ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠲᠤᠳᠬᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠥᠷᠨᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/3/25
               ᠣᠳᠤᠭ ᠵᠡᠰᠠᠭ ᠠᠯᠪᠡᠨ ᠲᠡᠷᠬᠠᠭᠠᠭᠰᠡᠨ ﹇2021﹈ 12 ᠳ᠋ᠤᠭᠠᠷ ᠲᠣᠭᠠᠳᠣ            ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠲᠤᠳᠬᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠥᠷᠨᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠲᠡ ᠶᠢᠨ ᠦᠷ᠎ᠡ ᠪᠦᠲᠦᠭᠡᠯ ᠢ ᠤᠯᠠᠮ ᠪᠠᠲᠤᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠴᠡᠪᠡᠷ ᠴᠡᠮᠴᠡᠭᠡᠷ᠂ ᠡᠮᠬᠢ ᠳᠢᠭᠯᠢᠮ ᠲᠠᠢ᠂ ᠪᠣᠯᠪᠠᠰᠤᠨ ᠰᠠᠶᠢᠬᠠᠨ᠂ ᠠᠮᠢ ᠠᠬᠤᠶᠢᠴᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠳᠤᠯᠤᠨ ᠪᠠᠶᠢᠷᠢᠯᠠᠭᠤᠯᠤᠯᠲᠠ ᠳᠤ ᠦᠨᠳᠦᠰᠦᠯᠡᠭᠡᠳ ᠡᠳᠦᠭᠡ ᠬᠠᠮᠢᠶ᠎ᠠ ᠪᠦᠬᠦᠢ ᠮᠡᠳᠡᠭᠳᠡᠯ ᠢ ᠳᠣᠣᠷᠠᠬᠢ ᠮᠡᠲᠦ ᠪᠠᠷ ᠮᠡᠳᠡᠭᠳᠡᠶ᠎ᠡ᠄      ᠨᠢᠭᠡ᠂ ᠶᠡᠷᠦᠩᠬᠡᠢ ᠱᠠᠭᠠᠷᠳᠠᠯᠭ᠎ᠠ      ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠴᠡᠭᠴᠡᠯᠡᠯᠲᠡ ᠶᠢᠨ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠠᠵᠢᠯ ᠤᠨ ᠪᠦᠲᠦᠮᠵᠢ ᠶᠢ ᠦᠷᠭᠦᠯᠵᠢᠯᠡᠨ ᠪᠠᠲᠤᠳᠬᠠᠨ ᠭᠦᠨᠵᠡᠭᠡᠶᠢᠷᠡᠭᠦᠯᠵᠦ᠂ ︽ᠠᠷᠢᠭᠤᠨ ᠴᠡᠪᠡᠷ ᠲᠤ ᠰᠠᠭᠤᠷᠢᠯᠠᠵᠤ᠂ ᠬᠠᠮᠠᠭᠠᠯᠠᠯᠲᠠ ᠳᠤ ᠲᠥᠪᠯᠡᠷᠡᠭᠦᠯᠦᠨ᠂ ᠬᠦᠴᠦᠯᠡᠨ ᠵᠠᠯᠠᠷᠠᠭᠤᠯᠵᠤ᠂ ᠭᠤᠶᠣ ᠰᠠᠶᠢᠬᠠᠨ ᠢ ᠠᠬᠢᠭᠤᠯᠬᠤ︾ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠴᠡᠭᠴᠡᠯᠡᠯᠲᠡ ᠶᠢ ᠤᠯᠠᠮ ᠴᠢᠩᠭᠠᠳᠬᠠᠨ᠂ ᠣᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠠᠢ᠂ ᠬᠠᠮᠤᠭ ᠠᠴᠠ ᠲᠤᠯᠭᠠᠮ᠎ᠠ ᠱᠠᠭᠠᠷᠳᠠᠭᠳᠠᠵᠤ ᠪᠦᠬᠦᠢ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠦᠴᠢᠷ ᠠᠰᠠᠭᠤᠳᠠᠯ ᠳᠤ ᠲᠣᠭᠤᠷᠢᠭᠤᠯᠵᠦ᠂ ᠮᠠᠯᠴᠢᠨ ᠲᠠᠷᠢᠶᠠᠴᠢᠳ ᠤᠨ ᠲᠥᠪᠯᠡᠷᠡᠭᠰᠡᠨ ᠴᠡᠭᠴᠡᠯᠡᠯᠲᠡ ᠳᠤ ᠤᠬᠠᠮᠰᠠᠷ ᠠᠴᠠ ᠪᠠᠨ ᠣᠷᠣᠯᠴᠠᠬᠤ ᠶᠢ ᠳᠠᠶᠢᠴᠢᠯᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠬᠥᠳᠡᠭᠡ ᠲᠣᠰᠬᠤᠨ ᠢ ᠴᠡᠪᠡᠷᠯᠡᠬᠦ ᠠᠵᠢᠯᠯᠠᠭ᠎ᠠ  ᠲᠠᠢ ᠤᠶᠠᠯᠳᠤᠭᠤᠯᠵᠤ᠂ 3 ᠰᠠᠷ᠎ᠠ ᠶᠢᠨ 25 ᠤ ᠡᠳᠦᠷ ᠠᠴᠠ ᠡᠬᠢᠯᠡᠨ 3 ᠰᠠᠷ᠎ᠠ ᠶᠢᠨ ᠬᠤᠭᠤᠴᠠᠭ᠎ᠠ ᠲᠠᠢ ᠪᠠᠷ ᠨᠢᠭᠡ ᠤᠳᠠᠭᠠᠨ ᠤ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠲᠥᠪᠯᠡᠷᠡᠭᠦᠯᠦᠨ ᠥᠷᠨᠢᠭᠦᠯᠵᠦ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠬᠦ ᠠᠵᠢᠯ ᠳᠤ ᠰᠢᠨ᠎ᠡ ᠠᠬᠢᠴᠠ ᠭᠠᠷᠭᠠᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠪᠡᠷ ᠲᠡᠭᠰᠢ ᠪᠠᠶᠢᠭᠰᠠᠨ ᠠᠴᠠ ᠦᠵᠡᠰᠬᠦᠯᠡᠩᠲᠦ ᠰᠠᠶᠢᠬᠠᠨ ᠰᠠᠭᠤᠷᠢᠰᠢᠬᠤ ᠳᠤ ᠲᠣᠬᠢᠲᠠᠢ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠤ ᠴᠡᠪᠡᠷ ᠴᠡᠮᠴᠡᠭᠡᠷ ᠣᠷᠴᠢᠨ ᠲᠣᠭᠤᠷᠢᠨ ᠢᠶᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠨ᠎ᠡ᠃      ᠬᠤᠶᠠᠷ᠂ ᠠᠵᠢᠯ ᠤᠨ ᠭᠤᠣᠯᠳᠠᠯᠭ᠎ᠠ      ︵ᠨᠢᠭᠡ︶ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠨ᠎ᠡ᠃ ᠬᠤᠲᠠ ᠬᠥᠳᠡᠭᠡ ᠶᠢᠨ ᠠᠭᠤᠯᠵᠠᠷ᠂ ᠬᠠᠲᠤᠨ ᠭᠤᠣᠯ ᠤᠨ ᠬᠥᠪᠡᠭᠡ᠂ ᠵᠠᠮ ᠳᠠᠭᠠᠤ᠂ ᠵᠡᠭᠡᠯᠢ ᠭᠤᠳᠤᠮᠵᠢ ᠪᠠ ᠭᠤᠣᠯ ᠮᠦᠷᠡᠨ ᠭᠤᠤ ᠰᠤᠪᠠᠭ ᠵᠡᠷᠭᠡ ᠭᠤᠣᠯᠳᠠᠯᠭ᠎ᠠ  ᠲᠠᠢ ᠣᠷᠣᠨ ᠲᠣᠭᠤᠷᠢᠭ ᠲᠤ ᠲᠥᠪᠯᠡᠷᠡᠭᠦᠯᠦᠨ᠂ ᠠᠮᠢᠳᠤᠷᠠᠯ ᠤᠨ ᠬᠤᠭ ᠨᠣᠪᠰᠢ᠂ ᠰᠦᠯᠢᠶᠣᠤ ᠬᠤᠭ᠂ ᠲᠠᠷᠢᠶᠠᠯᠠᠩ ᠳᠤ ᠬᠡᠷᠡᠭᠯᠡᠬᠦ ᠪᠣᠳᠠᠰ ᠤᠨ ᠪᠣᠭᠤᠳᠠᠯ᠂ ᠪᠠᠷᠢᠯᠭ᠎ᠠ ᠶᠢᠨ ᠬᠤᠭ ᠵᠡᠷᠭᠡ ᠶᠢ ᠲᠥᠪᠯᠡᠷᠡᠭᠦᠯᠦᠨ ᠴᠡᠪᠡᠷᠯᠡᠵᠦ᠂ ᠬᠤᠭ ᠨᠣᠪᠰᠢ ᠶᠢ ᠨᠢᠭᠤᠴᠠ ᠪᠠᠷ ᠬᠠᠶᠠᠭᠰᠠᠨ᠂ ᠳᠤᠷ᠎ᠠ ᠪᠠᠷ ᠬᠠᠶᠠᠭᠰᠠᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃ ᠭᠠᠴᠠᠭ᠎ᠠ ᠲᠣᠰᠬᠤᠨ ᠤ ᠣᠶᠢᠷ᠎ᠠ ᠬᠠᠪᠢ᠂ ᠵᠠᠮ ᠤᠨ ᠬᠠᠵᠠᠭᠤ᠂ ᠤᠰᠤᠨ ᠤ ᠬᠥᠪᠡᠭᠡ᠂ ᠲᠠᠷᠢᠶᠠᠨ ᠵᠠᠬ᠎ᠠ᠂ ᠣᠢ ᠰᠢᠭᠤᠢ ᠮᠡᠲᠦ ᠶᠢᠨ ᠡᠯ᠎ᠡ ᠲᠥᠷᠥᠯ ᠤᠨ ᠵᠠᠳᠠᠭᠠᠢ ᠣᠪᠣᠭᠠᠯᠠᠭᠰᠠᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠴᠡᠪᠡᠷ ᠴᠡᠮᠴᠡᠭᠡᠷ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶      ︵ᠬᠤᠶᠠᠷ︶ ︽ᠲᠦᠯᠡᠭᠡᠨ ᠣᠪᠣᠭ᠎ᠠ᠂ ᠰᠢᠪᠠᠷ ᠰᠢᠷᠣᠢ ᠶᠢᠨ ᠣᠪᠣᠭ᠎ᠠ᠂ ᠡᠪᠡᠰᠦᠨ ᠣᠪᠣᠭ᠎ᠠ᠂ ᠰᠢᠭᠡᠭ ᠤᠨ ᠣᠪᠣᠭ᠎ᠠ᠂ ᠬᠤᠭ ᠤᠨ ᠣᠪᠣᠭ᠎ᠠ︾ ᠶᠢ ᠪᠠᠶᠢᠴᠠᠭᠠᠵᠤ ᠴᠡᠪᠡᠷᠯᠡᠨ᠎ᠡ᠃ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠤ᠂ ᠲᠦᠯᠡᠭᠡᠨ ᠣᠪᠣᠭ᠎ᠠ᠂ ᠰᠢᠪᠠᠷ ᠰᠢᠷᠣᠢ ᠶᠢᠨ ᠣᠪᠣᠭ᠎ᠠ᠂ ᠡᠪᠡᠰᠦᠨ ᠣᠪᠣᠭ᠎ᠠ᠂ ᠰᠢᠭᠡᠭ ᠤᠨ ᠣᠪᠣᠭ᠎ᠠ᠂ ᠬᠤᠭ ᠤᠨ ᠣᠪᠣᠭ᠎ᠠ ᠮᠡᠲᠦ ᠶᠢᠨ ︽ᠲᠠᠪᠤᠨ ᠣᠪᠣᠭ᠎ᠠ︾ ᠶᠢᠨ ᠠᠰᠠᠭᠤᠳᠠᠯ ᠢ ᠲᠥᠪᠯᠡᠷᠡᠭᠦᠯᠦᠨ ᠪᠠᠶᠢᠴᠠᠭᠠᠵᠤ ᠴᠡᠪᠡᠷᠯᠡᠨ᠂ ᠵᠡᠭᠡᠯᠢ ᠭᠤᠳᠤᠮᠵᠢ ᠪᠠᠷ ᠡᠪᠡᠰᠦᠨ ᠣᠪᠣᠭ᠎ᠠ᠂ ᠰᠢᠭᠡᠭ ᠤᠨ ᠣᠪᠣᠭ᠎ᠠ᠂ ᠬᠤᠭ ᠤᠨ ᠣᠪᠣᠭ᠎ᠠ ᠂ ᠸᠠᠭᠠᠷ ᠲᠣᠭᠤᠰᠬ᠎ᠠ ᠡᠯᠳᠡᠪ ᠶᠠᠭᠤᠮ᠎ᠠ ᠣᠪᠣᠭᠠᠯᠠᠬᠤ ᠶᠢ ᠬᠤᠷᠢᠭᠯᠠᠵᠤ᠂ ᠰᠣᠶᠤᠭ᠎ᠠ ᠮᠣᠳᠣ ᠲᠠᠷᠢᠭᠰᠠᠨ ᠭᠠᠵᠠᠷ ᠤᠨ ᠬᠤᠭ ᠡᠪᠡᠰᠦ ᠶᠢ ᠠᠷᠢᠯᠭᠠᠨ᠂᠂ ᠬᠤᠭ ᠯᠠᠭ ᠢ ᠴᠡᠪᠡᠷᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶      ︵ᠭᠤᠷᠪᠠ︶ ︽ᠳᠤᠷ᠎ᠠ ᠪᠠᠷ ᠪᠠᠷᠢᠭᠰᠠᠨ᠂ ᠳᠤᠷ᠎ᠠ ᠪᠠᠷ ᠵᠣᠭᠰᠣᠭᠠᠭᠰᠠᠨ᠂ ᠳᠤᠷ᠎ᠠ ᠪᠠᠷ ᠡᠷᠢᠶᠡᠴᠢᠭᠰᠡᠨ᠂ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠬᠠᠶᠠᠭᠰᠠᠨ︾ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ᠎ᠡ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠣᠷᠴᠢᠨ ᠲᠣᠭᠤᠷᠢᠨ ᠢ ᠴᠡᠭᠴᠡᠯᠡᠬᠦ ᠡᠷᠴᠢᠮ ᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ︽ᠳᠤᠷ᠎ᠠ ᠪᠠᠷ ᠪᠠᠷᠢᠭᠰᠠᠨ᠂ ᠳᠤᠷ᠎ᠠ ᠪᠠᠷ ᠵᠣᠭᠰᠣᠭᠠᠭᠰᠠᠨ᠂ ᠳᠤᠷ᠎ᠠ ᠪᠠᠷ ᠡᠷᠢᠶᠡᠴᠢᠭᠰᠡᠨ᠂ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠬᠠᠶᠠᠭᠰᠠᠨ︾ ᠠᠵᠢᠯᠯᠠᠭ᠎ᠠ ᠶᠢ ᠲᠥᠪᠯᠡᠷᠡᠭᠦᠯᠦᠨ ᠴᠡᠪᠡᠷᠯᠡᠵᠦ ᠴᠣᠬᠢᠯᠲᠠ ᠥᠭᠭᠦᠨ᠎ᠡ᠃ ᠳᠦᠷᠢᠮ ᠵᠥᠷᠢᠴᠡᠵᠦ ᠪᠠᠶᠢᠭᠤᠯᠤᠭᠰᠠᠨ ᠠᠵᠢᠯ ᠬᠢᠬᠦ ᠰᠠᠷᠠᠪᠴᠢ᠂ ᠬᠠᠪᠲᠠᠰᠤᠨ ᠪᠠᠶᠢᠰᠢᠩ᠂ ᠨᠠᠷᠠ ᠬᠠᠯᠬᠠᠯᠠᠬᠤ ᠰᠠᠷᠠᠪᠴᠢ ᠵᠡᠷᠭᠡ ᠲᠦᠷ ᠴᠠᠭ ᠤᠨ ᠪᠠᠷᠢᠯᠭ᠎ᠠ ᠵᠢᠴᠢ ᠬᠥᠳᠡᠭᠡ ᠲᠣᠰᠬᠤᠨ ᠤ ᠨᠤᠷᠠᠩᠬᠠᠢ ᠪᠠᠷᠢᠯᠭ᠎ᠠ ᠨᠤᠭᠤᠳ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ᠎ᠡ᠃ ᠤᠬᠠᠭᠤᠯᠭ᠎ᠠ ᠶᠢᠨ ᠲᠠᠪᠴᠠᠩ ᠤᠨ ᠲᠣᠬᠢᠷᠠᠭᠤᠯᠤᠯᠲᠠ ᠶᠢ ᠵᠢᠷᠤᠮᠵᠢᠭᠤᠯᠵᠤ᠂ ᠬᠠᠭᠤᠴᠢᠨ ᠵᠠᠷ ᠮᠡᠳᠡᠭᠡ ᠪᠠ ᠭᠤᠸ᠎ᠠ ᠰᠠᠶᠢᠬᠠᠨ ᠢ ᠨᠥᠯᠥᠭᠡᠯᠡᠬᠦ ᠪᠤᠰᠤᠳ ᠲᠥᠬᠦᠭᠡᠷᠦᠮᠵᠢ ᠶᠢ ᠲᠥᠪᠯᠡᠷᠡᠭᠦᠯᠦᠨ ᠴᠡᠭᠴᠡᠯᠡᠨ᠎ᠡ᠃ ᠰᠤᠮᠤ ᠪᠠᠯᠭᠠᠰᠤ ᠭᠠᠴᠠᠭ᠎ᠠ ᠲᠣᠰᠬᠤᠨ ᠤ ᠵᠡᠭᠡᠯᠢ ᠲᠠᠢ ᠨᠢᠭᠤᠷᠯᠠᠵᠤ ᠪᠠᠶᠢᠭ᠎ᠠ ᠬᠤᠳᠠᠯᠳᠤᠭᠠᠨ ᠤ ᠳᠡᠯᠭᠡᠭᠦᠷ ᠤᠨ ᠳᠡᠯᠭᠡᠭᠦᠷ ᠤᠨ ᠢᠶᠠᠨ ᠭᠠᠳᠠᠨ᠎ᠠ ᠡᠵᠡᠩᠨᠡᠯᠲᠡ ᠬᠢᠬᠦ ᠶᠢ ᠪᠦᠬᠦ ᠲᠠᠯ᠎ᠠ ᠪᠠᠷ ᠴᠡᠭᠴᠡᠯᠡᠨ ᠵᠢᠷᠤᠮᠵᠢᠭᠤᠯᠵᠤ᠂ ᠴᠤᠭᠯᠠᠭ᠎ᠠ ᠮᠠᠶᠢᠮᠠᠢ ᠶᠢᠨ ᠵᠠᠬ᠎ᠠ ᠵᠡᠷᠭᠡ ᠶᠢᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      ︵ᠳᠥᠷᠪᠡ︶ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ᠎ᠡ᠃ ᠭᠠᠴᠠᠭ᠎ᠠ ᠲᠣᠰᠬᠤᠨ ᠤ ︽ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ︾ ᠪᠠ ᠠᠮᠢᠲᠠᠨ ᠤ ᠬᠢᠵᠢᠭ ᠰᠡᠷᠭᠡᠶᠢᠯᠡᠭᠴᠢ ᠵᠡᠷᠭᠡ ᠶᠢ ᠵᠣᠬᠢᠶᠠᠨ ᠪᠠᠶᠢᠭᠤᠯᠤᠨ ᠠᠮᠢᠲᠠᠨ ᠤ ᠬᠢᠵᠢᠭ ᠢ ᠰᠡᠷᠭᠡᠶᠢᠯᠡᠬᠦ᠂ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠮᠡᠷᠭᠡᠵᠢᠯ ᠢ ᠤᠬᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠴᠤ ᠬᠢᠨᠠᠯᠲᠠ ᠲᠠᠯᠪᠢᠨ᠂ ᠮᠠᠯ ᠵᠢᠭᠦᠷᠲᠡᠨ ᠤ ᠢᠯᠭᠠᠳᠠᠰᠤ᠂ ᠡᠪᠡᠳᠴᠢᠨ ᠢᠶᠠᠷ ᠦᠬᠦᠭᠰᠡᠨ ᠠᠮᠢᠲᠠᠨ ᠪᠠ ᠡᠪᠡᠳᠴᠢᠨ ᠢᠶᠠᠷ ᠦᠬᠦᠭᠰᠡᠨ ᠠᠮᠢᠲᠠᠨ ᠤ ᠮᠢᠬ᠎ᠠ ᠪᠠᠷ ᠬᠢᠭᠰᠡᠨ ᠪᠦᠲᠦᠭᠡᠭᠳᠡᠬᠦᠨ ᠢ ᠵᠢᠷᠤᠮᠵᠢᠯ ᠲᠠᠢ ᠪᠠᠷ ᠰᠢᠢᠳᠪᠦᠷᠢᠯᠡᠨ᠎ᠡ᠃ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠤ ᠦᠬᠦᠳᠡᠯ ᠢ ᠲᠥᠪᠯᠡᠷᠡᠭᠦᠯᠦᠨ ᠪᠠᠶᠢᠴᠠᠭᠠᠵᠤ᠂ ᠡᠪᠡᠳᠴᠢᠨ ᠢᠶᠠᠷ ᠦᠬᠦᠭᠰᠡᠨ ᠦᠬᠦᠳᠡᠯ ᠢ ᠳᠤᠷ᠎ᠠ ᠪᠠᠷ ᠬᠠᠶᠠᠬᠤ ᠬᠠᠤᠯᠢ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠂ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠮᠡᠳᠡᠭᠦᠯᠦᠨ᠂ ᠡᠷᠲᠡ ᠰᠢᠢᠳᠪᠦᠷᠢᠯᠡᠵᠦ᠂ ᠮᠠᠨ ᠤ ᠬᠤᠰᠢᠭᠤᠨ ᠳᠤ ᠡᠪᠡᠳᠴᠢᠨ ᠪᠠᠷ ᠦᠬᠦᠭᠰᠡᠨ ᠮᠠᠯ ᠵᠢᠭᠦᠷᠲᠡᠨ ᠤ ᠦᠬᠦᠳᠡᠯ ᠢ ᠳᠤᠷ᠎ᠠ ᠪᠠᠷ ᠬᠠᠶᠠᠭᠰᠠᠨ ᠠᠴᠠ ᠪᠣᠯᠵᠤ ᠣᠷᠴᠢᠨ ᠲᠣᠭᠤᠷᠢᠨ ᠢ ᠪᠣᠬᠢᠷᠲᠤᠭᠤᠯᠬᠤ᠂ ᠡᠪᠡᠳᠴᠢᠨ ᠬᠢᠵᠢᠭ ᠢ ᠬᠠᠯᠳᠠᠪᠤᠷᠢᠯᠠᠭᠤᠯᠬᠤ ᠵᠡᠷᠭᠡ ᠬᠡᠷᠡᠭ ᠡᠭᠦᠰᠬᠡᠬᠦ ᠦᠭᠡᠢ ᠪᠠᠶᠢᠬᠤ ᠶᠢ ᠪᠠᠲᠤᠯᠠᠨ᠎ᠠ᠃  ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ︶      ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠤᠵᠠᠷ ᠤᠰᠤ ᠶᠢ ᠲᠣᠬᠢᠲᠠᠢ ᠰᠢᠢᠳᠪᠦᠷᠢᠯᠡᠨ᠎ᠡ᠃ ᠮᠠᠯᠴᠢᠨ ᠲᠠᠷᠢᠶᠠᠴᠢᠳ ᠤᠨ ᠠᠮᠢᠳᠤᠷᠠᠯ ᠤᠨ ᠪᠤᠵᠠᠷ ᠤᠰᠤ ᠪᠠᠨ ᠵᠢᠷᠤᠮᠵᠢᠯ ᠲᠠᠢ ᠭᠠᠳᠠᠭᠰᠢᠯᠠᠭᠤᠯᠬᠤ ᠶᠢ ᠵᠢᠯᠣᠭᠤᠳᠤᠨ᠂ ᠠᠮᠢᠳᠤᠷᠠᠯ ᠤᠨ ᠪᠤᠵᠠᠷ ᠤᠰᠤ᠂ ᠵᠣᠷᠯᠣᠩ ᠤᠨ ᠰᠢᠭᠡᠰᠦ ᠪᠠᠭᠠᠰᠤ ᠶᠢ ᠰᠢᠭᠤᠳ ᠭᠠᠳᠠᠭᠰᠢᠯᠠᠭᠤᠯᠬᠤ ᠠᠵᠢᠯᠯᠠᠭ᠎ᠠ ᠶᠢ ᠲᠠᠰᠤ ᠬᠤᠷᠢᠭᠯᠠᠵᠤ᠂ ᠭᠠᠴᠠᠭ᠎ᠠ ᠲᠣᠰᠬᠤᠨ ᠤ ᠭᠤᠤ ᠰᠤᠪᠠᠭ ᠲᠤ ᠪᠤᠵᠠᠷ ᠤᠰᠤ ᠬᠠᠳᠠᠭᠠᠯᠠᠬᠤ ᠦᠭᠡᠢ᠂ ᠪᠤᠵᠠᠷ ᠤᠰᠤ ᠶᠢ ᠳᠤᠷ᠎ᠠ ᠪᠠᠷ ᠭᠠᠳᠠᠭᠰᠢᠯᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠵᠣᠷᠯᠣᠩ ᠢ ᠥᠭᠡᠷᠡᠴᠢᠯᠡᠵᠦ ᠵᠠᠰᠠᠨ ᠬᠡᠷᠡᠭᠯᠡᠭᠰᠡᠨ ᠮᠠᠯᠴᠢᠨ ᠲᠠᠷᠢᠶᠠᠴᠢᠨ ᠡᠷᠦᠬᠡ ᠶᠢᠨ ᠠᠮᠢᠳᠤᠷᠠᠯ ᠤᠨ ᠪᠤᠵᠠᠷ ᠤᠰᠤ ᠶᠢ ᠰᠢᠭᠡᠰᠦ ᠪᠠᠭᠠᠰᠤᠨ ᠴᠥᠬᠦᠷᠥᠮ ᠳᠤ ᠬᠢᠬᠦ ᠶᠢ ᠴᠠᠭᠠᠵᠠᠯᠠᠵᠤ᠂ ᠬᠤᠶᠠᠳᠠᠬᠢ ᠤᠳᠠᠭ᠎ᠠ ᠪᠣᠬᠢᠷᠲᠤᠭᠤᠯᠬᠤ ᠠᠴᠠ ᠰᠡᠷᠭᠡᠶᠢᠯᠡᠨ᠎ᠡ᠃ ᠬᠠᠲᠤᠨ ᠭᠤᠣᠯ ᠤᠨ ᠬᠥᠪᠡᠭᠡ ᠳᠠᠭᠠᠤ ᠪᠤᠶᠤ ᠭᠤᠣᠯ ᠤᠨ ᠬᠥᠪᠡᠭᠡᠨ ᠳᠠᠬᠢ ᠮᠠᠯᠴᠢᠨ ᠲᠠᠷᠢᠶᠠᠴᠢᠨ ᠡᠷᠦᠬᠡ ᠶᠢᠨ ᠠᠮᠢᠳᠤᠷᠠᠯ ᠤᠨ ᠪᠤᠵᠠᠷ ᠤᠰᠤ ᠪᠠᠨ ᠭᠤᠣᠯ ᠳᠤ ᠠᠰᠬᠠᠬᠤ ᠶᠢ ᠴᠠᠭᠠᠵᠠᠯᠠᠵᠤ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠤᠨ ᠣᠶᠢᠷ᠎ᠠ ᠬᠠᠪᠢ ᠪᠠᠷ  ᠬᠢ ᠭᠤᠤ ᠰᠤᠪᠠᠭ᠂ ᠵᠡᠭᠡᠯᠢ ᠭᠤᠳᠤᠮᠵᠢ ᠶᠢᠨ ᠤᠰᠤ ᠭᠠᠳᠠᠭᠰᠢᠯᠠᠭᠤᠯᠬᠤ ᠭᠤᠤ ᠪᠠᠷ ᠭᠤᠣᠯᠳᠠᠯᠭ᠎ᠠ ᠪᠣᠯᠭᠠᠨ᠂ ᠤᠰᠤᠨ ᠳᠡᠭᠡᠷᠡᠬᠢ ᠬᠥᠪᠥᠮᠡᠯ ᠪᠣᠳᠠᠰ᠂ ᠬᠤᠭ ᠨᠣᠪᠰᠢ ᠪᠠ ᠭᠤᠤ ᠳᠠᠯᠠᠩ ᠤᠨ ᠬᠥᠪᠡᠭᠡᠨ ᠳᠠᠬᠢ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠨ᠎ᠡ᠃ ᠬᠠᠲᠤᠨ ᠭᠤᠣᠯ ᠤᠨ ᠬᠥᠪᠡᠭᠡ ᠳᠠᠭᠠᠤ ᠭᠠᠴᠠᠭ᠎ᠠ ᠲᠣᠰᠬᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠵᠤ᠂ ᠰᠦᠡᠭ ᠬᠠᠯᠢᠶ᠎ᠠ ᠦᠶᠡᠷ ᠤᠰᠤᠲᠤᠯ ᠢ ᠰᠡᠷᠭᠡᠶᠢᠯᠡᠨ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠤᠰᠤᠨ ᠤ ᠠᠮᠢ ᠠᠬᠤᠢ ᠶᠢ ᠴᠡᠭᠴᠡᠯᠡᠨ᠂ ᠮᠠᠯᠵᠢᠬᠤ ᠲᠠᠷᠢᠶᠠᠯᠠᠬᠤ ᠣᠷᠣᠨ ᠳᠤ ᠪᠤᠵᠠᠷ ᠦᠮᠡᠬᠡᠢ ᠤᠰᠤ ᠭᠠᠳᠠᠭᠰᠢᠯᠠᠭᠤᠯᠬᠤ ᠶᠢ ᠴᠢᠩᠭ᠎ᠠ ᠬᠤᠷᠢᠭᠯᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠡᠶᠢᠲᠡ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ︶      ︵ᠵᠢᠷᠭᠤᠭ᠎ᠠ︶ ᠭᠡᠷ ᠬᠦᠷᠢᠶᠡᠨ ᠤ ᠠᠷᠢᠭᠤᠨ ᠴᠡᠪᠡᠷ ᠢ ᠪᠠᠲᠤᠯᠠᠬᠤ ᠠᠵᠢᠯᠯᠠᠭ᠎ᠠ ᠥᠷᠨᠢᠭᠦᠯᠦᠨ᠎ᠡ᠃ ᠮᠠᠯᠴᠢᠨ ᠲᠠᠷᠢᠶᠠᠴᠢᠳ ᠢ ᠳᠠᠶᠢᠴᠢᠯᠠᠨ ᠭᠡᠷ ᠤᠨ ᠬᠢᠨᠢ ᠣᠶᠢᠷ᠎ᠠ ᠬᠠᠪᠢ ᠶᠢ ᠪᠦᠬᠦ ᠲᠠᠯ᠎ᠠ ᠪᠠᠷ ᠲᠤᠶᠢᠯᠪᠤᠷᠢᠲᠠᠢ ᠴᠡᠪᠡᠷᠯᠡᠭᠦᠯᠵᠦ᠂ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢ ᠳᠡᠷᠢ ᠲᠡᠭᠰᠢ ᠪᠠᠶᠢᠷᠢᠯᠠᠭᠤᠯᠤᠨ᠂ ᠭᠡᠷ ᠬᠦᠷᠢᠶ᠎ᠡ ᠪᠠᠨ ᠴᠡᠪᠡᠷ ᠴᠡᠮᠴᠡᠭᠡᠷ ᠪᠠᠶᠢᠯᠭᠠᠵᠦ᠂ ᠭᠡᠷ ᠤᠨ ᠣᠶᠢᠷ᠎ᠠ ᠬᠠᠪᠢ ᠪᠠᠷ ᠢᠶᠠᠨ ᠬᠤᠭ ᠣᠪᠣᠭᠠᠯᠠᠬᠤ᠂ ᠰᠢᠭᠡᠰᠦ ᠪᠠᠭᠠᠰᠤ ᠪᠤᠵᠠᠷ ᠤᠰᠤ ᠶᠢ ᠳᠤᠷ᠎ᠠ ᠪᠠᠷ ᠠᠰᠬᠠᠬᠤ ᠪᠤᠶᠤ ᠡᠪᠡᠰᠦ ᠲᠦᠯᠡᠭᠡ ᠶᠢ ᠡᠷᠦᠢ ᠬᠤᠷᠤᠢ ᠦᠭᠡᠢ ᠣᠪᠣᠭᠠᠯᠠᠬᠤ ᠶᠢ ᠬᠤᠷᠢᠭᠯᠠᠨ᠎ᠠ᠃ ᠮᠠᠯᠴᠢᠨ ᠲᠠᠷᠢᠶᠠᠴᠢᠳ ᠤᠨ ᠴᠡᠪᠡᠷᠯᠡᠭᠰᠡᠨ ᠭᠠᠵᠠᠷ ᠢᠶᠠᠨ ᠵᠢᠵᠢᠭ ᠵᠢᠮᠢᠰ ᠤᠨ ᠬᠦᠷᠢᠶᠡᠯᠡᠩ᠂ ᠢᠳᠡᠰᠢᠨ ᠨᠣᠭᠤᠭᠠᠨ ᠤ ᠬᠦᠷᠢᠶᠡᠯᠡᠩ᠂ ᠴᠡᠴᠡᠷᠯᠢᠭ᠂ ᠨᠠᠭᠠᠳᠬᠤ ᠭᠠᠵᠠᠷ ᠪᠣᠯᠭᠠᠨ ᠪᠠᠶᠢᠭᠤᠯᠬᠤ ᠶᠢ ᠵᠣᠷᠢᠭᠵᠢᠭᠤᠯᠤᠨ ᠵᠢᠯᠣᠭᠤᠳᠤᠨ᠎ᠠ᠂ ᠢᠩᠭᠢᠬᠦ ᠨᠢ ᠣᠷᠴᠢᠨ ᠲᠣᠭᠤᠷᠢᠨ ᠢ ᠭᠤᠶᠣ ᠰᠠᠶᠢᠬᠠᠨ ᠪᠣᠯᠭᠠᠬᠤ ᠪᠠᠷ ᠪᠠᠷᠠᠬᠤ ᠦᠭᠡᠢ ᠣᠷᠣᠯᠭ᠎ᠠ ᠶᠢ ᠴᠤ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ︶      ︵ᠳᠣᠯᠤᠭ᠎ᠠ︶ ᠵᠣᠷᠯᠣᠩ ᠤᠨ ᠥᠭᠡᠷᠡᠴᠢᠯᠡᠯᠲᠡ ᠶᠢ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠪᠠᠶᠢᠭᠤᠯᠬᠤ ᠪᠣᠯᠣᠨ ᠬᠠᠮᠢᠶᠠᠷᠬᠤ ᠶᠢ ᠠᠪᠴᠠᠯᠳᠤᠭᠤᠯᠵᠤ᠂ ᠡᠷᠦᠬᠡ ᠪᠣᠯᠭᠠᠨ ᠳᠤ ᠳᠠᠩᠰᠠ ᠪᠠᠶᠢᠭᠤᠯᠤᠨ ᠪᠢᠴᠢᠭ ᠮᠠᠲ᠋ᠧᠷᠢᠶᠠᠯ ᠢ ᠢᠵᠢ ᠪᠦᠷᠢᠳᠦᠭᠦᠯᠵᠦ᠂ ᠭᠤᠷᠪᠠᠳᠠᠭᠢ ᠲᠠᠯ᠎ᠠ ᠶᠢᠨ ᠬᠢᠨ ᠬᠠᠮᠢᠶᠠᠷᠴᠤ ᠬᠠᠮᠠᠭᠠᠯᠠᠬᠤ ᠦᠢᠯᠡᠴᠢᠯᠡᠭᠡ ᠳᠤ ᠣᠷᠣᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠤᠬᠠᠭᠤᠯᠤᠨ ᠵᠢᠯᠣᠭᠤᠳᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠳ ᠲᠤ ᠵᠣᠷᠯᠣᠩ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢ ᠬᠡᠷᠡᠭᠯᠡᠬᠦ ᠠᠷᠭ᠎ᠠ ᠪᠠ ᠬᠠᠮᠠᠭᠠᠯᠠᠬᠤ ᠪᠠᠶᠢᠴᠠᠭᠠᠬᠤ ᠠᠷᠭ᠎ᠠ ᠶᠢ ᠣᠯᠠᠨ ᠬᠡᠯᠪᠡᠷᠢ ᠪᠠᠷ ᠤᠬᠠᠭᠤᠯᠵᠤ ᠣᠶᠢᠯᠠᠭᠠᠭᠤᠯᠤᠨ᠂ ᠮᠠᠯᠴᠢᠨ ᠲᠠᠷᠢᠶᠠᠴᠢᠳ ᠤᠨ ᠬᠡᠷᠡᠭᠯᠡᠬᠦ ᠨᠣᠷᠮ᠎ᠠ ᠪᠠ ᠥᠪᠡᠷ ᠢ ᠪᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠬᠤ ᠶᠢ ᠨᠢ ᠵᠢᠯᠣᠭᠤᠳᠤᠨ ᠬᠥᠮᠥᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤ᠂ ᠨᠡᠶᠢᠲᠡ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ︶      ᠭᠤᠷᠪᠠ᠂ ᠬᠡᠷᠡᠭᠵᠢᠭᠦᠯᠬᠦ ᠠᠯᠬᠤᠮ ᠳᠠᠷᠠᠭᠠᠯᠠᠯ      ᠲᠤᠰ ᠤᠳᠠᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠲᠤᠳᠬᠠᠬᠤ ᠠᠵᠢᠯᠯᠠᠭ᠎ᠠ ᠶᠢ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠂ ᠡᠯ᠎ᠡ ᠰᠤᠮᠤ ᠪᠠᠯᠭᠠᠰᠤ ᠪᠣᠯᠣᠨ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠢᠳᠡᠪᠬᠢᠯᠡᠨ ᠬᠥᠳᠡᠯᠦᠯᠴᠡᠵᠦ᠂ ᠤᠬᠠᠮᠰᠠᠷ ᠠᠴᠠ ᠪᠠᠨ ᠠᠵᠢᠯᠯᠠᠨ᠂ ᠴᠠᠭ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠭᠦᠷᠭᠡ ᠲᠣᠭᠲᠠᠭᠠᠨ᠂ ᠠᠵᠢᠯᠯᠠᠬᠤ ᠠᠷᠭ᠎ᠠ ᠶᠢ ᠨᠠᠶᠢᠳᠠᠪᠤᠷᠢᠵᠢᠭᠤᠯᠵᠤ᠂ ᠪᠣᠳᠠᠲᠠᠢ ᠬᠡᠷᠡᠭᠵᠢᠭᠦᠯᠦᠨ᠎ᠡ᠃      ᠨᠢᠭᠡᠳᠦᠭᠡᠷ ᠱᠠᠲᠤ᠄ ᠠᠵᠢᠯ ᠢ ᠪᠠᠶᠢᠷᠢᠯᠠᠭᠤᠯᠬᠤ ᠱᠠᠲᠤ ︵3 ᠰᠠᠷ᠎ᠠ ᠶᠢᠨ 25 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ︶᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠪᠣᠳᠠᠲᠠᠢ ᠠᠵᠢᠯ ᠤᠨ ᠲᠥᠰᠥᠯ ᠲᠣᠭᠲᠠᠭᠠᠨ᠂ ᠵᠣᠬᠢᠶᠠᠨ ᠪᠠᠶᠢᠭᠤᠯᠵᠤ ᠳᠠᠶᠢᠴᠢᠯᠠᠬᠤ᠂ ᠪᠠᠶᠢᠷᠢᠯᠠᠭᠤᠯᠤᠨ ᠠᠬᠢᠭᠤᠯᠬᠤ ᠠᠵᠢᠯ ᠢ ᠰᠠᠶᠢᠨ ᠬᠢᠵᠦ᠂ ᠣᠯᠠᠨ ᠵᠦᠢᠯ ᠤᠨ ᠪᠠᠶᠠᠯᠢᠭ ᠠᠭᠤᠯᠭ᠎ᠠ ᠲᠠᠢ ᠳᠠᠶᠢᠴᠢᠯᠠᠯᠲᠠ ᠶᠢᠨ ᠠᠵᠢᠯᠯᠠᠭ᠎ᠠ ᠥᠷᠨᠢᠭᠦᠯᠦᠨ᠂ ᠬᠥᠳᠡᠭᠡ ᠲᠣᠰᠬᠤᠨ ᠢ ᠴᠡᠪᠡᠷᠯᠡᠬᠦ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃      ᠬᠤᠶᠠᠳᠤᠭᠠᠷ ᠱᠠᠲᠤ᠄ ᠲᠥᠪᠯᠡᠷᠡᠭᠦᠯᠦᠨ ᠴᠡᠭᠴᠡᠯᠡᠬᠦ ᠱᠠᠲᠤ ︵4 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 20 ᠤ ᠡᠳᠦᠷ ᠪᠣᠯᠲᠠᠯ᠎ᠠ︶᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠠᠩᠭᠢᠯᠠᠭ᠎ᠠ ᠶᠢ ᠠᠳᠬᠤᠨ᠂ ᠭᠤᠣᠯᠳᠠᠯᠭ᠎ᠠ ᠶᠢ ᠲᠣᠪᠣᠶᠢᠯᠭᠠᠵᠤ᠂ ᠥᠪᠡᠷᠮᠢᠴᠡ ᠣᠨᠴᠠᠯᠢᠭ ᠲᠠᠢ ᠠᠵᠢᠯᠯᠠᠭ᠎ᠠ ᠨᠤᠭᠤᠳ ᠢ ᠵᠣᠬᠢᠶᠠᠨ ᠪᠠᠶᠢᠭᠤᠯᠵᠤ ᠥᠷᠨᠢᠭᠦᠯᠦᠨ᠂ ᠬᠥᠳᠡᠭᠡ ᠲᠣᠰᠬᠤᠨ ᠤ ᠣᠷᠴᠢᠨ ᠲᠣᠭᠤᠷᠢᠨ ᠪᠤᠵᠠᠷ ᠡᠮᠬᠢ ᠳᠢᠭᠯᠢᠮ ᠦᠭᠡᠢ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ᠎ᠡ᠃      ᠭᠤᠷᠪᠠᠳᠤᠭᠠᠷ ᠱᠠᠲᠤ᠄ ᠱᠠᠯᠠᠪᠳᠠᠭᠤᠯᠤᠨ ᠪᠠᠶᠢᠴᠠᠭᠠᠵᠤ ᠦᠨᠡᠯᠡᠬᠦ ᠱᠠᠲᠤ ︵6 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ︶᠃ ᠬᠤᠰᠢᠭᠤ ᠱᠠᠲᠤᠨ ᠠᠴᠠ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ᠂ ᠰᠣᠯᠪᠢᠴᠠᠭᠤᠯᠤᠨ ᠬᠠᠷᠢᠯᠴᠠᠨ ᠦᠨᠡᠯᠡᠭᠦᠯᠬᠦ ᠵᠡᠷᠭᠡ ᠠᠷᠭ᠎ᠠ ᠪᠠᠷ ᠲᠤᠰ ᠤᠳᠠᠭ᠎ᠠ ᠶᠢᠨ ᠲᠤᠰᠬᠠᠢ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠦᠨᠡᠯᠡᠨ᠎ᠡ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠪᠠᠶᠢᠭᠤᠯᠭ᠎ᠠ ᠨᠤᠭᠤᠳ ᠢ ᠵᠣᠬᠢᠴᠠᠭᠤᠯᠬᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ᠂ ᠳᠥᠭᠦᠮ ᠮᠡᠳᠡᠭᠡ ᠪᠠᠷ ᠤᠬᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ ᠬᠠᠮᠲᠤᠷᠠᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠬᠦ ᠠᠵᠢᠯ ᠢ ᠪᠣᠳᠠᠲᠠᠢ ᠠᠳᠬᠤᠨ᠎ᠠ᠃ ᠡᠯ᠎ᠡ ᠰᠤᠮᠤ ᠪᠠᠯᠭᠠᠰᠤ ᠬᠠᠷᠢᠶ᠎ᠠ ᠭᠠᠵᠠᠷ ᠢᠶᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠨ᠂ ᠬᠠᠷᠢᠶ᠎ᠠ ᠣᠷᠣᠨ ᠳᠠᠬᠢ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠬᠦ ᠠᠵᠢᠯ ᠢ ᠰᠠᠶᠢᠨ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠠᠵᠢᠯ ᠤᠨ ᠳᠠᠩᠰᠠ ᠪᠠᠶᠢᠭᠤᠯᠵᠤ᠂ ᠴᠡᠭᠴᠡᠯᠡᠬᠦ ᠠᠭᠤᠯᠭ᠎ᠠ᠂ ᠬᠡᠷᠡᠭᠵᠢᠭᠦᠯᠬᠦ ᠠᠬᠢᠴᠠ᠂ ᠠᠵᠢᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠨ᠂ ᠡᠯ᠎ᠡ ᠲᠥᠷᠥᠯ ᠤᠨ ᠴᠡᠭᠴᠡᠯᠡᠬᠦ ᠡᠭᠦᠷᠭᠡ ᠶᠢ ᠪᠡᠶᠡᠯᠡᠭᠦᠯᠵᠦ ᠪᠦᠲᠦᠮᠵᠢ ᠭᠠᠷᠭᠠᠬᠤ ᠶᠢ ᠪᠠᠲᠤᠯᠠᠨ᠎ᠠ᠃      ︵ᠬᠤᠶᠠᠷ︶ ᠮᠠᠯᠴᠢᠨ ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠰᠤᠮᠤ ᠪᠠᠯᠭᠠᠰᠤ ᠤᠬᠠᠭᠤᠯᠤᠨ ᠳᠠᠶᠢᠴᠢᠯᠠᠬᠤ ᠠᠵᠢᠯ ᠢ ᠪᠦᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠥᠷᠨᠢᠭᠦᠯᠦᠨ᠂ ᠮᠠᠯᠴᠢᠨ ᠲᠠᠷᠢᠶᠠᠴᠢᠳ ᠤᠨ ᠦᠵᠡᠵᠦ ᠰᠣᠨᠣᠰᠬᠤ ᠳᠤᠷᠠᠲᠠᠢ ᠤᠬᠠᠭᠤᠯᠭ᠎ᠠ ᠶᠢᠨ ᠤᠷᠢᠶ᠎ᠠ ᠯᠣᠽᠦ᠋ᠩ ᠪᠢᠴᠢᠵᠦ᠂ ᠤᠬᠠᠭᠤᠯᠭ᠎ᠠ ᠶᠢᠨ ᠵᠢᠷᠤᠭ ᠨᠠᠭᠠᠬᠤ᠂ ᠯᠠᠪᠠᠷ ᠷᠠᠳᠢᠤ᠋᠂ ᠰᠦᠯᠵᠢᠶᠡᠨ ᠤ ᠣᠬᠤᠷ ᠹᠢᠯᠢᠮ ᠢᠶᠠᠷ ᠨᠡᠪᠲᠡᠷᠡᠭᠦᠯᠬᠦ ᠵᠡᠷᠭᠡ ᠪᠠᠷ ᠳᠠᠮᠵᠢᠭᠤᠯᠤᠨ ᠠᠷᠠᠳ ᠤᠨ ᠠᠮᠢᠳᠤᠷᠠᠯ ᠲᠠᠢ ᠣᠶᠢᠷᠠᠲᠤᠭᠰᠠᠨ᠂ ᠬᠦᠮᠦᠰ ᠤᠨ ᠰᠡᠳᠬᠢᠯ ᠳᠤ ᠰᠠᠭᠤᠭᠳᠠᠬᠤ ᠤᠬᠠᠭᠤᠯᠭ᠎ᠠ ᠵᠢᠯᠣᠭᠤᠳᠤᠯᠭ᠎ᠠ ᠬᠢᠵᠦ᠂ ᠰᠠᠶᠢᠨ ᠮᠠᠭᠤ ᠶᠢᠨ ᠰᠠᠮᠪᠠᠷ᠎ᠠ ᠭᠠᠷᠭᠠᠬᠤ᠂ ᠨᠡᠶᠢᠲᠡ ᠬᠤᠪᠢ ᠰᠣᠯᠢᠬᠤ᠂ ᠴᠡᠪᠡᠷ ᠴᠡᠮᠴᠡᠭᠡᠷ ᠭᠡᠷ ᠬᠦᠷᠢᠶ᠎ᠡ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠨ ᠨᠡᠩ ᠣᠯᠠᠨ ᠮᠠᠯᠴᠢᠨ ᠲᠠᠷᠢᠶᠠᠴᠢᠳ ᠢ ᠳᠠᠶᠢᠴᠢᠯᠠᠵᠤ ᠬᠥᠳᠡᠭᠡ ᠲᠣᠰᠬᠤᠨ ᠢ ᠴᠡᠪᠡᠷᠯᠡᠬᠦ ᠠᠵᠢᠯᠯᠠᠭ᠎ᠠ ᠳᠤ ᠰᠠᠨᠠᠭᠠᠴᠢᠯᠠᠭ᠎ᠠ ᠲᠠᠢ ᠪᠠᠷ ᠣᠷᠣᠯᠴᠠᠭᠤᠯᠤᠨ᠎ᠠ᠃      ︵ᠭᠤᠷᠪᠠ︶ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠷᠠᠭᠤᠯᠬᠤ ᠶᠢ ᠴᠢᠩᠭᠠᠳᠬᠠᠨ᠎ᠠ᠃ ᠱᠠᠭᠠᠷᠳᠠᠨ ᠪᠠᠶᠢᠴᠠᠭᠠᠬᠤ ᠲᠠᠰᠤᠭ᠂ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠪᠠᠶᠢᠩᠭᠤ ᠱᠠᠭᠠᠷᠳᠠᠨ ᠪᠠᠶᠢᠴᠠᠭᠠᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠯᠲᠡ ᠶᠢᠨ ᠠᠵᠢᠯ ᠤᠨ ᠭᠤᠭᠴᠤᠭ᠎ᠠ ᠨᠢᠭᠡᠪᠦᠷᠢ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠡᠯ᠎ᠡ ᠰᠤᠮᠤ ᠪᠠᠯᠭᠠᠰᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠯᠳᠠᠭᠤᠷ ᠪᠠᠶᠢᠴᠠᠭᠠᠵᠤ ᠦᠨᠡᠯᠡᠨ᠂ ᠴᠡᠭᠴᠡᠯᠡᠭᠰᠡᠨ ᠦᠷ᠎ᠡ ᠪᠦᠲᠦᠮᠵᠢ ᠪᠠᠷ ᠢᠯᠡᠷᠬᠡᠢ ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠢᠯᠡᠭᠦᠬᠡᠨ ᠱᠠᠩᠨᠠᠯ ᠤᠨ ᠨᠥᠬᠦᠪᠦᠷᠢ ᠥᠭᠴᠦ᠂ ᠠᠵᠢᠯ ᠢ ᠡᠷᠴᠢᠮᠲᠡᠢ ᠥᠷᠨᠢᠭᠦᠯᠦᠭᠰᠡᠨ ᠦᠭᠡᠢ ᠰᠤᠮᠤ ᠪᠠᠯᠭᠠᠰᠤ ᠶᠢ ᠮᠡᠳᠡᠭᠡᠯᠡᠨ ᠰᠢᠭᠦᠮᠵᠢᠯᠡᠬᠦ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠤᠰᠬᠠᠢ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ᠂ ᠣᠯᠣᠭᠰᠠᠨ ᠦᠷ᠎ᠡ ᠪᠦᠲᠦᠮᠵᠢ ᠪᠠ ᠣᠷᠣᠰᠢᠵᠤ ᠪᠠᠶᠢᠭ᠎ᠠ ᠠᠰᠠᠭᠤᠳᠠᠯ ᠢ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠠᠷ᠎ᠠ ᠪᠣᠯᠭᠠᠨ ᠤ 13 ᠤ ᠡᠳᠦᠷ ᠪᠠ 28 ᠤ ᠡᠳᠦᠷ ᠲᠤ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠳᠤ ᠮᠡᠳᠡᠭᠦᠯᠦᠨ᠎ᠡ᠃ ᠬᠠᠷᠢᠯᠴᠠᠬᠤ ᠬᠦᠮᠦᠨ᠄ ᠯᠢ ᠬᠠᠢ ᠰᠢᠶᠠ᠂ ᠬᠠᠷᠢᠯᠴᠠᠬᠤ ᠤᠲᠠᠰᠤ᠄ 18804773991᠃                                                                              ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2021 ᠣᠨ ᠤ 3 ᠰᠠᠷ᠎ᠠ ᠶᠢᠨ 25 ᠤ ᠡᠳᠦᠷ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2021 ᠣᠨ ᠤ 3 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ