ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ ᠤᠨ ᠤᠯᠠᠭᠠᠨᠪᠠᠯᠭᠠᠰᠤᠨ ᠳᠠᠬᠢ ᠬᠡᠰᠡᠭ ᠤᠨ ᠴᠤᠭᠤᠷᠤᠭᠰᠠᠨ ᠭᠡᠰᠡᠭ ᠢ ᠵᠠᠰᠠᠵᠤ᠂ ᠵᠠᠮ ᠳᠠᠭᠠᠤ ᠨᠤᠭᠤᠭᠠᠷᠠᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2021/4/23
     ᠰᠠᠭᠤᠷᠢᠰᠢᠯ ᠤᠨ ᠤᠷᠴᠢᠨ ᠢ ᠦᠨᠡᠨᠬᠦ ᠰᠠᠶᠢᠵᠢᠷᠠᠭᠤᠯᠬᠤ ᠶᠢᠨ ᠳᠤᠰᠠᠳᠠ᠂ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ ᠤᠨ ᠴᠤᠭᠤᠷᠤᠵᠤ ᠬᠠᠭᠠᠷᠠᠭᠰᠠᠨ ᠬᠡᠰᠡᠭ ᠢ ᠵᠠᠰᠠᠵᠤ᠂ ᠵᠠᠮ ᠳᠠᠭᠠᠤ ᠨᠤᠭᠤᠭᠠᠷᠠᠭᠤᠯᠤᠯᠲᠠ ᠬᠢᠬᠦ ᠠᠵᠢᠯ ᠤᠨ ᠱᠠᠭᠠᠷᠳᠠᠯᠭ᠎ᠠ ᠪᠠᠷ ︽ᠬᠡᠨ ᠡᠪᠳᠡᠯᠡᠪᠡᠯ ᠬᠡᠨ ᠵᠠᠰᠠᠬᠤ︾ ᠵᠠᠷᠴᠢᠮ ᠢᠶᠠᠷ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭᠠᠳᠬᠠᠨ᠂ ᠲᠤᠬᠠᠢ ᠶᠢᠨ ᠭᠠᠵᠠᠷ ᠲᠤ ᠨᠢ ᠳᠤᠬᠢᠷᠠᠭᠰᠠᠨ ᠠᠷᠭ᠎ᠠ ᠪᠠᠷ ᠲᠥᠷᠥᠯ ᠬᠤᠪᠢᠶᠠᠵᠤ ᠵᠠᠮ ᠤᠨ ᠴᠤᠭᠤᠷᠤᠵᠤ ᠬᠠᠭᠠᠷᠠᠭᠰᠠᠨ ᠬᠡᠰᠡᠭ ᠢ ᠵᠠᠰᠠᠬᠤ ᠠᠵᠢᠯ ᠢ ᠦᠷᠨᠢᠭᠦᠯᠵᠡᠢ᠃      ᠪᠠᠲᠤᠯᠠᠭ᠎ᠠ ᠲᠠᠢ ᠵᠤᠬᠢᠶᠠᠨ ᠪᠠᠶᠢᠭᠤᠯᠵᠠᠢ      ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠲᠦᠷᠦᠭᠦᠯᠡᠨ ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ ᠤᠨ ᠴᠤᠭᠤᠷᠤᠵᠤ ᠬᠠᠭᠠᠷᠠᠭᠰᠠᠨ ᠭᠡᠰᠡᠭ ᠢ ᠵᠠᠰᠠᠬᠤ ᠪᠠ ᠵᠠᠮ ᠳᠠᠭᠠᠤ ᠨᠤᠭᠤᠭᠠᠷᠠᠭᠤᠯᠬᠤ ᠠᠵᠢᠯ ᠢ ᠵᠢᠯᠤᠭᠤᠳᠬᠤ ᠭᠠᠵᠠᠷ ᠭᠠᠷᠭᠠᠵᠤ᠂ ᠬᠤᠰᠢᠭᠤᠨ ᠤ ᠤᠢ ᠰᠢᠭᠤᠢ ᠪᠠ ᠡᠪᠡᠰᠦ ᠪᠡᠯᠴᠢᠭᠡᠷ ᠤᠨ ᠳᠤᠪᠴᠢᠶ᠎ᠠ ᠠᠴᠠ ᠳᠤᠰᠬᠠᠢ ᠠᠵᠢᠯᠲᠠᠨ ᠳᠤᠮᠢᠯᠠᠵᠤ ᠮᠡᠷᠭᠡᠵᠢᠯ ᠤᠨ ᠵᠢᠯᠤᠭᠤᠳᠤᠯᠭ᠎ᠠ ᠬᠢᠯᠭᠡᠨ᠂ ᠲᠦᠷ ᠠᠵᠢᠯᠯᠠᠬᠤ ᠭᠠᠵᠠᠷ ᠢ ᠤᠯᠠᠭᠠᠨᠪᠠᠯᠭᠠᠰᠤᠨ ᠤ ᠰᠠᠶᠢᠬᠠᠨᠲᠠᠯ᠎ᠠ ᠭᠠᠴᠠᠭᠠᠨ ᠳᠤ ᠳᠤᠬᠢᠷᠠᠭᠤᠯᠵᠠᠢ᠃ ᠳᠡᠭᠡᠳᠦ ᠱᠠᠲᠤᠨ ᠤ ᠪᠠᠶᠢᠭᠤᠯᠭ᠎ᠠ ᠲᠠᠢ ᠢᠳᠡᠪᠬᠢᠲᠡᠢ ᠬᠠᠮᠵᠢᠯᠴᠠᠵᠤ᠂ ᠪᠠᠯᠭᠠᠰᠤᠨ ᠤ ᠳᠠᠭᠠᠭᠠᠴᠢᠯᠠᠨ ᠬᠠᠮᠢᠶᠠᠷᠬᠤ ᠤᠳᠤᠷᠢᠳᠤᠯᠭ᠎ᠠ᠂ ᠭᠠᠴᠠᠭ᠎ᠠ ᠳᠤᠰᠬᠤᠨ ᠤ ᠱᠦᠵᠢ ᠵᠡᠷᠭᠡ 13 ᠬᠦᠮᠦᠨ ᠢ ᠤᠷᠤᠯᠴᠠᠭᠤᠯᠤᠨ᠂ ᠬᠤᠲᠠ ᠶᠢᠨ ᠨᠤᠭᠤᠭᠠᠷᠠᠭᠤᠯᠤᠯᠲᠠ ᠶᠢᠨ ᠺᠤᠮᠫᠠᠨᠢ ᠲᠠᠢ ᠬᠠᠷᠢᠯᠴᠠᠵᠤ᠂ ᠵᠠᠮ ᠳᠠᠭᠠᠤ ᠭᠠᠵᠠᠷ ᠢ ᠨᠤᠭᠤᠭᠠᠷᠠᠭᠤᠯᠬᠤ ᠪᠠ ᠵᠠᠮ ᠤᠨ ᠡᠪᠳᠡᠷᠡᠵᠦ ᠬᠠᠭᠠᠷᠠᠭᠰᠠᠨ ᠭᠡᠰᠡᠭ ᠢ ᠵᠠᠰᠠᠬᠤ ᠠᠵᠢᠯ ᠢ ᠨᠠᠷᠢᠯᠢᠭ ᠬᠢᠵᠡᠢ᠃      ᠤᠯᠠᠨ ᠲᠠᠯ᠎ᠠ ᠶᠢᠨ ᠬᠢᠨ ᠬᠠᠮᠲᠤᠪᠡᠷ ᠬᠥᠳᠡᠯᠦᠯᠴᠡᠵᠡᠢ      ᠵᠢᠯᠤᠭᠤᠳᠬᠤ ᠭᠠᠵᠠᠷ ᠤᠨ ᠨᠢᠭᠡᠳᠦᠯᠲᠡᠢ ᠳᠤᠬᠢᠷᠠᠭᠤᠯᠭ᠎ᠠ ᠪᠠᠷ᠂ ᠤᠢ ᠰᠢᠭᠤᠢ ᠪᠠ ᠡᠪᠡᠰᠦ ᠪᠡᠯᠴᠢᠭᠡᠷ ᠤᠨ ᠳᠤᠪᠴᠢᠶ᠎ᠠ ᠶᠢᠨ ᠬᠢᠨ ᠮᠡᠷᠭᠡᠵᠢᠯ ᠤᠨ ᠵᠢᠯᠤᠭᠤᠳᠤᠯᠭ᠎ᠠ ᠬᠠᠩᠭᠠᠬᠤ ᠠᠵᠢᠯ ᠢ ᠬᠠᠷᠢᠭᠤᠴᠠᠵᠤ᠂ ᠤᠯᠠᠭᠠᠨᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠵᠤᠬᠢᠴᠠᠭᠤᠯᠤᠨ᠂ ᠰᠠᠶᠢᠬᠠᠨᠲᠠᠯ᠎ᠠ᠂ ᠰᠢᠷᠠᠪᠦ᠋ᠷᠢᠳᠦ᠂ ᠴᠠᠭᠠᠨᠨᠠᠭᠤᠷ ᠭᠠᠴᠠᠭ᠎ᠠ ᠤᠬᠠᠭᠤᠯᠤᠨ ᠳᠠᠶᠢᠴᠢᠯᠠᠵᠤ᠂ ᠮᠠᠯᠴᠢᠨ ᠡᠷᠦᠬᠡ ᠲᠠᠢ ᠬᠠᠷᠢᠯᠴᠠᠨ ᠨᠤᠭᠤᠭᠠᠷᠠᠭᠤᠯᠬᠤ ᠠᠵᠢᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠵᠡᠢ᠃ ᠡᠯ᠎ᠡ ᠪᠠᠶᠢᠭᠤᠯᠭ᠎ᠠ ᠨᠢᠭᠡᠴᠢ ᠶᠢᠨ ᠢᠳᠡᠪᠬᠢᠲᠡᠢ ᠬᠠᠮᠵᠢᠯᠴᠠᠭ᠎ᠠ ᠪᠠᠷ᠂ ᠵᠠᠮ ᠳᠠᠭᠠᠤ ᠨᠤᠭᠤᠭᠠᠷᠠᠭᠤᠯᠤᠯᠲᠠ ᠶᠢᠨ ᠠᠵᠢᠯ ᠤᠨ ᠬᠠᠮ ᠬᠦᠴᠦᠨ ᠢ ᠪᠥᠷᠢᠯᠳᠦᠭᠦᠯᠦᠭᠰᠡᠨ ᠪᠠᠶᠢᠨ᠎ᠠ᠃ 4 ᠳ᠋ᠤᠭᠡᠷ ᠰᠠᠷ᠎ᠠ ᠶᠢᠨ 16 ᠤ ᠡᠳᠦᠷ ᠤᠨ 20 ᠴᠠᠭ ᠪᠤᠯᠲᠠᠯ᠎ᠠ᠂ ᠵᠢᠯᠤᠭᠤᠳᠬᠤ ᠭᠠᠵᠠᠷ ᠴᠠᠬᠢᠯᠭᠠᠨ ᠬᠤᠯᠪᠤᠭ᠎ᠠ᠂ ᠨᠢᠭᠡᠳᠦᠮᠡᠯ ᠬᠤᠯᠪᠤᠭ᠎ᠠ᠂ ᠰᠢᠯᠵᠢᠮᠡᠯ ᠬᠤᠯᠪᠤᠭ᠎ᠠ ᠵᠡᠷᠭᠡ ᠺᠤᠮᠫᠠᠨᠢ ᠶᠢᠨ ᠬᠠᠷᠢᠭᠤᠴᠠᠯᠭᠠᠲᠠᠨ ᠠᠬᠤᠢ ᠲᠠᠯᠠᠪᠠᠢ ᠳᠤ ᠳᠤᠬᠢᠶᠠᠨ ᠤ ᠵᠢᠶᠠᠰᠠ ᠪᠤᠯᠤᠨ ᠨᠤᠭᠤᠭᠠᠷᠠᠭᠤᠯᠤᠯᠲᠠ ᠶᠢᠨ ᠤᠷᠤᠨ ᠢ ᠲᠤᠳᠤᠷᠬᠠᠶᠢᠯᠠᠬᠤ ᠠᠵᠢᠯ ᠢ ᠠᠬᠢᠭᠤᠯᠵᠠᠢ᠃ ᠵᠢᠯᠤᠭᠤᠳᠬᠤ ᠭᠠᠵᠠᠷ ᠤᠬᠠᠭᠤᠯᠤᠨ ᠲᠠᠶᠢᠯᠪᠤᠷᠢᠯᠠᠬᠤ ᠪᠠ ᠡᠷᠦᠬᠡ ᠪᠠᠷ ᠲᠤᠭᠤᠷᠢᠵᠤ ᠬᠠᠷᠢᠯᠴᠠᠬᠤ ᠵᠡᠷᠭᠡ ᠠᠷᠭ᠎ᠠ ᠪᠠᠷ 18 ᠮᠠᠯᠴᠢᠨ ᠲᠠᠷᠢᠶᠠᠴᠢᠨ ᠡᠷᠦᠬᠡ ᠲᠠᠢ ᠵᠥᠪᠳᠡᠯᠴᠡᠵᠦ ᠤᠰᠤ ᠬᠠᠩᠭᠠᠯᠭᠠᠨ᠂ 40 ᠮᠠᠯᠴᠢᠨ ᠲᠠᠷᠢᠶᠠᠴᠢᠨ ᠡᠷᠦᠬᠡ ᠠᠴᠠ ᠵᠠᠮ ᠵᠠᠰᠠᠬᠤ ᠳᠤ ᠬᠡᠷᠡᠭᠰᠡᠬᠦ ᠰᠢᠷᠤᠢ ᠪᠠ ᠮᠤᠳᠤ ᠤᠰᠤᠯᠠᠬᠤ ᠳᠤ ᠬᠡᠷᠡᠭᠰᠡᠬᠦ ᠤᠰᠤ ᠠᠪᠬᠤ ᠠᠰᠠᠭᠤᠳᠠᠯ ᠢ ᠰᠢᠢᠳᠪᠦᠷᠢᠯᠡᠵᠡᠢ ᠃ ᠬᠠᠷᠠᠭᠠᠯᠵᠠᠭᠰᠠᠨ ᠳᠥᠬᠦᠭᠡᠷᠦᠮᠵᠢ ᠶᠢ ᠴᠥᠮ ᠪᠡᠯᠡᠳᠬᠡᠭᠡᠳ᠂ ᠤᠳᠤᠬᠠᠨ ᠳᠤ 35 ᠮᠠᠰᠢᠨ ᠮᠧᠬᠠᠨᠢᠭ ᠳᠤᠬᠢᠷᠠᠭᠤᠯᠵᠤ᠂ 114 ᠠᠵᠢᠯᠲᠠᠨ ᠠᠵᠢᠯ ᠢᠶᠠᠨ ᠡᠬᠢᠯᠡᠭᠦᠯᠵᠡᠢ᠃ ᠬᠤᠯᠪᠤᠭᠳᠠᠬᠤ ᠮᠠᠯᠴᠢᠨ ᠲᠠᠷᠢᠶᠠᠴᠢᠨ 30 ᠡᠷᠦᠬᠡ ᠠᠴᠠ 29 ᠨᠢ ᠨᠤᠭᠤᠭᠠᠷᠠᠭᠤᠯᠬᠤ ᠶᠢ ᠵᠥᠪᠰᠢᠶᠡᠷᠡᠵᠦ᠂ 1 ᠡᠷᠦᠬᠡ ᠲᠠᠢ ᠨᠢ ᠶᠠᠭ ᠵᠥᠪᠳᠡᠯᠴᠡᠵᠦ ᠪᠤᠢ︔ ᠵᠠᠮ ᠤᠨ ᠭᠠᠳᠠᠷᠭᠤ ᠶᠢᠨ 42 ᠴᠤᠭᠤᠷᠤᠵᠤ ᠡᠪᠳᠡᠷᠡᠭᠰᠡᠨ ᠬᠡᠰᠡᠭ ᠤᠨ 13 ᠶᠢ ᠨᠢ ᠵᠠᠰᠠᠵᠤ ᠳᠡᠭᠰᠢᠯᠡᠭᠡᠳ᠂ 5 ᠬᠡᠰᠡᠭ ᠭᠠᠵᠠᠷ ᠢ ᠶᠠᠭ ᠵᠠᠰᠠᠵᠤ ᠪᠤᠢ︔ 3100 ᠭᠠᠷᠤᠢ ᠮᠤᠳᠤ ᠲᠠᠷᠢᠬᠤ ᠨᠦᠬᠡ ᠮᠠᠯᠲᠠᠵᠤ᠂ 2000 ᠮᠤᠳᠤ ᠲᠠᠷᠢᠭᠠᠳ᠂ ᠨᠢᠭᠡ ᠭᠠᠷᠠᠭ ᠤᠨ ᠳᠤᠲᠤᠷ᠎ᠠ ᠷᠦᠩ ᠴᠧᠩ ᠠᠴᠠ ᠦᠬᠠᠢ ᠬᠦᠷᠬᠦ ᠲᠦᠷᠭᠡᠨ ᠤ ᠵᠠᠮ ᠳᠠᠭᠠᠤ ᠨᠤᠭᠤᠭᠠᠷᠠᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠵᠤ ᠪᠤᠢ᠃
ᠢᠷᠡᠯᠲᠡ᠄ ᠤᠲᠤᠭ ᠬᠤᠰᠢᠭᠤᠨ ᠤ ᠤᠯᠠᠭᠠᠨᠪᠠᠯᠭᠠᠰᠤ