ᠴᠢ ᠫᠠᠨ ᠵᠢᠩ ᠪᠠᠯᠭᠠᠰᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠤᠨ ᠰᠡᠷᠭᠡᠶᠢᠯᠡᠭᠡ ᠶᠢᠨ ᠠᠵᠢᠯ ᠢ ᠰᠠᠶᠢᠲᠤᠷ ᠬᠢᠵᠦ᠂ ᠪᠥᠬᠦ ᠪᠠᠯᠭᠠᠰᠤᠨ ᠤ ᠵᠢᠭᠦᠷᠲᠡᠨ ᠲᠡᠵᠢᠭᠡᠨ ᠦᠷᠡᠵᠢᠭᠦᠯᠬᠦ ᠠᠵᠤ ᠦᠢᠯᠡᠰ ᠤᠨ ᠡᠷᠡᠭᠦᠯ ᠬᠥᠭᠵᠢᠯᠲᠡ ᠳᠤ ᠬᠦᠴᠦ ᠨᠡᠮᠡᠷᠢᠯᠡᠵᠡᠢ
ᠨᠡᠶᠢᠲᠡᠯᠡᠭᠰᠡᠨ ᠴᠠᠭ᠄
2021/4/26
     ᠬᠠᠪᠤᠷ ᠤᠨ ᠤᠯᠠᠷᠢᠯ ᠪᠤᠯ ᠠᠮᠢᠲᠠᠨ ᠤ ᠬᠢᠵᠢᠭ ᠠᠮᠠᠷᠬᠠᠨ ᠳᠡᠯᠭᠡᠷᠡᠬᠦ ᠴᠠᠭ ᠪᠤᠯᠬᠤᠷ ᠬᠠᠪᠤᠷ ᠤᠨ ᠤᠯᠠᠷᠢᠯ ᠳᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠨᠢ ᠮᠠᠰᠢ ᠴᠢᠬᠤᠯᠠ ᠪᠠᠶᠢᠳᠠᠭ᠃ ᠠᠮᠢᠲᠠᠨ ᠤ ᠬᠦᠨᠳᠦ ᠨᠤᠴᠢᠲᠠᠢ ᠬᠢᠵᠢᠭ ᠡᠭᠦᠰᠬᠦ ᠠᠴᠠ ᠰᠡᠷᠭᠡᠶᠢᠯᠡᠬᠦ ᠶᠢᠨ ᠳᠤᠰᠠᠳᠠ᠂ ᠴᠢ ᠫᠠᠨ ᠵᠢᠩ ᠪᠠᠯᠭᠠᠰᠤᠨ ᠤ ᠬᠢᠨ ᠬᠢᠵᠢᠭ ᠢ ᠰᠡᠷᠭᠡᠶᠢᠯᠡᠬᠦ ᠠᠵᠢᠯ ᠢ ᠢᠳᠡᠪᠬᠢᠲᠡᠢ ᠦᠷᠨᠢᠭᠦᠯᠵᠦ᠂ ᠬᠢᠵᠢᠭ ᠢ ᠰᠡᠷᠭᠡᠶᠢᠯᠡᠬᠦ ᠠᠮᠤᠷ ᠳᠥᠪᠰᠢᠨ ᠤ ᠬᠠᠯᠬᠠᠪᠴᠢ ᠶᠢ ᠪᠠᠬᠢᠵᠢᠭᠦᠯᠵᠡᠢ᠃      ᠤᠶᠢᠷ᠎ᠠ ᠳᠤ᠂ ᠴᠢ ᠫᠠᠨ ᠵᠢᠩ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠤᠯᠤᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠤᠨ 4 ᠠᠵᠢᠯᠲᠠᠨ ᠲᠤᠬᠠᠢ ᠶᠢᠨ ᠭᠠᠵᠠᠷ ᠤᠨ 26 ᠬᠢᠵᠢᠭ ᠢ ᠰᠡᠷᠭᠡᠶᠢᠯᠡᠬᠦ ᠠᠵᠢᠯᠲᠠᠨ  ᠲᠠᠢ ᠬᠠᠮᠲᠤ ᠰᠡᠷᠭᠡᠶᠢᠯᠡᠭᠡ ᠲᠠᠷᠢᠬᠤ ᠠᠵᠢᠯ ᠦᠷᠨᠢᠭᠦᠯᠵᠦ᠂ ᠭᠠᠴᠠᠭ᠎ᠠ ᠳᠤᠰᠬᠤᠨ ᠤ ᠮᠠᠯᠴᠢᠨ ᠲᠠᠷᠢᠶᠠᠴᠢᠨ ᠡᠷᠦᠬᠡ  ᠳᠤ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠳᠥᠷᠢᠮ ᠪᠤᠯᠤᠨ ᠬᠢᠵᠢᠭ ᠢ ᠰᠡᠷᠭᠡᠶᠢᠯᠡᠬᠦ ᠮᠡᠳᠡᠯᠭᠡ ᠮᠡᠷᠭᠡᠵᠢᠯ ᠢ ᠤᠬᠠᠭᠤᠯᠵᠠᠢ᠃      ᠲᠡᠵᠢᠭᠡᠨ ᠦᠷᠡᠵᠢᠭᠦᠯᠬᠦ ᠡᠷᠦᠬᠡ ᠶᠢᠨ ᠤᠶᠤᠨᠪᠤᠯᠤᠳ᠄ ︽ᠵᠠᠰᠠᠭ ᠤᠨ ᠤᠷᠳᠤᠨ ᠤ ᠠᠵᠢᠯᠲᠠᠳ ᠦᠷᠭᠦᠯᠵᠢ ᠮᠠᠨ ᠤ ᠭᠡᠷ ᠲᠤ ᠢᠷᠡᠵᠦ ᠠᠮᠢᠲᠠᠨ ᠤ ᠬᠢᠵᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠤᠬᠠᠭᠤᠯᠤᠨ᠂ ᠰᠡᠷᠭᠡᠶᠢᠯᠡᠭᠡ  ᠶᠢᠨ ᠡᠮ ᠲᠠᠷᠬᠠᠭᠠᠵᠤ᠂ ᠪᠢ ᠴᠦ ᠲᠡᠳᠡᠨ ᠲᠠᠢ ᠬᠠᠮᠲᠤ ᠪᠠᠷ ᠦᠬᠡᠷ ᠮᠠᠯ ᠳᠤ ᠪᠠᠨ ᠰᠡᠷᠭᠡᠶᠢᠯᠡᠭᠡ ᠲᠠᠷᠢᠭᠰᠠᠨ᠃ ᠰᠡᠷᠭᠡᠶᠢᠯᠡᠭᠡ ᠶᠢᠨ ᠵᠡᠭᠦᠦ ᠲᠠᠷᠢᠭᠠᠳ ᠮᠠᠨ ᠤ ᠦᠬᠡᠷ ᠮᠠᠯ ᠳᠤ ᠶᠡᠷᠦ ᠠᠴᠠ ᠬᠢᠵᠢᠭ ᠡᠪᠡᠳᠴᠢᠨ ᠤᠷᠤᠵᠤ ᠥᠩᠭᠡᠷᠡᠭᠰᠡᠨ ᠦᠭᠡᠢ᠂ ᠮᠢᠬᠠᠯᠠᠬᠤ ᠨᠢ ᠴᠦ ᠰᠠᠶᠢᠵᠢᠷᠠᠵᠤ᠂ ᠦᠨᠳᠦᠷ ᠦᠨ᠎ᠡ ᠪᠠᠷ ᠬᠤᠳᠠᠯᠳᠤᠴᠢᠬᠠᠳᠠᠭ᠃ ᠲᠠᠨᠠᠷ  ᠤᠨ ᠬᠠᠯᠠᠮᠵᠢᠯᠠᠨ ᠬᠠᠪᠰᠤᠷᠤᠭᠰᠠᠨ ᠳᠤ ᠲᠠᠯᠠᠷᠬᠠᠵᠤ ᠪᠠᠶᠢᠨ᠎ᠠ᠂ ᠨᠠᠮ ᠵᠠᠰᠠᠭ ᠤᠨ ᠰᠠᠶᠢᠬᠠᠨ ᠲᠦᠷᠦ ᠶᠢᠨ ᠪᠤᠳᠤᠯᠭ᠎ᠠ  ᠳᠤ ᠲᠠᠯᠠᠷᠬᠠᠵᠤ ᠪᠠᠶᠢᠨ᠎ᠠ᠂ ᠮᠠᠯᠴᠢᠨ ᠪᠢᠳᠠᠨ ᠤ ᠠᠮᠢᠳᠤᠷᠠᠯ ᠴᠦ ᠤᠯᠠᠮ ᠠᠴᠠ ᠤᠯᠠᠮ ᠰᠠᠶᠢᠵᠢᠷᠠᠯ᠎ᠠ︾ ᠭᠡᠵᠦ ᠪᠠᠶᠢᠯ᠎ᠠ      ᠡᠨᠡ ᠤᠳᠠᠭᠠᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢᠶᠠᠷ ᠨᠡᠶᠢᠲᠡ 1421 ᠡᠷᠦᠬᠡ ᠳᠤ ᠬᠦᠷᠴᠦ᠂ 6 ᠲᠥᠮᠡ ᠭᠠᠷᠤᠢ ᠮᠠᠯ ᠳᠤ ᠰᠡᠷᠭᠡᠶᠢᠯᠡᠭᠡ ᠲᠠᠷᠢᠨ᠂ ᠠᠮᠢᠲᠠᠨ ᠤ ᠬᠢᠵᠢᠭ ᠳᠡᠯᠭᠡᠷᠡᠬᠦ  ᠶᠢ ᠪᠥᠲᠥᠮᠵᠢᠲᠡᠢ ᠰᠡᠷᠭᠡᠶᠢᠯᠡᠵᠦ᠂ ᠪᠥᠬᠦ ᠪᠠᠯᠭᠠᠰᠤᠨ ᠤ ᠮᠠᠯᠵᠢᠯ ᠤᠨ ᠦᠢᠯᠡᠰ ᠤᠨ ᠡᠷᠡᠭᠦᠯ ᠬᠥᠭᠵᠢᠯᠲᠡ ᠶᠢ ᠶᠡᠬᠡᠬᠡᠨ ᠠᠬᠢᠭᠤᠯᠵᠠᠢ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ