ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠦᠯᠵᠡᠶᠢᠵᠢᠷᠭᠠᠯ
ᠨᠡᠶᠢᠲᠡᠯᠡᠭᠰᠡᠨ ᠴᠠᠭ᠄
2021/3/15
     ᠦᠯᠵᠡᠶᠢᠵᠢᠷᠭᠠᠯ᠂ ᠰᠠᠭᠢᠯ ᠤᠨ ᠨᠡᠷ᠎ᠡ ᠯᠤᠪᠰᠠᠨᠢᠮ᠎ᠠ᠂ 1979 ᠤᠨ ᠤ 4 ᠰᠠᠷ᠎ᠠ ᠶᠢᠨ 19 ᠤ ᠡᠳᠦᠷ ᠤᠳᠤᠭ ᠬᠤᠰᠢᠭᠤᠨ ᠤ ᠰᠦᠮᠡᠳᠥ ᠰᠤᠮᠤ ᠳᠤ ᠲᠦᠷᠦᠵᠡᠢ᠃ 1988 ᠤᠨ ᠳᠤ ᠰᠦᠮᠡᠳᠥ ᠪᠠᠭ᠎ᠠ ᠰᠤᠷᠭᠠᠭᠤᠯᠢ ᠳᠤ ᠰᠤᠷᠤᠯᠴᠠᠪᠠ᠃ 1993 ᠤᠨ ᠳᠤ ᠤᠳᠤᠭ ᠬᠤᠰᠢᠭᠤᠨ ᠤ ᠠᠵᠢᠯ ᠮᠡᠷᠭᠡᠵᠢᠯ ᠤᠨ ᠶᠡᠷᠦᠩᠭᠡᠶᠢᠯᠡᠭᠰᠡᠨ ᠲᠤᠮᠳᠠᠳᠤ ᠰᠤᠷᠭᠠᠭᠤᠯᠢ ᠳᠤ ᠰᠤᠷᠤᠯᠴᠠᠵᠠᠢ᠃ 1995 ᠤᠨ ᠳᠤ ᠤᠷᠳᠤᠰ ᠬᠤᠳᠠ ᠶᠢᠨ ᠡᠷᠡᠭᠦᠯ ᠬᠠᠮᠠᠭᠠᠯᠠᠯ ᠤᠨ ᠰᠤᠷᠭᠠᠭᠤᠯᠢ ᠳᠤ ᠰᠤᠷᠤᠯᠴᠠᠪᠠ᠃ 1998 ᠤᠨ ᠳᠤ ᠭᠦᠭᠡᠬᠤᠳᠠ ᠶᠢᠨ ᠲᠤᠰᠠᠭᠠᠷ ᠡᠮᠨᠡᠯᠭᠡ ᠶᠢᠨ ᠲᠡᠭᠡᠳᠥ ᠰᠤᠷᠭᠠᠭᠤᠯᠢ ᠳᠤ ᠰᠤᠷᠤᠯᠴᠠᠭᠰᠠᠨ ᠪᠠᠶᠢᠨ᠎ᠠ᠃ 2000 ᠤᠨ ᠳᠤ ᠠᠯᠠᠱᠠ ᠠᠶᠢᠮᠠᠭ ᠤᠨ ᠵᠡᠭᠦᠨ ᠭᠡᠭᠡᠨ ᠠᠴᠠ ᠰᠠᠭᠢᠯ ᠠᠪᠴᠤ ᠯᠠᠮᠨ ᠪᠤᠯᠵᠠᠢ᠃ 2002 ᠤᠨ ᠠᠴᠠ ᠡᠭᠢᠯᠡᠨ ᠲᠢᠶᠠᠨ ᠰᠦᠮ᠎ᠡ ᠳᠤ ᠲᠡᠮᠴᠦ᠋ᠭ ᠭᠦᠷᠦ ᠰᠤᠷᠤᠯᠴᠠᠵᠤ᠂ ᠡᠳᠦᠭᠡ ᠭᠦᠷᠳᠡᠯ᠎ᠡ ᠰᠦᠮ᠎ᠡ ᠳᠡᠭᠡᠨ ᠪᠠᠶᠢᠨ᠎ᠠ᠃                          ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠣᠳᠠᠰ ᠤᠨ ᠪᠤᠰᠤ ᠰᠤᠶᠤᠯ ᠤᠨ ᠥᠪ︾  ᠪᠠᠢ ᠭᠡᠷᠡᠯᠲᠦ ᠭᠤᠤᠯᠯᠠᠨ ᠨᠠᠶᠢᠷᠠᠭᠤᠯᠪᠠ   ︵ᠤᠲᠤᠭ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ︶    
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ