ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ — ︽ᠴᠡᠴᠡᠷᠯᠢᠭ ᠤᠨ ᠵᠠᠬᠢᠷᠤᠯ︾ ᠬᠤᠨᠳᠠᠭᠠᠳᠤ ᠬᠦᠯ ᠪᠦᠮᠪᠦᠭᠡ ᠶᠢᠨ ᠲᠤᠭᠯᠠᠭᠠᠮ ᠤᠨ ᠬᠦᠳᠡᠯᠭᠡᠭᠡᠨ ᠶᠠᠪᠤᠭᠳᠠᠪᠠ
ᠨᠡᠶᠢᠲᠡᠯᠡᠭᠰᠡᠨ ᠴᠠᠭ᠄
2021/4/24
     ᠬᠡᠥᠭᠡᠳ ᠤᠨ ᠬᠦᠯ ᠪᠦᠮᠪᠦᠭᠡ ᠨᠠᠭᠠᠳᠬᠤ ᠤᠷᠮᠠᠰᠢᠯ ᠢ ᠬᠦᠭᠵᠢᠭᠡᠵᠦ᠂ ᠲᠤᠭᠯᠠᠭᠠᠮ ᠤᠨ ᠳᠤᠮᠳᠠ ᠠᠴᠠ ᠰᠤᠷᠤᠯᠴᠠᠬᠤ ᠂ ᠴᠡᠴᠡᠷᠯᠢᠭ ᠤᠨ ᠬᠦᠷᠢᠶᠡᠨ ᠳᠤ ᠬᠦᠯ ᠪᠦᠮᠪᠦᠭᠡ ᠨᠠᠭᠠᠳᠬᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ ᠳᠡᠯᠭᠡᠷᠡᠭᠦᠯᠦᠨ᠂ ᠪᠠᠭᠰᠢ ᠨᠠᠷ ᠤᠨ ᠬᠦᠯ ᠪᠦᠮᠪᠦᠭᠡ ᠶᠢᠨ ᠨᠠᠭᠠᠳᠤᠮ ᠢ ᠵᠤᠬᠢᠶᠠᠨ ᠪᠠᠶᠢᠭᠤᠯᠬᠤ ᠮᠡᠷᠭᠡᠵᠢᠯ ᠴᠢᠳᠠᠪᠤᠷᠢ ᠶᠢ ᠠᠬᠢᠭᠤᠯᠬᠤ ᠶᠢᠨ ᠲᠦᠯᠦᠭᠡ᠂ 2021 ᠤᠨ ᠤ 4 ᠳ᠋ᠦ᠋ᠭᠡᠷ ᠰᠠᠷ᠎ᠠ ᠶᠢᠨ ᠰᠡᠭᠦᠯᠴᠢ ᠶᠢᠨ ᠬᠤᠶᠠᠷ ᠭᠠᠷᠠᠭ ᠲᠤ ︽ᠴᠡᠴᠡᠷᠯᠢᠭ ᠤᠨ ᠵᠠᠬᠢᠷᠤᠯ︾ ᠬᠤᠨᠳᠠᠭᠠᠳᠤ ᠬᠦᠯ ᠪᠦᠮᠪᠦᠭᠡ ᠶᠢᠨ ᠲᠤᠭᠯᠠᠭᠠᠮ ᠤᠨ ᠬᠦᠳᠡᠯᠭᠡᠭᠡᠨ ᠢ ᠠᠮᠵᠢᠯᠲᠠ ᠲᠠᠢ ᠦᠷᠨᠢᠭᠦᠯᠦᠭᠰᠡᠨ ᠪᠠᠶᠢᠨ᠎ᠠ᠃      ᠬᠡᠥᠭᠡᠳ ᠤᠨ ᠬᠦᠳᠡᠯᠭᠡᠭᠡᠨ ᠠᠴᠠ ᠭᠠᠳᠠᠨ᠎ᠠ ᠪᠠᠭᠰᠢ ᠠᠵᠢᠯᠲᠠᠨ ᠤ ᠬᠦᠯ ᠪᠦᠮᠪᠦᠭᠡ ᠶᠢᠨ ᠬᠦᠳᠡᠯᠭᠡᠭᠡᠨ ᠵᠢᠴᠢ ᠲᠠᠮᠢᠷ ᠤᠨ ᠬᠦᠳᠡᠯᠭᠡᠭᠡᠨ ᠢ ᠵᠤᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠬᠤᠷᠰᠢᠨ ᠬᠠᠮᠳᠤᠷᠠᠯᠴᠠᠬᠤ ᠵᠤᠷᠢᠭ ᠰᠠᠨᠠᠭ᠎ᠠ ᠶᠢ ᠴᠢᠩᠭᠠᠳᠬᠠᠬᠤ ᠶᠢᠨ ᠲᠦᠯᠦᠭᠡ᠂ ᠳᠤᠭᠤᠶᠢᠯᠠᠩ ᠢᠶᠠᠷ ᠨᠢᠭᠡᠴᠢ ᠪᠤᠯᠭᠠᠭᠰᠠᠨ ᠬᠦᠯ ᠪᠦᠮᠪᠦᠭᠡ ᠶᠢᠨ ᠤᠷᠤᠯᠳᠤᠭᠠᠨ᠂ ᠬᠦᠯ ᠪᠦᠮᠪᠦᠭᠡ ᠶᠢᠨ ᠤᠷ᠎ᠠ ᠮᠡᠷᠭᠡᠵᠢᠯ ᠤᠨ ᠦᠵᠡᠭᠦᠯᠦᠯᠭᠡ ᠶᠢᠨ ᠬᠦᠳᠡᠯᠭᠡᠭᠡᠨ ᠵᠢᠴᠢ ᠬᠦᠯ ᠪᠦᠮᠪᠦᠭᠡ ᠶᠢᠨ ᠲᠤᠭᠯᠠᠭᠠᠮ ᠢ ᠨᠠᠭᠠᠳᠬᠤ ᠵᠡᠷᠭᠡ ᠬᠡᠯᠪᠡᠷᠢ ᠪᠠᠷ ᠡᠨᠡ ᠤᠳᠠᠭᠠᠨ ᠤ ᠬᠦᠳᠡᠯᠭᠡᠭᠡᠨ ᠢᠶᠠᠨ ᠠᠭᠤᠯᠭ᠎ᠠ ᠪᠠᠷ ᠪᠠᠶᠠᠯᠢᠭᠵᠢᠭᠤᠯᠤᠭᠰᠠᠨ ᠪᠠᠶᠢᠨ᠎ᠠ᠃
     ᠲᠤᠰ ᠤᠳᠠᠭᠠᠨ ᠤ ᠬᠦᠳᠡᠯᠭᠡᠭᠡᠨ ᠨᠢ ᠬᠦᠯ ᠪᠦᠮᠪᠦᠭᠡ ᠶᠢᠨ ᠲᠤᠭᠯᠠᠭᠠᠮ ᠢ ᠴᠡᠴᠡᠷᠯᠢᠭ ᠤᠨ ᠬᠢᠴᠢᠶᠡᠯᠯᠡᠭᠡ ᠳᠤ ᠠᠭᠤᠰᠬᠠᠨ᠂ ᠨᠠᠭᠠᠳᠤᠮ ᠲᠤᠭᠯᠠᠭᠠᠮ ᠤᠨ ᠳᠤᠮᠳᠠᠬᠢ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠬᠠᠮᠳᠤ ᠨᠡᠶᠢᠲᠡ ᠶᠢᠨ ᠲᠦᠯᠦᠭᠡ ᠴᠢᠷᠮᠠᠶᠢᠬᠤ᠂ ᠳᠦᠷᠢᠮ ᠲᠤᠭᠳᠠᠭᠠᠯ ᠢ ᠪᠠᠷᠢᠮᠲᠠᠯᠠᠬᠤ ᠵᠡᠷᠭᠡ ᠰᠠᠶᠢᠨ ᠰᠠᠶᠢᠬᠠᠨ ᠰᠤᠷᠲᠠᠯ ᠢ ᠬᠡᠥᠭᠡᠳ ᠲᠤ ᠪᠠᠨ ᠤᠯᠠᠮᠵᠢᠯᠠᠨ ᠲᠠᠨᠢᠭᠤᠯᠵᠤ᠂ ᠬᠦᠯ ᠪᠦᠮᠪᠦᠭᠡ ᠨᠠᠭᠠᠳᠬᠤ᠂ ᠲᠠᠮᠢᠷ ᠤᠨ ᠬᠦᠳᠡᠯᠭᠡᠭᠡᠨ ᠳᠤ ᠤᠷᠤᠯᠴᠠᠬᠤ ᠤᠷᠮ᠎ᠠ ᠪᠠᠬ᠎ᠠ ᠶᠢ ᠲᠠᠳᠠᠵᠤ ᠴᠢᠳᠠᠭᠰᠠᠨ ᠪᠠᠶᠢᠨ᠎ᠠ᠃
 
ᠢᠷᠡᠯᠲᠡ᠄ ᠤᠲᠤᠭ ᠬᠤᠰᠢᠭᠤᠨ ᠤ ᠰᠤᠷᠭᠠᠨ ᠬᠦᠮᠦᠵᠢᠯ ᠤᠨ ᠳᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号