ᠣᠳᠤᠭ ᠵᠠᠰᠠᠭ ᠠᠯᠪᠠᠨ ᠲᠠᠷᠬᠠᠭᠠᠭᠰᠠᠨ ﹇2021﹈ 18 ᠳ᠋ᠤᠭᠠᠷ ᠲᠣᠭᠠᠲᠤ | | 2021 ᠣᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠠᠬᠢ ᠭᠤᠣᠯ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠲᠤᠬᠠᠢ ᠣᠳᠤᠭ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ | ᠲᠣᠭᠤᠷᠢᠭ ︵ᠬᠥᠷᠢᠶᠡᠯᠡᠩ︶ ᠤᠨ ᠬᠠᠮᠢᠶᠠᠷᠣᠯᠳᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ | ᠡᠯ᠎ᠡ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ 2021 ᠣᠨ ᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ | ᠭᠤᠣᠯ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠡᠳᠦᠭᠡ ᠲᠠ ᠨᠠᠷ ᠲᠤ ᠲᠠᠷᠬᠠᠭᠠᠬᠤ ᠶᠢᠨ ᠳᠠᠭᠠᠤ ᠳᠣᠣᠷᠠᠬᠢ | ᠮᠡᠲᠦ ᠱᠠᠭᠠᠷᠳᠠᠯᠭ᠎ᠠ ᠳᠤᠷᠠᠳᠪᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ | ᠲᠣᠭᠤᠰᠢᠯᠠᠭᠤᠯᠤᠨ ᠬᠡᠷᠡᠭᠵᠢᠭᠦᠯᠲᠦᠭᠡᠢ᠃ | ᠨᠢᠭᠡ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠭᠤᠣᠯ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠠᠵᠢᠯ ᠢ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ | ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠤᠨ ᠲᠣᠬᠢᠷᠠᠭᠤᠯᠵᠤ᠂ ᠬᠠᠷᠠᠯᠲᠠᠲᠦ ᠡᠭᠦᠷᠭᠡ ᠶᠢ ᠤᠯᠠᠮ | ᠨᠠᠷᠢᠯᠢᠭᠵᠢᠭᠤᠯᠤᠨ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ | ᠲᠥᠷᠥᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠬᠤᠶᠠᠷ᠂ ᠡᠯ᠎ᠡ ᠬᠠᠷᠢᠭᠤᠴᠠᠯᠭᠠᠲᠤ ᠤᠳᠤᠷᠢᠳᠤᠯᠭ᠎ᠠ ︽ᠬᠡᠨ ᠬᠤᠪᠢᠶᠠᠨ ᠬᠠᠮᠢᠶᠠᠷᠪᠠᠯ ᠬᠡᠨ ᠬᠠᠷᠢᠭᠤᠴᠠᠬᠤ︾ | ᠵᠠᠷᠴᠢᠮ ᠶᠣᠰᠣᠭᠠᠷ᠂ ᠡᠳᠦᠷ ᠳᠣᠳᠥᠮ ᠤᠨ ᠠᠵᠢᠯ ᠳᠤᠮᠳᠠ ᠭᠤᠣᠯ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ᠂ | ᠠᠵᠢᠯ ᠤᠨ ᠠᠬᠢᠴᠠ ᠶᠢ ᠲᠦᠷᠭᠡᠳᠬᠡᠨ᠂ ᠠᠵᠢᠯ ᠤᠨ ᠴᠢᠨᠠᠷ ᠢ ᠪᠠᠲᠤᠯᠠᠨ᠎ᠠ︔ ᠡᠯ᠎ᠡ ᠬᠠᠷᠢᠭᠤᠴᠠᠯᠭᠠᠲᠤ ᠨᠢᠭᠡᠴᠢ | ᠢᠳᠡᠪᠬᠢᠲᠡᠢ ᠬᠠᠮᠵᠢᠯᠴᠠᠵᠤ᠂ ᠤᠬᠠᠮᠰᠠᠷ ᠠᠴᠠ ᠪᠠᠨ ᠠᠵᠢᠯᠯᠠᠨ᠂ ᠬᠠᠷᠠᠯᠲᠠᠲᠦ ᠡᠭᠦᠷᠭᠡ ᠶᠢ ᠬᠠᠮᠲᠤ ᠪᠠᠷ | ᠪᠡᠶᠡᠯᠡᠭᠦᠯᠦᠨ᠎ᠡ᠃ | ᠭᠤᠷᠪᠠ᠂ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠤᠨ ᠬᠢᠨ ᠪᠢᠴᠢᠭ ᠤᠨ | ᠬᠡᠯᠪᠡᠷᠢ ᠪᠠᠷ ᠲᠣᠬᠢᠷᠠᠭᠤᠯᠤᠯᠲᠠ ᠬᠢᠬᠦ᠂ ᠲᠥᠰᠥᠯ ᠶᠣᠰᠣᠭᠠᠷ ᠠᠵᠢᠯᠯᠠᠬᠤ᠂ ᠪᠣᠳᠠᠲᠤ ᠭᠠᠵᠠᠷ ᠲᠤ ᠱᠠᠭᠠᠷᠳᠠᠨ | ᠪᠠᠶᠢᠴᠠᠭᠠᠬᠤ ᠪᠠ ᠰᠦᠯᠵᠢᠶᠡᠨ ᠳᠡᠭᠡᠷ᠎ᠡ ᠱᠠᠭᠠᠷᠳᠠᠨ ᠭᠦᠢᠴᠡᠳᠬᠡᠭᠦᠯᠬᠦ ᠵᠡᠷᠭᠡ ᠬᠡᠯᠪᠡᠷᠢ ᠪᠠᠷ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ ᠱᠠᠯᠠᠪᠳᠠᠭᠤᠯᠤᠨ ᠬᠢᠯᠭᠡᠵᠦ᠂ ᠠᠬᠢᠴᠠ ᠪᠠᠷ | ᠤᠳᠠᠭᠠᠨ ᠢ ᠨᠢ ᠲᠣᠬᠢᠲᠠᠢ ᠴᠠᠭ ᠲᠤ ᠮᠡᠳᠡᠭᠡᠯᠡᠨ᠂ ᠠᠵᠢᠯ ᠢ ᠦᠨᠡᠨᠬᠦ ᠨᠠᠶᠢᠳᠠᠪᠤᠷᠢᠵᠢᠭᠤᠯᠤᠨ᠎ᠠ᠃ | ᠳᠥᠷᠪᠡ᠂ ᠡᠯ᠎ᠡ ᠲᠦᠷᠦᠭᠦᠯᠡᠨ ᠬᠢᠬᠦ ᠨᠢᠭᠡᠴᠢ ᠰᠠᠷ᠎ᠠ ᠪᠣᠯᠭᠠᠨ ᠮᠡᠳᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠦᠨ᠎ᠡ᠃ 2021 ᠣᠨ ᠤ 5 ᠰᠠᠷ᠎ᠠ ᠠᠴᠠ ᠡᠬᠢᠯᠡᠵᠦ᠂ ᠰᠠᠷ᠎ᠠ ᠪᠣᠯᠭᠠᠨ ᠤ 5 ᠤ ᠡᠳᠦᠷ ᠠᠴᠠ ᠡᠮᠦᠨ᠎ᠡ | ᠭᠤᠣᠯ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠬᠤᠯᠪᠣᠭᠳᠠᠯ ᠪᠦᠬᠦᠢ ᠬᠤᠪᠢᠶᠠᠨ ᠬᠠᠮᠢᠶᠠᠷᠬᠤ ᠭᠠᠵᠠᠷ ᠪᠠ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠲᠤ ᠮᠡᠳᠡᠭᠦᠯᠦᠨ᠎ᠡ᠃ | ᠲᠠᠭᠠᠯᠳᠣᠭᠤᠯᠣᠯ᠄ 2021 ᠣᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠠᠬᠢ ᠭᠤᠣᠯ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾ | | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 4 ᠳ᠋ᠦ᠋ᠭᠡᠷ ᠰᠠᠷ᠎ᠠ ᠶᠢᠨ 17 ᠤ ᠡᠳᠣᠷ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2021 ᠣᠨ ᠤ 4 ᠳ᠋ᠦ᠋ᠭᠡᠷ ᠰᠠᠷ᠎ᠠ | ᠶᠢᠨ 17 ᠤ ᠡᠳᠦᠷ ᠳᠠᠷᠤᠮᠠᠯᠯᠠᠨ ᠲᠠᠷᠬᠠᠭᠠᠪᠠ |