ ᠠᠮᠢᠳᠤᠷᠠᠯ ᠤᠨ ᠣᠷᠴᠢᠨ ᠢ ᠪᠦᠷᠢᠯᠳᠦᠭᠦᠯᠵᠦ᠂ ᠣᠷᠣᠨ ᠲᠣᠭᠤᠷᠢᠭ ᠤᠨ ᠵᠣᠬᠢᠴᠠᠭᠤᠯᠭ᠎ᠠ᠂ ᠬᠤᠲᠠ ᠬᠥᠳᠡᠭᠡ ᠶᠢᠨ ᠠᠭᠤᠰᠤᠯᠴᠠᠭᠰᠠᠨ ᠬᠥᠭᠵᠢᠯᠲᠡ ᠶᠢ ᠨᠡᠩ ᠰᠠᠶᠢᠨ ᠠᠬᠢᠭᠤᠯᠤᠨ᠎ᠠ᠃ ᠬᠤᠲᠠ ᠪᠠᠯᠭᠠᠰᠤᠨ ᠤ ᠵᠡᠷᠭᠡ ᠲᠡᠰ ᠤᠨ ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠤᠯᠠᠭᠠᠨᠪᠠᠯᠭᠠᠰᠤ ᠵᠢᠴᠢ ᠣᠶᠢᠷ᠎ᠠ ᠬᠠᠪᠢ ᠶᠢᠨ ᠭᠠᠵᠠᠷ ᠤᠨ ᠢᠯᠴᠢ ᠶᠢᠨ ᠷᠠᠰᠢᠶᠠᠨ ᠪᠤᠯᠠᠭ᠂ ᠬᠠᠮᠠᠷᠠᠭᠲᠠᠢ ᠨᠠᠭᠤᠷ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠵᠦ᠂ ᠤᠯᠠᠭᠠᠬᠤᠪᠣᠭ᠎ᠠ᠂ ᠠᠮᠢ ᠠᠬᠤᠢ ᠶᠢᠨ ᠤᠷᠭᠤᠮᠠᠯ ᠤᠨ ᠬᠦᠷᠢᠶᠡᠯᠡᠩ᠂ ᠠᠪᠤᠷᠭᠤ ᠭᠦᠷᠪᠡᠯ ᠤᠨ ᠰᠣᠶᠣᠯ ᠤᠨ ᠴᠡᠴᠡᠷᠯᠢᠭ ᠪᠠ ᠪᠠᠷᠠᠭᠤᠨ ᠣᠷᠳᠣᠰ ᠭᠤᠣᠯ ᠰᠡᠳᠦᠪᠲᠦ ᠴᠡᠴᠡᠷᠯᠢᠭ ᠢᠶᠠᠷ ᠭᠤᠣᠯ ᠪᠣᠯᠭᠠᠨ᠂ ᠤᠯᠠᠭᠠᠨᠪᠠᠯᠭᠠᠰᠤᠨ ᠤ ᠠᠮᠢ ᠠᠬᠤᠢ ᠶᠢ ᠵᠠᠰᠠᠬᠤ᠂ ᠤᠰᠤᠨ ᠤ ᠡᠬᠢ ᠪᠠᠶᠠᠯᠢᠭ ᠢ ᠤᠷᠴᠢᠯᠳᠤᠭᠤᠯᠤᠨ ᠠᠰᠢᠭᠯᠠᠬᠤ᠂ ︽ᠬᠠᠯᠠᠭᠤᠨ ᠷᠠᠰᠢᠶᠠᠨ ᠢ ᠬᠤᠲᠠ ᠪᠠᠯᠭᠠᠰᠤᠨ ᠳᠤ ᠠᠪᠴᠢᠷᠠᠬᠤ︾᠂ ︽ᠬᠤᠲᠠ ᠪᠠᠯᠭᠠᠰᠤ ᠲᠣᠭᠤᠷᠢᠭᠰᠠᠨ ᠤᠰᠤᠨ ᠤ ᠰᠢᠰᠲ᠋ᠧᠮ ᠢ ᠪᠠᠶᠢᠭᠤᠯᠬᠤ︾ ᠢᠨᠵᠧᠨᠧᠷᠢᠩ ᠢ ᠡᠬᠢᠯᠡᠭᠦᠯᠵᠦ ᠬᠡᠷᠡᠭᠵᠢᠭᠦᠯᠦᠨ᠎ᠡ᠃ ᠤᠯᠠᠭᠠᠨᠪᠠᠯᠭᠠᠰᠤᠨ ᠤ ᠣᠷᠣᠨ ᠪᠠᠶᠢᠷᠢ ᠶᠢᠨ ᠣᠨᠴᠠᠯᠢᠭ ᠲᠤ ᠰᠠᠭᠤᠷᠢᠯᠠᠵᠤ᠂ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠮᠣᠩᠭᠤᠯ ᠬᠢᠲᠠᠳ ᠡᠮ ᠡᠮᠨᠡᠯᠭᠡ᠂ ᠣᠷᠢᠶᠠᠮᠠᠭ ᠵᠠᠮᠠᠭ ᠵᠡᠷᠭᠡ ᠣᠨᠴᠠᠯᠢᠭᠲᠤ ᠡᠷᠡᠭᠦᠯᠵᠢᠯ ᠰᠤᠪᠢᠯᠠᠯ ᠤᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠠᠯᠠᠭᠤᠨ ᠷᠠᠰᠢᠶᠠᠨ᠂ ᠷᠠᠰᠢᠶᠠᠨ ᠪᠤᠯᠠᠭ ᠢᠶᠠᠷ ᠢᠯᠡᠷᠬᠡᠶᠢᠯᠡᠯ ᠲᠡᠮᠳᠡᠭ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠡᠷᠡᠭᠦᠯᠵᠢᠯ ᠰᠤᠪᠢᠯᠠᠯ ᠤᠨ ᠲᠥᠪ ᠢ ᠪᠠᠶᠢᠭᠤᠯᠤᠨ᠎ᠠ᠃ ᠨᠤᠲᠤᠭ ᠤᠨ ᠠᠵᠤ ᠠᠬᠤᠶᠢᠯᠠᠯ᠂ ᠰᠢᠨ᠎ᠡ ᠣᠷᠣᠵᠤ ᠢᠷᠡᠭᠰᠡᠨ ᠠᠵᠤ ᠠᠬᠤᠶᠢᠯᠠᠯ ᠢ ᠤᠯᠠᠭᠠᠨᠪᠠᠯᠭᠠᠰᠤᠨ ᠳᠤ ᠲᠥᠪᠯᠡᠷᠡᠭᠦᠯᠦᠨ ᠰᠠᠭᠤᠷᠢᠰᠢᠭᠤᠯᠵᠤ᠂ ︽ᠶᠡᠷᠦᠩᠬᠡᠢ ᠭᠠᠵᠠᠷ ᠤᠨ ᠠᠵᠤ ᠠᠬᠤᠢ︾ ᠶᠢ ᠪᠤᠢ ᠪᠣᠯᠭᠠᠨ᠂ ᠬᠤᠳᠠᠯᠳᠤᠭᠠᠨ ᠤ ᠣᠷᠴᠢᠨ ᠢ ᠪᠦᠷᠢᠯᠳᠦᠭᠦᠯᠦᠨ ᠥᠭᠴᠦ᠂ ᠬᠦᠷ ᠨᠠᠷᠭᠢᠶᠠᠨ ᠨᠡᠮᠡᠨ᠂ ᠬᠤᠲᠠ ᠪᠠᠯᠭᠠᠰᠤᠨ ᠤ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠦᠨ᠎ᠡ᠃ ᠬᠤᠲᠠ ᠪᠠᠯᠭᠠᠰᠤᠨ ᠤ ᠰᠠᠭᠤᠷᠢ ᠴᠢᠳᠠᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠲᠣᠬᠢᠶᠠᠯᠳᠤᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠨ᠂ ᠬᠤᠰᠢᠭᠤᠨ ᠤ ᠨᠠᠰᠤᠲᠠᠨ ᠢ ᠠᠰᠠᠷᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠮᠪᠠᠯᠲᠠ ᠶᠢᠨ ᠣᠷᠳᠣᠨ ᠵᠢᠴᠢ ᠫᠢᠩᠫᠠᠩ ᠪᠥᠮᠪᠦᠭᠡ ᠥᠳᠥᠨ ᠪᠦᠮᠪᠦᠭᠡᠨ ᠤ ᠣᠷᠳᠣᠨ ᠵᠡᠷᠭᠡ ᠲᠥᠷᠥᠯ ᠵᠦᠢᠯ ᠢ ᠡᠬᠢᠯᠡᠭᠦᠯᠦᠨ ᠪᠠᠶᠢᠭᠤᠯᠤᠨ᠎ᠠ᠃ ᠬᠤᠲᠠ ᠶᠢᠨ ᠵᠠᠮ᠂ ᠬᠤᠭᠤᠯᠠᠢ ᠲᠣᠣᠷ ᠵᠡᠷᠭᠡ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠰᠢᠨᠡᠴᠢᠯᠡᠬᠦ ᠠᠵᠢᠯ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠤᠷ ᠪᠠ ᠪᠠᠷᠢᠯᠭ᠎ᠠ ᠶᠢᠨ ᠬᠤᠭ ᠨᠣᠪᠰᠢ ᠶᠢ ᠪᠤᠯᠠᠬᠤ ᠲᠠᠯᠠᠪᠤᠷ ᠤᠨ ᠲᠥᠷᠥᠯ ᠵᠦᠢᠯ ᠢ ᠲᠣᠬᠢᠷᠠᠮᠵᠢᠲᠠᠢ ᠴᠠᠭ ᠲᠤᠨᠢ ᠡᠬᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠪᠣᠳᠠᠲᠠᠢ ᠰᠢᠢᠳᠪᠦᠷᠢᠯᠡᠨ᠎ᠡ᠃ ᠴᠢᠬᠤᠯᠠ ᠲᠣᠮᠦ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠣᠯᠠᠨ ᠲᠦᠮᠡᠨ ᠳᠤ ᠳᠦᠭᠦᠮ ᠦᠵᠡᠭᠦᠯᠵᠦ ᠪᠦᠬᠦᠨ ᠢ ᠬᠤᠯᠪᠣᠭᠰᠠᠨ︾ ᠵᠠᠮ ᠬᠠᠷᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ᠂ ᠨᠡᠶᠢᠲᠡᠮ ᠬᠡᠷᠡᠭᠯᠡᠭᠡᠨ ᠤ ᠨᠢᠰᠬᠡᠯ ᠤᠨ ᠲᠠᠯᠠᠪᠦᠷ ᠤᠨ ᠪᠠᠷᠢᠯᠭ᠎ᠠ ᠶᠢ ᠡᠬᠢᠯᠡᠭᠦᠯᠦᠨ᠂ ᠮᠤᠵᠢ ᠶᠢᠨ ᠵᠠᠮ ᠤᠨ 216 ᠱᠤᠭᠤᠮ ᠤᠨ ᠴᠢ ᠫᠠᠠ ᠵᠢᠩ ᠠᠴᠠ ᠮᠸᠡᠭ ᠰᠢ ᠬᠦᠷᠬᠦ ᠭᠡᠰᠡᠭ᠂ ᠮᠸᠡᠭ ᠰᠢ ᠠᠴᠠ ᠺᠠᠷᠺᠦ᠋ᠯ ᠬᠤᠨᠢᠨ ᠲᠠᠯᠠᠪᠡᠢ ᠬᠦᠷᠬᠦ ᠲᠡᠮᠦᠷ ᠵᠠᠮ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠵᠢᠴᠢ ᠣᠲᠤᠭ ᠤᠨ ᠥᠷᠲᠡᠭᠡ ᠴᠡᠭ ᠤᠨ ᠪᠠᠶᠢᠭᠤᠯᠤᠯᠲᠠ ᠶᠢ ᠲᠦᠷᠭᠡᠳᠬᠡᠵᠦ᠂ 100 ᠺᠢᠯᠤᠮᠧᠲᠷ ᠤᠨ ᠬᠥᠳᠡᠭᠡ ᠲᠤᠰᠬᠤᠨ ᠤ ᠵᠠᠮ ᠢ ᠰᠠᠶᠢᠵᠢᠷᠠᠭᠤᠯᠤᠨ᠎ᠠ᠃ 5G ᠰᠦᠯᠵᠢᠶᠡᠨ ᠤ ᠰᠠᠭᠤᠷᠢ ᠥᠷᠲᠡᠭᠡ ᠶᠢᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠳᠤ 4G ᠰᠦᠯᠵᠢᠶ᠎ᠡ ᠶᠢ ᠨᠡᠶᠢᠲᠡᠮ ᠨᠡᠪᠲᠡᠷᠡᠭᠦᠯᠵᠦ᠂ ᠪᠠᠭᠲᠠᠭᠠᠮᠵᠢ ᠶᠢ  ᠨᠢ ᠶᠡᠬᠡᠰᠬᠡᠨ ᠬᠤᠷᠳᠤᠨ ᠪᠣᠯᠭᠠᠨ᠎ᠠ᠃ ᠣᠲᠣ ᠦᠶ᠎ᠡ ᠶᠢᠨ ᠣᠶᠤᠨᠴᠢ ᠴᠠᠬᠢᠯᠭᠠᠨ ᠲᠣᠣᠷ ᠢ ᠲᠡᠭᠦᠯᠳᠡᠷᠵᠢᠭᠦᠯᠵᠦ᠂ ᠤᠲᠤᠭ ᠤᠨ 220 ᠺᠢᠯᠤᠸᠤᠯᠲ ᠤᠨ ᠴᠠᠬᠢᠯᠭᠠᠨ ᠭᠦᠴᠦᠳᠡᠯ ᠥᠭᠡᠷᠡᠴᠢᠯᠡᠬᠦ ᠥᠷᠲᠡᠭᠡ ᠶᠢᠨ ᠬᠤᠶᠠᠳᠤᠭᠠᠷ ᠴᠠᠬᠢᠯᠭᠠᠨ ᠤ ᠡᠬᠢ ᠰᠤᠷᠪᠤᠯᠵᠢ ᠵᠡᠷᠭᠡ ᠶᠢ ᠳᠠᠮᠵᠢᠭᠤᠯᠤᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠂ 533 ᠺᠢᠯᠤᠮᠧᠲᠷ ᠤᠨ ᠦᠨᠳᠦᠷ ᠭᠦᠴᠦᠳᠡᠯᠲᠦ ᠪᠠ ᠳᠤᠤᠷ᠎ᠠ ᠭᠦᠴᠦᠳᠡᠯᠲᠦ ᠴᠠᠬᠢᠯᠭᠠᠨ ᠤ ᠤᠲᠠᠰᠤ ᠶᠢ ᠰᠢᠨ᠎ᠡ ᠪᠠᠷ ᠲᠠᠲᠠᠵᠤ᠂ 469 ᠬᠦᠴᠦᠳᠡᠯ ᠥᠭᠡᠷᠡᠴᠢᠯᠡᠭᠴᠢ ᠵᠡᠷᠭᠡ ᠶᠢ ᠢᠵᠢ ᠪᠦᠷᠢᠳᠦᠭᠦᠯᠦᠨ᠎ᠡ᠃      ︵ᠲᠠᠪᠤ︶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠥᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠠᠰᠢᠭᠲᠠᠢ ᠵᠠᠬ᠎ᠠ ᠳᠡᠯᠭᠡᠭᠦᠷ ᠨᠡᠭᠡᠭᠡᠬᠦ ᠪᠠ ᠵᠠᠰᠠᠭ ᠤᠨ ᠣᠷᠳᠣᠨ ᠪᠣᠳᠠᠲᠠᠢ ᠠᠵᠢᠯ ᠬᠢᠬᠦ ᠶᠢ ᠨᠡᠩ ᠰᠠᠶᠢᠨ ᠤᠶᠠᠯᠳᠤᠭᠤᠯᠵᠤ᠂ ᠳᠤᠲᠠᠭᠤᠳᠠᠯ ᠢᠶᠠᠨ ᠨᠥᠬᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦ ᠪᠠ ᠨᠡᠶᠢᠭᠡᠮ ᠤᠨ ᠡᠭᠦᠳᠦᠯᠲᠡ ᠶᠢᠨ ᠴᠢᠳᠠᠪᠤᠷᠢ ᠶᠢ ᠶᠡᠬᠡᠪᠡᠷ ᠬᠥᠭᠵᠢᠭᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠶᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠠᠭ ᠤᠨ ᠬᠢᠵᠠᠭᠠᠷᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠵᠤ ᠠᠬᠤᠶᠢᠯᠠᠯ ᠡᠷᠬᠢᠯᠡᠬᠦ ᠬᠢᠨᠠᠨ ᠵᠥᠪᠰᠢᠶᠡᠷᠡᠯ ᠤᠨ ᠴᠠᠭ ᠤᠨ ᠬᠢᠵᠠᠭᠠᠷᠯᠠᠯ ᠢ 1 ᠡᠳᠦᠷ ᠪᠣᠯᠭᠠᠨ᠎ᠠ᠃ ︽ᠨᠢᠭᠡ ᠴᠣᠩᠬᠤᠪᠴᠢ ᠪᠠᠷ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠭᠦᠨᠵᠡᠭᠡᠢ ᠠᠬᠢᠭᠤᠯᠵᠤ᠂ ᠲᠥᠪᠯᠡᠷᠡᠭᠦᠯᠦᠨ ᠬᠢᠨᠠᠨ ᠵᠥᠪᠰᠢᠶᠡᠷᠡᠵᠦ ᠬᠠᠮᠲᠤᠷᠠᠨ ᠠᠵᠢᠯᠯᠠᠬᠤ ᠲᠣᠭᠲᠠᠴᠠ ᠶᠢ ᠰᠢᠯᠢᠳᠡᠭᠵᠢᠭᠦᠯᠦᠨ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃ ᠴᠢ ᠫᠠᠠ ᠵᠢᠩ᠂ ᠮᠸᠡᠭ ᠰᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠲᠥᠪ ᠪᠠ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠲᠤ 29 ᠪᠠᠶᠢᠭᠤᠯᠭ᠎ᠠ᠂ 996 ᠭᠦᠢᠴᠡᠳᠬᠡᠬᠦ ᠠᠵᠢᠯ ᠲᠥᠷᠥᠯ ᠢ ᠡᠮᠬᠢ ᠲᠢᠭᠯᠢᠮ ᠲᠠᠢ ᠪᠠᠷ ᠣᠷᠣᠭᠤᠯᠵᠤ᠂ ︽ᠵᠠᠰᠠᠭ ᠤᠨ ᠣᠷᠳᠣᠨ ᠤ ᠵᠠᠰᠠᠭ ᠤᠨ ᠶᠠᠪᠤᠳᠠᠯ + ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ︾ ᠤᠨ ᠰᠢᠨ᠎ᠡ ᠵᠠᠭᠪᠤᠷ ᠢ ᠪᠦᠲᠦᠮᠵᠢᠲᠡᠢ ᠠᠵᠢᠯᠯᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦ ᠬᠤᠲᠠ ᠶᠢᠨ ᠲᠡᠷᠢᠭᠦᠨ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠥᠴᠦ ᠶᠢ ᠬᠥᠭᠵᠢᠭᠡᠨ᠎ᠡ᠃ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠬᠦᠴᠦᠯᠡᠨ ᠰᠢᠯᠢᠳᠡᠭᠴᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ︽ᠬᠤᠷᠢᠭ᠎ᠠ ᠲᠠᠢ ᠪᠤᠰᠤ ᠶᠢ ᠣᠷᠣᠭᠤᠯᠵᠤ ᠪᠣᠯᠬᠤ︾ ᠵᠠᠷᠴᠢᠮ ᠶᠣᠰᠣᠭᠠᠷ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠭᠦᠨᠵᠡᠭᠡᠶᠢᠷᠡᠭᠦᠯᠦᠨ᠂ ᠠᠷᠠᠳ ᠤᠨ ᠳᠤᠮᠳᠠᠬᠢ ᠡᠳ᠋ ᠬᠥᠷᠥᠩᠭᠡ ᠶᠢ ᠵᠠᠰᠠᠭ ᠤᠨ ᠣᠷᠳᠣᠨ ᠪᠠ ᠨᠡᠶᠢᠭᠡᠮ ᠤᠨ ᠡᠳ᠋ ᠬᠥᠷᠥᠩᠭᠡ ᠬᠤᠷᠰᠢᠭᠰᠠᠨ ᠲᠥᠷᠥᠯ ᠵᠦᠢᠯ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠰᠢᠶᠡᠨ ᠤ ᠲᠡᠰ ᠤᠨ ᠤᠳᠤᠷᠢᠳᠤᠯᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠤᠯᠪᠣᠭᠠᠯᠠᠨ ᠳᠠᠭᠠᠭᠠᠴᠢᠯᠠᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠦᠬᠦᠢ ᠬᠦᠴᠢᠷᠲᠡᠢ ᠮᠠᠳᠠᠭ ᠲᠠᠢ ᠠᠰᠠᠭᠤᠳᠠᠯ ᠢ ᠴᠠᠭ ᠳᠠᠷᠤᠢ ᠳᠤᠨᠢ ᠣᠶᠢᠯᠠᠭᠠᠵᠤ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠳᠠᠮᠵᠢᠯᠭᠡ ᠶᠢ ᠴᠢᠩᠭᠠᠳᠬᠠᠵᠤ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠠᠪᠴᠠᠯᠳᠤᠭᠤᠯᠤᠨ᠂ ᠱᠤᠸᠡᠩ ᠰᠢᠠ ᠤ ᠣᠷᠴᠢᠨ ᠲᠣᠭᠤᠷᠢᠨ ᠢ ᠬᠠᠮᠠᠭᠠᠯᠠᠬᠤ ᠺᠣᠮᠫᠠᠨᠢ ᠶᠢ IPO ᠵᠠᠬ᠎ᠠ ᠳᠤ ᠭᠠᠷᠭᠠᠬᠤ ᠠᠵᠢᠯ ᠢ ᠪᠦᠬᠦ ᠬᠦᠴᠦ ᠪᠠᠷ ᠢᠶᠠᠨ ᠠᠬᠢᠭᠤᠯᠵᠤ᠂ ᠰᠢᠨ᠎ᠡ ᠬᠡᠯᠪᠡᠷᠢ ᠶᠢᠨ ᠮᠥᠩᠭᠦᠨ ᠭᠦᠢᠯᠭᠡᠭᠡᠨ ᠤ ᠠᠵᠢᠯ ᠲᠥᠷᠥᠯ ᠢ ᠣᠷᠣᠭᠤᠯᠵᠤ ᠠᠪᠴᠢᠷᠠᠨ᠂ ᠪᠡᠯᠡ ᠣᠷᠣᠭᠤᠯᠬᠤ ᠪᠡᠯᠡ ᠬᠤᠷᠠᠮᠳᠤᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠥᠪᠡᠷ ᠤᠨ ᠥᠷᠲᠡᠭ ᠢᠶᠠᠷ ᠦᠨᠳᠤᠷ ᠠᠰᠠᠭᠤᠳᠠᠯ ᠢ ᠰᠢᠢᠳᠪᠦᠷᠢᠯᠡᠨ᠎ᠡ᠃ ᠬᠥᠳᠡᠯᠭᠡᠭᠴᠢ ᠬᠦᠴᠦ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠤᠭᠤᠯᠤᠯᠲᠠ ᠶᠢ ᠶᠡᠬᠡᠰᠬᠡᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠳᠤ ᠪᠡᠯᠡ ᠣᠷᠣᠭᠤᠯᠬᠤ ᠶᠢ ᠵᠣᠷᠢᠭᠵᠢᠭᠤᠯᠵᠤ᠂ ︽ᠣᠯᠠᠨ ᠢᠶᠠᠷ ᠢᠶᠠᠨ ᠰᠢᠨ᠎ᠡ ᠶᠢ ᠡᠭᠦᠳᠬᠦ ᠦᠢᠯᠡᠰ ᠪᠦᠲᠦᠭᠡᠬᠦ ᠰᠠᠭᠤᠷᠢᠨ ᠭᠠᠵᠠᠷ︾᠂ ᠰᠢᠨ᠎ᠡ ᠶᠢ ᠡᠭᠦᠳᠴᠦ ᠦᠢᠯᠡᠰ ᠪᠦᠲᠦᠭᠡᠬᠦ ᠶᠢ ᠬᠥᠮᠥᠵᠢᠭᠦᠯᠬᠦ ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠦᠢᠯᠡᠰ ᠪᠦᠲᠦᠭᠡᠬᠦ ᠠᠴᠢᠶᠠᠯᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠂ ᠵᠢᠯ ᠤᠨ ᠳᠣᠲᠣᠷ᠎ᠠ 5 ᠠᠴᠠ ᠣᠯᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠤᠳᠣᠯᠭᠠᠨ ᠤ ᠲᠥᠪ ᠢ ᠪᠠᠶᠢᠭᠤᠯᠤᠨ᠎ᠠ᠃ ᠴᠢᠳᠠᠪᠤᠷᠢᠲᠠᠨ ᠤᠷᠢᠬᠤ᠂ ᠬᠡᠷᠡᠭᠯᠡᠬᠦ᠂ ᠬᠥᠮᠥᠵᠢᠭᠦᠯᠬᠦ᠂ ᠰᠢᠯᠭᠠᠷᠠᠭᠤᠯᠵᠤ ᠵᠣᠷᠢᠭᠵᠢᠭᠤᠯᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠳ ᠤᠨ ᠣᠷᠣᠰᠢᠨ ᠰᠠᠭᠤᠬᠤ᠂ ᠦᠷ᠎ᠡ ᠬᠡᠦᠬᠡᠳ ᠲᠡᠭᠡᠨ ᠰᠤᠷᠭᠠᠨ ᠬᠥᠮᠥᠵᠢᠯ ᠬᠦᠷᠲᠡᠭᠡᠬᠦ᠂ ᠡᠮᠴᠢᠯᠡᠭᠡ ᠨᠡᠶᠢᠭᠡᠮ ᠤᠨ ᠳᠠᠭᠠᠳᠬᠠᠯ ᠵᠡᠷᠭᠡ ᠠᠰᠠᠭᠤᠳᠠᠯ ᠢ ᠬᠦᠴᠦᠯᠡᠵᠦ ᠰᠢᠢᠳᠪᠦᠷᠢᠯᠡᠨ᠂ ᠴᠢᠳᠠᠪᠤᠷᠢᠲᠠᠨ ᠢ ᠦᠯᠡᠳᠡᠭᠡᠵᠦ ᠴᠢᠳᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠢ ᠪᠣᠯᠭᠠᠬᠤ ᠠᠵᠢᠯ ᠢ ᠡᠬᠢᠯᠡᠭᠦᠯᠵᠦ᠂ ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠦᠭᠡ ᠦᠢᠯᠡᠳᠪᠦᠷᠢᠯᠡᠬᠦ ᠰᠤᠷᠤᠯᠴᠠᠬᠤ ᠰᠣᠳᠣᠯᠠᠬᠤ ᠲᠠᠯ᠎ᠠ ᠪᠠᠷ ᠬᠤᠷᠰᠢᠯᠴᠠᠬᠤ ᠶᠢ ᠵᠢᠯᠣᠭᠤᠳᠤᠨ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠤᠯᠠᠷᠢᠭᠤᠯᠵᠤ ᠬᠡᠷᠡᠭᠯᠡᠨ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦ ᠨᠡᠮᠡᠨ᠎ᠡ᠃      ︵ᠵᠢᠷᠭᠤᠭ᠎ᠠ︶ ᠠᠷᠠᠳ ᠤᠨ ᠬᠦᠰᠡᠯ ᠱᠠᠭᠠᠷᠳᠠᠯᠭ᠎ᠠ ᠳᠤ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠴᠢᠳᠠᠯ ᠤᠨ ᠢᠶᠠᠨ ᠬᠢᠷᠢ ᠪᠠᠷ ᠴᠢᠷᠮᠠᠶᠢᠨ᠂ ᠠᠷᠠᠳ ᠲᠤ ᠪᠣᠳᠠᠲᠤ ᠶᠠᠪᠤᠳᠠᠯ ᠬᠢᠵᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠴᠢᠯᠡᠨ᠂ ᠪᠦᠬᠦ ᠬᠤᠰᠢᠭᠤᠨ ᠤ ᠠᠷᠠᠳ ᠲᠦᠮᠡᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠎ᠠ᠃ ᠯᠠᠪᠳᠠᠭᠤᠨ ᠢᠶᠠᠷ ᠠᠵᠢᠯ ᠣᠯᠭᠤᠬᠤ ᠶᠢ ᠳᠣᠪᠦᠶᠢᠮ᠎ᠡ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠵᠢᠯ ᠤᠨ ᠳᠣᠲᠣᠷ᠎ᠠ ᠬᠤᠲᠠ ᠪᠠᠯᠭᠠᠰᠤᠨ ᠤ 1800 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠤᠷᠢᠳᠠᠪᠠᠷ ᠠᠵᠢᠯ ᠣᠯᠭᠤᠨ᠎ᠠ᠃ ᠡᠯ᠎ᠡ ᠲᠥᠷᠥᠯ ᠤᠨ ᠨᠥᠬᠦᠪᠦᠷᠢ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ᠂ ᠣᠨᠴᠠ ᠬᠦᠴᠢᠷᠳᠡᠯᠲᠡᠢ ᠬᠥᠮᠥᠰ ᠤᠨ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠮᠠᠯ ᠲᠠᠷᠢᠶᠠᠯᠠᠩ ᠢ ᠳᠡᠮᠵᠢᠵᠦ ᠬᠦᠴᠦᠷᠬᠡᠭᠵᠢᠭᠦᠯᠦᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠤᠰᠬᠤᠨ ᠤ ᠡᠳ᠋ ᠬᠥᠷᠥᠩᠭᠡ ᠡᠬᠢ ᠪᠠᠶᠠᠯᠢᠭ ᠢ ᠬᠥᠷᠦᠩᠭᠡᠴᠢᠯᠡᠵᠤ ᠡᠵᠡᠩᠨᠡᠬᠦ ᠶᠢ ᠠᠬᠢᠭᠤᠯᠤᠨ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠴᠠᠯᠢᠩ ᠬᠥᠯᠥᠰᠦ ᠶᠢ ᠴᠠᠭ ᠳᠠᠷᠤᠢ ᠳᠤᠨᠢ ᠥᠭᠬᠦ ᠶᠢ ᠪᠠᠲᠤᠯᠠᠨ᠎ᠠ᠃ ᠶᠠᠳᠠᠭᠤ ᠡᠷᠦᠬᠡ ᠵᠢᠴᠢ ᠶᠠᠳᠠᠭᠤᠷᠠᠬᠤ ᠰᠢᠬᠠᠭᠰᠠᠨ ᠡᠷᠦᠬᠡ ᠶᠢ ᠬᠢᠨᠠᠨ ᠬᠡᠮᠵᠢᠵᠦ ᠲᠡᠳᠬᠦᠬᠦ ᠠᠵᠢᠯ ᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠲᠤᠳᠬᠠᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠠᠲᠤᠯᠠᠭ᠎ᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠢᠳᠡᠪᠬᠢᠲᠡᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠨ᠎ᠠ᠃ ᠰᠤᠷᠭᠠᠨ ᠬᠥᠮᠥᠵᠢᠯ ᠤᠨ ᠳᠣᠲᠠᠭᠤᠳᠠᠯ ᠢ ᠦᠷᠭᠦᠯᠵᠢᠯᠡᠨ ᠨᠥᠬᠦᠵᠦ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠳᠡᠭᠡᠳᠦ ᠲᠡᠰ ᠳᠠᠪᠬᠤᠷᠭ᠎ᠠ ᠶᠢᠨ ᠵᠢᠭᠠᠨ ᠰᠤᠷᠭᠠᠯᠲᠠ ᠶᠢᠨ ᠴᠢᠳᠠᠪᠤᠷᠢᠲᠠᠨ ᠢ ᠤᠷᠢᠵᠤ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ ᠂ ᠡᠷᠬᠡ ᠲᠡᠭᠰᠢ ᠡᠮᠬᠢ ᠲᠢᠭᠯᠢᠮ ᠲᠠᠢ ᠤᠷᠮᠠᠰᠢᠭᠤᠯᠬᠤ ᠲᠣᠭᠲᠠᠴᠠ ᠪᠠᠷ ᠪᠠᠭᠰᠢ ᠶᠢᠨ ᠡᠩᠨᠡᠭᠡᠨ ᠤ ᠢᠳᠡᠪᠬᠢᠵᠢᠯ ᠢ ᠳᠠᠶᠢᠴᠢᠯᠠᠨ᠂ ᠲᠥᠪ ᠴᠢᠭᠡᠴᠢ ᠰᠤᠷᠭᠠᠨ ᠬᠥᠮᠥᠵᠢᠯ ᠤᠨ ᠣᠷᠴᠢᠨ ᠢ ᠪᠣᠢ ᠪᠣᠯᠭᠠᠨ᠎ᠠ᠃ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠥᠵᠢᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠵᠦ ᠬᠡᠷᠡᠭᠯᠡᠨ᠂ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠥᠵᠢᠯ ᠤᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠴᠢ ᠫᠠᠠ ᠵᠢᠩ ᠤᠨ ᠳᠥᠷᠪᠡᠳᠦᠭᠡᠷ ᠪᠠᠭ᠎ᠠ ᠰᠤᠷᠭᠠᠭᠤᠯᠢ᠂ ᠲᠠᠪᠤᠳᠤᠭᠠᠷ ︵ᠦᠨᠳᠦᠰᠦᠲᠡᠨ︶ ᠪᠠᠭ᠎ᠠ ᠰᠤᠷᠭᠠᠭᠤᠯᠢ ᠶᠢᠨ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠴᠢ ᠫᠠᠠ ᠵᠢᠩ ᠤᠨ ᠬᠤᠶᠠᠳᠤᠭᠠᠷ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠨᠢᠭᠡᠳᠦᠯᠲᠡᠢ ᠲᠦᠯᠦᠪᠯᠡᠵᠤ ᠠᠬᠢᠭᠤᠯᠤᠨ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠪᠠᠶᠢᠭᠤᠯᠤᠯᠲᠠ ᠶᠢ ᠡᠬᠢᠯᠡᠭᠦᠯᠦᠨ᠎ᠡ᠃ ᠡᠮᠨᠡᠯᠭᠡ ᠶᠢᠨ ᠥᠭᠡᠷᠡᠴᠢᠯᠡᠯᠲᠡ ᠶᠢ ᠠᠬᠢᠭᠤᠯᠵᠤ᠂ ᠡᠮᠨᠡᠯᠭᠡ ᠶᠢᠨ ᠬᠤᠯᠪᠣᠭᠠᠲᠤ ᠴᠣᠭᠴᠠ᠂ ᠡᠮᠨᠡᠯᠭᠡ ᠶᠢᠨ ᠬᠠᠮᠲᠤ ᠶᠢᠨ ᠴᠣᠭᠴᠠ᠂ ᠱᠠᠲᠤ ᠬᠤᠪᠢᠶᠠᠬᠤ ᠡᠮᠴᠢᠯᠡᠭᠡ ᠪᠠ ᠠᠯᠤᠰ ᠡᠵᠡᠮᠰᠢᠯᠲᠦ ᠡᠮᠴᠢᠯᠡᠭᠡ ᠶᠢᠨ ᠲᠣᠭᠲᠠᠴᠠ ᠶᠢ ᠭᠦᠨᠵᠡᠭᠡᠶᠢᠷᠡᠭᠦᠯᠦᠨ᠂ ᠬᠢᠲᠠᠳ ᠮᠣᠩᠭᠤᠯ ᠡᠮ ᠡᠮᠨᠡᠯᠭᠡ᠂ ᠡᠬᠡ ᠨᠢᠯᠬᠠᠰ ᠤᠨ ᠡᠷᠡᠭᠦᠯᠵᠢᠯ ᠵᠡᠷᠭᠡ ᠣᠨᠴᠠᠯᠢᠭᠲᠤ ᠲᠤᠰᠬᠠᠢ ᠰᠠᠯᠠᠭ᠎ᠠ ᠶᠢᠨ ᠬᠥᠭᠵᠢᠯᠲᠡ ᠶᠢ ᠳᠡᠮᠵᠢᠵᠦ᠂ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ ᠤᠨ ᠪᠠᠷᠢᠯᠭ᠎ᠠ ᠶᠢ ᠡᠬᠢᠯᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠨ ᠬᠢᠨ᠎ᠡ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠭᠤᠰᠢᠯᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠳᠡ ᠶᠢ ᠡᠷᠡᠰ ᠲᠣᠭᠤᠰᠢᠯᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠵᠢᠯᠦᠭᠤᠳᠴᠤ ᠵᠥᠪ ᠣᠯᠣᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠴᠣᠭᠴᠠᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃ ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠲᠡᠤᠬᠡᠨ ᠭᠤᠣᠯ ᠰᠡᠳᠦᠪ ᠲᠤ ᠨᠢᠭᠲᠠ ᠲᠣᠭᠤᠷᠢᠭᠤᠯᠵᠤ᠂ ︽ᠵᠢᠷᠭᠤᠭᠠᠨ ᠨᠢᠭᠡ︾ ᠰᠣᠶᠣᠯ ᠤᠨ ᠢᠨᠵᠧᠨᠧᠷᠢᠩ ᠢ ᠨᠢᠮᠪᠡᠢ ᠲᠥᠯᠥᠪᠯᠡᠵᠦ ᠬᠡᠷᠡᠭᠵᠢᠭᠦᠯᠦᠨ᠂ ᠤᠯᠠᠭᠠᠨᠮᠥ᠋ᠴᠢᠷ ᠤᠨ ᠬᠤᠪᠢᠰᠬᠠᠯ ᠤᠨ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠵᠤ᠂ ᠠᠷᠠᠳ ᠢ ᠬᠠᠷᠠᠭᠠᠯᠵᠠᠬᠤ ᠣᠷᠠᠨ ᠰᠠᠶᠢᠬᠠᠨ ᠤ ᠲᠣᠭᠯᠠᠯᠲᠠ ᠶᠢ ᠨᠢᠮᠪᠡᠢ ᠵᠣᠬᠢᠶᠠᠨ ᠪᠠᠶᠢᠭᠤᠯᠤᠨ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠨ᠎ᠠ᠃ ᠠᠷᠵᠠᠢ ᠠᠭᠤᠢ᠂ ᠤᠷᠠᠨᠲᠦ᠋ᠰᠢ ᠶᠢᠨ ᠬᠠᠳᠠᠨ ᠵᠢᠷᠤᠭ ᠤᠨ ᠰᠦᠷᠦᠭᠵᠢᠯ᠂ ᠤᠯᠠᠨ ᠨᠣᠬᠠᠢ ᠶᠢᠨ ᠬᠤᠣᠨᠳᠤᠭ ᠤᠨ ᠰᠦᠷᠦᠭᠵᠢᠯ ᠵᠡᠷᠭᠡ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠢ ᠪᠠᠲᠤᠲᠠᠢ ᠰᠠᠶᠢᠨ ᠬᠢᠵᠤ᠂ ᠪᠣᠳᠠᠲᠤ ᠠᠵᠢᠯ ᠤᠨ ᠪᠦᠲᠦᠮᠵᠢ ᠪᠠᠷ ᠰᠣᠶᠣᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠤᠨ᠎ᠠ᠃      ︵ᠳᠣᠯᠤᠭ᠎ᠠ︶ ᠦᠨᠳᠦᠰᠦᠨ ᠱᠠᠲᠤᠨ ᠤ ᠵᠠᠰᠠᠯᠲᠠ ᠶᠢ ᠳᠣᠪᠣᠶᠢᠯᠭᠠᠵᠤ᠂ ᠠᠮᠤᠷ ᠲᠦᠪᠰᠢᠨ ᠡᠶ᠎ᠡ ᠵᠣᠬᠢᠴᠠᠯᠲᠠᠢ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠨ᠎ᠠ᠃ ᠦᠨᠳᠦᠰᠦᠨ ᠱᠠᠲᠤᠨ ᠤ ᠵᠠᠰᠠᠯᠲᠠ᠂ ᠨᠡᠶᠢᠭᠡᠮ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠰᠢᠨ᠎ᠡ ᠶᠢ ᠡᠭᠦᠳᠴᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠢᠶᠠᠨ ᠠᠰᠢᠭᠯᠠᠬᠤ ᠶᠢ ᠠᠬᠢᠭᠤᠯᠤᠨ᠂ ᠠᠷᠠᠳ ᠣᠯᠠᠨ ᠠᠮᠤᠷ ᠳᠠᠶᠢᠪᠦᠩ ᠠᠵᠤ ᠲᠥᠷᠦᠬᠦ᠂ ᠨᠡᠶᠢᠭᠡᠮ ᠠᠮᠤᠷ ᠲᠦᠪᠰᠢᠨ ᠡᠶ᠎ᠡ ᠵᠣᠬᠢᠴᠠᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠣᠷᠰᠢᠯᠭ᠎ᠠ︾ ᠶᠢ ᠭᠦᠢᠴᠡᠳ ᠠᠰᠢᠭᠯᠠᠵᠤ᠂ ᠨᠡᠶᠢᠭᠡᠮ ᠤᠨ ᠵᠠᠰᠠᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢ ᠡᠬᠢ ᠡᠭᠦᠰᠦᠯ ᠠᠴᠠ ᠨᠢ ᠳᠡᠭᠡᠭᠰᠢᠯᠡᠭᠦᠯᠦᠨ᠎ᠡ᠃ ᠣᠶᠤᠨᠴᠢ ᠳᠣᠲᠣᠭᠠᠳᠤ ᠶᠢ ᠬᠠᠮᠠᠭᠠᠯᠠᠬᠤ ᠶᠢᠨ ᠪᠠᠶᠢᠭᠤᠯᠤᠯᠲᠠ ᠶᠢ ᠦᠷᠭᠦᠯᠵᠢᠯᠡᠨ ᠠᠳᠬᠤᠵᠤ᠂ ᠳ᠋ᠠᠶᠢᠲ᠋ᠠ ᠬᠥᠮᠦᠷᠭᠡ ᠶᠢᠨ ᠠᠷᠭ᠎ᠠ ᠪᠠᠷᠢᠯ ᠢ ᠰᠠᠶᠢᠨ ᠬᠡᠷᠡᠭᠯᠡᠨ᠂ ᠮᠠᠯᠵᠢᠬᠤ ᠲᠠᠷᠢᠶᠠᠯᠠᠬᠤ ᠣᠷᠣᠨ ᠤ ︽ᠣᠯᠠᠨ ᠲᠦᠮᠡᠨᠴᠢ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠤᠨ ᠪᠠᠶᠢᠭᠤᠯᠤᠯᠲᠠ ᠶᠢ ᠲᠦᠷᠭᠡᠳᠬᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ᠂ ᠨᠡᠩ ᠦᠨᠳᠤᠷ ᠲᠦᠪᠰᠢᠨ ᠲᠠᠢ ︽ᠠᠮᠤᠭᠤᠯᠠᠩ ᠣᠲᠤᠭ︾ ᠢ ᠬᠦᠴᠦᠯᠡᠨ ᠪᠠᠶᠢᠭᠤᠯᠤᠨ᠎ᠠ᠃ ᠵᠠᠬᠢᠳᠠᠯ ᠰᠣᠷᠪᠦᠯᠵᠢᠯᠠᠭ᠎ᠠ ᠠᠮᠤᠷ ᠢ ᠬᠠᠮᠠᠭᠠᠯᠠᠬᠤ ᠠᠵᠢᠯ ᠢ ᠪᠦᠲᠦᠮᠵᠢᠲᠡᠢ ᠰᠠᠶᠢᠨ ᠠᠳᠬᠤᠵᠤ᠂ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠪᠠᠷ ᠰᠢᠯᠵᠢᠭᠦᠯᠦᠨ ᠲᠤᠰᠢᠶᠠᠭᠰᠠᠨ ᠵᠠᠬᠢᠳᠠᠯ ᠰᠣᠷᠪᠦᠯᠵᠢᠯᠠᠭ᠎ᠠ ᠶᠢ ᠰᠢᠢᠳᠪᠦᠷᠢᠯᠡᠭᠰᠡᠨ ᠦᠷ᠎ᠡ ᠪᠦᠲᠦᠮᠵᠢ ᠲᠤᠷᠰᠢᠯᠭ᠎ᠠ ᠪᠠᠨ ᠳ᠋ᠦᠩᠨᠡᠵᠦ ᠠᠰᠢᠭᠯᠠᠨ᠂ ᠵᠠᠬᠢᠳᠠᠯ ᠰᠣᠷᠪᠦᠯᠵᠢᠯᠠᠭ᠎ᠠ ᠶᠢᠨ ᠠᠰᠠᠭᠤᠳᠠᠯ ᠢ ᠬᠠᠤᠯᠢ ᠪᠠᠷ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠢᠶᠡᠨ ᠤ ᠲᠡᠰ ᠤᠨ ᠤᠳᠤᠷᠢᠳᠤᠯᠭ᠎ᠠ ᠵᠠᠬᠢᠳᠠᠯ ᠰᠣᠷᠪᠦᠯᠵᠢᠯᠠᠭ᠎ᠠ ᠶᠢ ᠬᠥᠯᠢᠶᠡᠨ ᠠᠪᠬᠤ ᠪᠠ ᠦᠨᠳᠦᠰᠦᠨ ᠱᠠᠲᠤᠨ ᠳᠤ ᠪᠠᠭᠤᠵᠤ ᠰᠣᠷᠪᠦᠯᠵᠢᠯᠠᠭ᠎ᠠ ᠬᠢᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠂ ᠵᠠᠬᠢᠳᠠᠯ ᠰᠣᠷᠪᠦᠯᠵᠢᠯᠠᠭ᠎ᠠ ᠶᠢᠨ ᠳᠠᠷᠤᠭᠳᠠᠮᠠᠯ ᠬᠡᠷᠡᠭ ᠢ ᠬᠠᠮᠤᠭ ᠤᠨ ᠶᠡᠭᠡ ᠬᠡᠮᠵᠢᠶ᠎ᠡ ᠪᠠᠷ ᠰᠢᠢᠳᠪᠣᠷᠢᠯᠡᠵᠣ᠂ ᠵᠠᠬᠢᠳᠠᠯ ᠰᠣᠷᠪᠦᠯᠵᠢᠯᠠᠭ᠎ᠠ ᠶᠢᠨ ᠶᠡᠷᠦᠩᠬᠡᠢ ᠲᠤᠭ᠎ᠠ ᠶᠢ ᠪᠠᠭᠠᠰᠬᠠᠨ᠎ᠠ᠃ ᠠᠮᠤᠷ ᠲᠦᠪᠰᠢᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠦᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠢ ᠲᠥᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠷᠴᠢᠮᠲᠡᠢ ᠬᠢᠨ᠎ᠡ᠃ ᠠᠶᠦᠯ ᠦᠭᠡᠢ ᠦᠢᠯᠡᠳᠪᠦᠷᠢᠯᠡᠯ ᠢ ᠰᠠᠨᠠᠭᠤᠯᠬᠤ ᠲᠣᠭᠲᠠᠴᠠ ᠶᠢ ᠰᠢᠯᠢᠳᠡᠭᠴᠢᠯᠡᠵᠦ᠂ ᠲᠥᠭᠰᠢᠭᠦᠷᠢ ᠶᠢᠨ ᠳᠠᠯᠳᠠ ᠭᠡᠮ ᠢ ᠭᠦᠨᠵᠡᠭᠡᠢ ᠪᠠᠶᠢᠴᠠᠭᠠᠵᠤ ᠴᠡᠭᠴᠡᠯᠡᠨ᠂ ᠮᠡᠳᠡᠭᠡ ᠵᠠᠩᠭᠢ ᠨᠡᠪᠲᠡᠷᠡᠯᠴᠡᠵᠦ ᠬᠠᠮᠲᠤᠷᠠᠨ ᠠᠵᠢᠯᠯᠠᠬᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠢᠳᠡᠭᠡᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠳᠡᠯᠭᠡᠷᠡᠩᠭᠦᠢ ᠥᠷᠨᠢᠭᠦᠯᠵᠦ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠂ ᠰᠢᠨ᠎ᠡ ᠲᠢᠳᠢᠮᠯᠢᠭ ᠠᠭᠤᠰᠬᠢᠨ ᠥᠷᠪᠢᠰᠤᠯ᠂ ᠬᠤᠯᠤᠭᠠᠨ᠎ᠠ ᠶᠢᠨ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠵᠦ᠂ ᠪᠦᠭᠡᠮ ᠬᠦᠴᠢᠯ ᠤᠨ ᠪᠠᠶᠢᠴᠠᠭᠠᠯᠲᠠ᠂ ᠡᠳ᠋ ᠪᠣᠳᠠᠰ ᠤᠨ ᠨᠥᠭᠡᠴᠡᠯᠡᠯᠲᠡ ᠪᠠ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭᠠᠨ ᠤ ᠲᠦᠪᠰᠢᠨ ᠢ ᠳᠡᠭᠡᠭᠰᠢᠯᠡᠭᠦᠯᠦᠨ᠂ ᠸᠠᠺᠼᠢᠨ ᠲᠠᠷᠢᠬᠤ ᠠᠵᠢᠯ ᠢ ᠰᠠᠶᠢᠲᠤᠷ ᠠᠳᠬᠤᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠨᠡᠶᠢᠭᠡᠮ ᠤᠨ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠨ᠎ᠠ᠃ ᠥᠷᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠦᠯᠡᠳᠡᠭᠰᠡᠨ ᠥᠷᠢ ᠶᠢ ᠬᠦᠴᠦᠯᠡᠨ ᠲᠥᠯᠥᠵᠦ᠂ ᠥᠷᠢ ᠨᠡᠮᠡᠭᠳᠡᠬᠦ ᠶᠢ ᠴᠢᠩᠭ᠎ᠠ ᠡᠵᠡᠮᠳᠡᠨ᠂ ᠥᠷᠢ ᠶᠢᠨ ᠨᠣᠷᠮ᠎ᠠ ᠶᠢ ᠡᠵᠡᠮᠳᠡᠵᠦ ᠴᠢᠳᠠᠬᠤ ᠬᠡᠪᠴᠢᠶᠡᠨ ᠳᠣᠲᠣᠷ᠎ᠠ ᠪᠠᠶᠢᠯᠭᠠᠬᠤ ᠶᠢ ᠪᠠᠲᠤᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠬᠠᠤᠯᠢ ᠪᠤᠰᠤ ᠪᠡᠯᠡ ᠬᠤᠷᠠᠮᠳᠤᠭᠤᠯᠭ᠎ᠠ᠂ ᠮᠥᠩᠭᠦᠨ ᠭᠦᠢᠯᠭᠡᠭᠡᠨ ᠤ ᠮᠡᠬᠡᠯᠡᠯ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃      ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠤ ᠡᠮᠦᠨ᠎ᠡ᠂ ᠪᠢᠳᠠ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠢᠮᠠᠭᠲᠠ ᠲᠣᠭᠤᠰᠢᠯᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢ ᠣᠳᠣᠬᠢᠴᠢᠯᠠᠬᠤ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠣᠭᠰᠣᠯᠲᠠ ᠪᠠᠨ ᠳᠡᠭᠡᠭᠰᠢᠯᠡᠭᠦᠯᠵᠦ᠂ ᠦᠨᠡᠨᠴᠢ ᠰᠢᠳᠤᠷᠭᠤ ᠡᠷᠡᠰ ᠪᠠᠲᠤ ᠪᠠᠶᠢᠬᠤ ᠤᠬᠠᠮᠰᠠᠷ ᠢ ᠴᠢᠩᠭᠠᠳᠬᠠᠨ᠎ᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠬᠥᠲᠥᠯᠥᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠤᠯᠤᠰ ᠲᠥᠷᠥ ᠶᠢᠨ ᠲᠠᠯ᠎ᠠ ᠪᠠᠷ ᠴᠠᠭ ᠢᠮᠠᠭᠲᠠ ᠰᠡᠷᠭᠡᠭ ᠲᠠᠨᠢᠯᠲᠠ ᠲᠠᠢ ᠪᠠᠶᠢᠵᠤ᠂ ᠤᠬᠠᠮᠰᠠᠷ ᠠᠴᠠ ᠪᠠᠨ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠨᠢ ᠪᠣᠯᠣᠨ᠎ᠠ᠃ ᠨᠠᠮ ᠤᠨ ᠲᠡᠤᠬᠡ ᠶᠢᠨ ᠰᠣᠷᠣᠯᠴᠠᠯᠭ᠎ᠠ ᠬᠥᠮᠥᠵᠢᠯ ᠢ ᠦᠨᠳᠤᠷ ᠪᠠᠷᠢᠮᠵᠢᠶ᠎ᠠ ᠪᠠᠷ ᠰᠠᠶᠢᠨ ᠬᠢᠵᠤ᠂ ︽ᠨᠠᠮ ᠤᠨ ᠲᠡᠤᠬᠡ ᠶᠢ ᠰᠣᠷᠣᠯᠴᠠᠬᠤ᠂ ᠦᠵᠡᠯ ᠰᠠᠨᠠᠭ᠎ᠠ ᠶᠢ ᠤᠬᠠᠬᠤ᠂ ᠪᠣᠳᠠᠲᠤ ᠤᠴᠢᠷ ᠪᠦᠲᠦᠭᠡᠬᠦ᠂ ᠰᠢᠨ᠎ᠡ ᠪᠠᠶᠢᠳᠠᠯ ᠢ ᠡᠭᠦᠳᠬᠦ︾ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠠᠵᠤ ᠠᠬᠤᠢ ᠨᠡᠶᠢᠭᠡᠮ ᠤᠨ ᠡᠯ᠎ᠡ ᠠᠵᠢᠯ ᠳᠤ ᠰᠢᠨ᠎ᠡ ᠠᠬᠢᠴᠠ᠂ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠶᠢ ᠬᠦᠨᠳᠦᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠰᠠᠭᠤᠷᠢ ᠶᠢ ᠪᠠᠲᠤᠳᠬᠠᠨ᠎ᠠ᠃ ᠡᠷᠬᠡ ᠣᠯᠭᠤᠭᠰᠠᠨ ᠦᠭᠡᠢ ᠠᠵᠢᠯᠯᠠᠭ᠎ᠠ ᠶᠢ ᠥᠯᠦ ᠬᠢᠬᠦ᠂ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠭᠦᠢᠴᠡᠳᠬᠡᠬᠦ ᠵᠠᠷᠴᠢᠮ ᠢ ᠪᠠᠷᠢᠮᠲᠠᠯᠠᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠪᠠᠷᠢᠯ ᠢᠶᠠᠷ ᠠᠵᠢᠯ ᠢᠶᠠᠨ ᠥᠷᠨᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠰᠠᠶᠢᠨ ᠭᠦᠢᠴᠡᠳᠬᠡᠨ᠎ᠡ᠃ ᠨᠡᠶᠢᠭᠡᠮ ᠤᠨ ᠬᠢᠨᠠᠯᠲᠠ ᠪᠠ ᠮᠡᠳᠡᠭᠡ ᠵᠠᠭᠤᠴᠢᠯᠠᠭᠤᠷ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠬᠡᠮ ᠳᠠᠶᠠᠭᠠᠷ ᠢᠶᠠᠨ ᠬᠠᠯᠠᠮᠵᠢᠯᠠᠵᠤ ᠪᠦᠬᠦᠢ ᠠᠰᠠᠭᠤᠳᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠬᠢᠨ᠎ᠡ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠪᠦᠲᠦᠮᠵᠢ ᠭᠠᠷᠭᠠᠬᠤ ᠰᠤᠷᠲᠠᠯ ᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠠᠷᠠᠯ ᠤᠨ ᠱᠠᠷ᠂ ᠠᠨᠵᠢᠰᠤᠨ ᠤ ᠦᠬᠡᠷ᠂ ᠨᠣᠮᠣᠬᠠᠨ ᠱᠠᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯ ᠤᠨ ᠡᠭᠦᠷᠭᠡ ᠶᠢ ᠳᠣᠲᠤᠷᠬᠠᠶᠢᠯᠠᠨ᠂ ᠡᠬᠡ ᠳᠠᠩᠰᠠ ᠪᠠᠶᠢᠭᠤᠯᠵᠤ᠂ ᠭᠦᠢᠴᠡᠳᠬᠡᠯ ᠲᠤᠭ᠎ᠠ ᠲᠣᠭᠲᠠᠭᠠᠨ᠂ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠲᠦᠯᠬᠢᠬᠦ ᠦᠭᠡᠢ ᠪᠠᠶᠢᠵᠤ᠂ ᠨᠢᠭᠡ ᠬᠠᠷᠠᠯᠲᠠ᠂ ᠨᠢᠭᠡ ᠵᠣᠷᠢᠭ ᠢᠶᠠᠷ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠬᠦᠴᠦ ᠪᠠᠨ ᠬᠠᠮᠲᠤᠳᠬᠠᠨ᠎ᠠ᠃ ᠬᠤᠷᠠᠯ ᠢ ᠴᠥᠭᠡᠳᠬᠡᠵᠦ ᠪᠢᠴᠢᠭ ᠮᠠᠲ᠋ᠧᠷᠢᠶᠠᠯ ᠢ ᠴᠤᠮᠬᠠᠳᠬᠠᠨ᠂ ᠠᠷᠰᠠᠷ ᠤᠴᠢᠷ ᠢ ᠲᠦᠷ ᠲᠠᠯᠪᠢᠵᠤ᠂ ᠨᠡᠩ ᠣᠯᠠᠨ ᠴᠠᠭ ᠪᠠ ᠬᠦᠴᠦ ᠬᠥᠯᠥᠰᠦ ᠪᠠᠨ ᠦᠨᠳᠦᠰᠦᠨ ᠱᠠᠲᠤᠨ ᠤ ᠡᠮᠦᠨ᠎ᠡ ᠹᠷᠣᠨᠲ᠂ ᠲᠥᠷᠥᠯ ᠵᠦᠢᠯ ᠤᠨ ᠲᠤᠬᠠᠢ ᠶᠢᠨ ᠲᠠᠯᠠᠪᠡᠢ᠂ ᠬᠤᠳᠠᠯᠳᠤᠭᠠᠴᠢᠨ ᠤᠷᠢᠬᠤ ᠡᠮᠦᠨ᠎ᠡ ᠹᠷᠣᠨᠲ ᠲᠤ ᠵᠠᠷᠤᠴᠠᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠤᠨ᠎ᠠ᠃ ᠠᠷᠢᠭᠤᠨ ᠴᠢᠭᠡᠴᠢ ᠪᠠᠷ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠴᠢᠭᠡᠴᠢ ᠶᠢ ᠡᠷᠬᠢᠮᠯᠡᠨ᠎ᠡ᠃ ︽ᠨᠢᠭᠡ ᠠᠵᠢᠯ ᠤᠨ ᠪᠠᠶᠢᠷᠢᠨ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠳᠦᠷᠢᠮ ᠢ ᠡᠷᠡᠰ ᠬᠡᠷᠡᠭᠵᠢᠭᠦᠯᠦᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠬᠠᠮᠰᠠᠷ ᠠᠴᠠ ᠪᠠᠨ ᠲᠥᠪ ᠴᠢᠭᠡᠴᠢ ᠶᠢ ᠡᠷᠬᠢᠮᠯᠡᠨ᠎ᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠡᠭᠡᠷᠯᠡᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠥᠮᠴᠢᠯᠡᠯᠲᠤ ᠠᠵᠤ ᠠᠬᠤᠶᠢᠯᠠᠯ ᠤᠯᠤᠰ ᠤᠨ ᠡᠳ᠋ ᠬᠥᠷᠥᠩᠭᠡ ᠵᠡᠷᠭᠡ ᠬᠦᠷᠢᠶ᠎ᠡ ᠬᠡᠪᠴᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠡᠵᠡᠮᠳᠡᠨ᠂ ᠨᠡᠩ ᠶᠡᠭᠡ ᠪᠡᠯᠡ ᠮᠥᠩᠭᠦ ᠶᠢ ᠬᠥᠭᠵᠢᠯᠲᠡ ᠪᠠ ᠠᠷᠠᠳ ᠤᠨ ᠠᠮᠢᠳᠤᠷᠠᠯ ᠳᠤ ᠬᠡᠷᠡᠭᠯᠡᠭᠦᠯᠦᠨ᠎ᠡ᠃      ᠲᠥᠯᠥᠭᠡᠯᠡᠭᠴᠢᠳ ᠡ︕ ᠪᠢᠳᠠ ᠪᠦᠭᠦᠳᠡᠭᠡᠷ ᠢᠶᠠᠨ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠷᠳᠣ ᠵᠠᠮ ᠤᠨ ᠠᠶᠠᠨ ᠳᠠᠭᠠᠨ ᠴᠢᠷᠮᠠᠶᠢᠨ ᠲᠡᠮᠡᠴᠡᠵᠡᠭᠡᠶ᠎ᠡ︕ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠲᠤᠭ ᠢ ᠦᠨᠳᠤᠷ ᠮᠠᠨᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠣᠳᠠᠲᠠᠢ ᠶᠢ ᠡᠷᠬᠢᠮᠯᠡᠨ᠂ ᠲᠡᠷᠢᠭᠦᠨ ᠢ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠶ᠎ᠡ︕      ᠨᠡᠷᠡᠰ ᠤᠨ ᠲᠠᠶᠢᠯᠪᠤᠷᠢ     ⒈ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ᠄ 2019 ᠣᠨ ᠤ 12 ᠰᠠᠷ᠎ᠠ ᠶᠢᠨ 9 ᠤ ᠡᠳᠦᠷ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠃ ᠭᠤᠣᠯᠳᠠᠭᠤ ︽ᠣᠷᠣᠨ ᠲᠣᠭᠤᠷᠢᠭ ᠵᠢᠴᠢ ᠠᠵᠦ ᠦᠢᠯᠡᠰ ᠤᠨ ᠣᠨᠴᠠᠯᠢᠭ ᠳᠠᠪᠠᠭᠤᠯᠢᠭ ᠢ ᠪᠣᠢ ᠪᠣᠯᠭᠠᠬᠤ᠂ ᠥᠨᠳᠥᠷ ᠬᠢᠷᠢ ᠲᠦᠪᠰᠢᠨ ᠲᠠᠢ ᠡᠷᠳᠡᠮ ᠰᠢᠨᠵᠢᠯᠡᠭᠡᠨ ᠤ ᠪᠦᠯᠬᠦᠮ ᠪᠠ ᠲᠤᠯᠭᠠᠮ᠎ᠠ ᠱᠠᠭᠠᠷᠳᠠᠭᠳᠠᠬᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠲᠣᠮᠣ ᠦᠷ᠎ᠡ ᠪᠦᠲᠦᠭᠡᠯ ᠢ ᠤᠯᠠᠷᠢᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ᠂ ᠰᠢᠨ᠎ᠡ ᠶᠢ ᠡᠭᠦᠳᠴᠦ ᠨᠡᠭᠡᠭᠡᠨ ᠬᠥᠭᠵᠢᠭᠦᠯᠬᠦ ᠲᠠᠪᠴᠠᠩ ᠢ ᠬᠠᠮᠲᠤᠷᠠᠨ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠦ ᠠᠬᠤᠶᠢᠯᠠᠯ ᠢ ᠪᠣᠢ ᠪᠣᠯᠭᠠᠵᠤ ᠣᠷᠣᠭᠤᠯᠤᠨ ᠠᠪᠴᠢᠷᠠᠬᠤ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠵᠢᠴᠢ ᠰᠢᠨ᠎ᠡ ᠶᠢ ᠡᠭᠦᠳᠬᠦ ᠠᠴᠢᠶᠠᠯᠠᠪᠤᠷᠢ ᠶᠢ ᠬᠠᠮᠲᠤ ᠪᠠᠷ ᠪᠠᠶᠢᠭᠤᠯᠬᠤ︾ ᠵᠢᠷᠭᠤᠭᠠᠨ ᠡᠭᠦᠷᠭᠡ ᠶᠢ ᠪᠠᠭᠲᠠᠭᠠᠨ᠎ᠠ᠃     ⒉ᠡᠨᠧᠷᠭᠢ ᠶᠢᠨ ᠬᠤᠷᠣᠭᠳᠠᠯ ᠤᠨ ᠬᠤᠶᠠᠷ ᠢ ᠬᠢᠵᠠᠭᠠᠷᠯᠠᠬᠤ᠄ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠬᠤ ᠶᠢ ᠵᠢᠭᠠᠨ᠎ᠠ᠃     ⒊ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ᠄ ᠶᠠᠮᠠᠷ ᠨᠢᠭᠡᠨ ᠴᠠᠭ ᠲᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠳᠠᠬᠢᠵᠤ ᠨᠡᠮᠡᠭᠳᠡᠬᠦ ᠦᠭᠡᠢ᠂ ᠬᠠᠮᠤᠭ ᠤᠨ ᠥᠨᠳᠥᠷ ᠬᠡᠮᠵᠢᠭᠳᠡᠯ ᠳᠡᠭᠡᠨ ᠬᠦᠷᠬᠦ ᠶᠢ ᠵᠢᠭᠠᠨ᠎ᠠ ᠃ ᠮᠠᠨ ᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠣᠷᠭᠢᠯ ᠬᠡᠮᠵᠢᠭᠳᠡᠯ ᠳᠤ ᠬᠦᠷᠭᠡᠬᠦ ᠬᠠᠷᠠᠯᠲᠠ ᠶᠢ ᠪᠡᠶᠡᠯᠡᠭᠦᠯᠬᠦ ᠪᠠᠷ ᠠᠮᠠᠯᠠᠯᠲᠠ ᠬᠢᠪᠡ᠃     ⒋ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ᠄ ᠮᠣᠳᠣ ᠲᠠᠷᠢᠬᠤ᠂ ᠡᠨᠧᠷᠭᠢ ᠶᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠵᠡᠷᠭᠡ ᠠᠷᠭ᠎ᠠ ᠵᠠᠮ ᠢᠶᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠵᠢᠭᠠᠨ᠎ᠠ ᠃ ᠮᠠᠨ ᠤ ᠤᠯᠤᠰ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠬᠠᠷᠠᠯᠲᠠ ᠶᠢ ᠪᠡᠶᠡᠯᠡᠭᠦᠯᠬᠦ ᠪᠠᠷ ᠠᠮᠠᠯᠠᠯᠲᠠ ᠬᠢᠪᠡ᠃     ⒌ᠨᠡᠭᠦᠷᠡᠰᠦᠲᠥ᠋ᠷᠥᠭᠴᠢ ᠬᠤᠷᠠᠭᠤᠯᠬᠤ ᠣᠢ᠄ ᠣᠢ ᠰᠢᠭᠤᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠰᠢᠩᠭᠡᠭᠡᠬᠦ ᠴᠢᠳᠠᠪᠤᠷᠢ ᠶᠢ ᠠᠰᠢᠭᠯᠠᠵᠤ᠂ ᠮᠣᠳᠤ ᠲᠠᠷᠢᠬᠤ ᠪᠠ ᠣᠢ ᠰᠢᠭᠤᠢ ᠶᠢ ᠬᠠᠮᠠᠭᠠᠯᠠᠬᠤ ᠵᠡᠷᠭᠡ ᠠᠷᠭ᠎ᠠ ᠪᠠᠷᠢᠯ ᠢᠶᠠᠷ ᠠᠭᠠᠷ ᠮᠠᠨᠳᠠᠯ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠥᠳᠬᠡᠴᠡ ᠶᠢ ᠪᠠᠭᠤᠷᠠᠭᠤᠯᠤᠨ᠂ ᠠᠭᠤᠷ ᠠᠮᠢᠰᠬᠤᠯ ᠳᠤᠯᠠᠭᠠᠷᠠᠬᠤ ᠪᠠᠶᠢᠳᠠᠯ ᠢ ᠤᠳᠠᠭᠠᠰᠢᠷᠠᠭᠤᠯᠬᠤ ᠪᠠᠷ ᠭᠤᠣᠯ ᠬᠠᠷᠠᠯᠲᠠ ᠪᠣᠯᠭᠠᠭᠰᠠᠨ ᠣᠢ ᠶᠢ ᠵᠢᠭᠠᠨ᠎ᠠ᠂ ᠡᠭᠦᠨ ᠤ ᠥᠪᠡᠷ ᠤᠨ ᠥᠷᠲᠡᠭ ᠨᠢ ᠠᠵᠤ ᠦᠢᠯᠡᠳᠪᠦᠷᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠪᠡᠷ ᠤᠨ ᠥᠷᠲᠡᠭ ᠠᠴᠠ ᠬᠤᠯᠠ ᠳᠣᠣᠷ᠎ᠠ ᠪᠠᠶᠢᠳᠠᠭ᠃     ⒍ᠹᠸᠡᠭ ᠴᠢᠶᠣᠣ ᠶᠢᠨ ᠲᠤᠷᠰᠢᠯᠭ᠎ᠠ᠄ ᠣᠯᠠᠨ ᠲᠦᠮᠡᠨ ᠢ ᠳᠠᠶᠢᠴᠢᠯᠠᠵᠤ᠂ ᠣᠯᠠᠨ ᠲᠦᠮᠡᠨ ᠳᠤ ᠲᠦᠰᠢᠭᠯᠡᠨ᠂ ᠵᠥᠷᠢᠴᠡᠯ ᠢ ᠳᠡᠭᠡᠭᠰᠢ ᠮᠡᠳᠡᠭᠦᠯᠬᠦ ᠦᠭᠡᠢ ᠪᠠᠷ ᠲᠣᠰ ᠭᠠᠵᠠᠷ ᠲᠤᠨᠢ ᠰᠢᠢᠳᠪᠦᠷᠢᠯᠡᠬᠦ ᠶᠢ ᠪᠠᠷᠢᠮᠲᠠᠯᠠᠬᠤ ᠶᠢ ᠵᠢᠭᠠᠨ᠎ᠠ᠃     ⒎ᠣᠯᠠᠨ ᠲᠦᠮᠡᠨᠴᠢ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠢᠨᠵᠧᠨᠧᠷᠢᠩ᠄ ᠬᠤᠰᠢᠭᠤ ᠰᠢᠶᠡᠨ᠂ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠳᠠᠪᠴᠠᠩ ᠪᠣᠯᠭᠠᠵᠤ᠂ ᠶᠡᠷᠦᠩᠬᠡᠶᠢᠯᠡᠭᠰᠡᠨ ᠵᠠᠰᠠᠯᠲᠠ ᠶᠢ ᠮᠡᠳᠡᠭᠡ ᠵᠠᠩᠭᠢᠴᠢᠯᠠᠬᠤ ᠪᠠᠷ ᠲᠤᠯᠭᠠᠭᠤᠷᠢᠯᠠᠭᠤᠯᠤᠨ᠂ ᠲᠣᠣᠷᠴᠢᠯᠠᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠬᠠᠷᠠᠭᠠᠨ ᠳᠠᠪᠲᠠᠮᠵᠢ ᠬᠢᠨᠠᠨ ᠡᠵᠡᠮᠳᠡᠭᠦᠷ ᠤᠨ ᠰᠦᠯᠵᠢᠶᠡᠨ ᠬᠡᠷᠡᠭᠯᠡᠯᠲᠡ ᠪᠠᠷ ᠭᠤᠣᠯ ᠪᠣᠯᠭᠠᠭᠰᠠᠨ ︽ᠣᠯᠠᠨ ᠲᠦᠮᠡᠨᠴᠢ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠵᠢᠭᠠᠨ᠎ᠠ᠃     ᠲᠣᠳᠣᠷᠬᠠᠶᠢᠯᠠᠯᠲᠠ᠄ ᠨᠡᠷᠡᠰ ᠤᠨ ᠲᠠᠶᠢᠯᠪᠤᠷᠢ ᠶᠢ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠢᠴᠢᠭᠰᠡᠨ ᠳᠠᠷᠠᠭᠠᠯᠠᠯ ᠢᠶᠠᠷ ᠨᠢ ᠵᠢᠭᠰᠠᠭᠠᠪᠠ᠃
ᠢᠷᠡᠯᠲᠡ᠄ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ