ᠴᠢ ᠫᠠᠨ ᠵᠢᠩ ᠪᠠᠯᠭᠠᠰᠤ ᠲᠥᠷᠪᠡᠲᠤᠭᠡᠷ ᠤᠲᠠᠭᠠᠨ ᠤ ᠠᠶᠤᠯᠬᠦᠢ ᠥᠢᠯᠡᠳᠪᠤᠷᠢᠯᠡᠯ ᠤᠨ ᠵᠤᠷᠰᠢᠭᠰᠠᠨ ᠬᠤᠷᠠᠯ ᠵᠢᠴᠢ ︽5.1︾ ᠤ ᠬᠤᠭᠤᠴᠠᠭᠠᠨ ᠤ ᠠᠮᠤᠷ ᠲᠥᠪᠰᠢᠨ ᠤ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠲᠤᠭᠤᠯᠪᠠ
ᠨᠡᠶᠢᠲᠡᠯᠡᠭᠰᠡᠨ ᠴᠠᠭ᠄
2021/4/27
     2021 ᠤᠨ ᠤ 4 ᠳ᠋ᠤᠭᠡᠷ ᠰᠠᠷ᠎ᠠ ᠶᠢᠨ 26 ᠤ ᠡᠲᠤᠷ ᠤᠨ ᠥᠲᠡ ᠶᠢᠨ ᠬᠤᠶᠢᠨ᠎ᠠ᠂ ᠴᠢ ᠫᠠᠨ ᠵᠢᠩ ᠪᠠᠯᠭᠠᠰᠤ 2021 ᠤᠨ ᠤ ᠲᠥᠷᠪᠡᠲᠤᠭᠡᠷ ᠤᠲᠠᠭᠠᠨ ᠤ ᠠᠶᠤᠯᠬᠦᠢ ᠥᠢᠯᠡᠳᠪᠤᠷᠢᠯᠡᠯ ᠤᠨ ᠵᠤᠷᠰᠢᠭᠰᠠᠨ ᠬᠤᠷᠠᠯ ᠵᠢᠴᠢ ︽5.1︾ ᠤ ᠬᠤᠭᠤᠴᠠᠭᠠᠨ ᠤ ᠠᠮᠤᠷ ᠲᠥᠪᠰᠢᠨ ᠤ ᠰᠠᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ  ᠶᠢᠨ ᠬᠤᠷᠠᠯ ᠬᠤᠷᠠᠯᠲᠤᠭᠤᠯᠪᠠ᠃ ᠪᠠᠯᠭᠠᠰᠤᠨ ᠤ ᠨᠠᠮ ᠵᠠᠰᠠᠭ ᠤᠨ ᠤᠲᠤᠷᠢᠳᠬᠤ ᠪᠠᠭ ᠤᠨ ᠨᠢᠭᠡ ᠪᠥᠯᠤᠭ᠌ ᠪᠥᠷᠢᠯᠲᠤᠬᠦᠨ᠂ ᠬᠤᠶᠠᠲᠤᠭᠠᠷ ᠲᠡᠰ ᠤᠨ ᠠᠵᠢᠯ ᠥᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠠᠮᠤᠷ ᠲᠥᠪᠰᠢᠨ  ᠤ ᠪᠠᠶᠢᠭᠤᠯᠤᠯᠲᠠ ᠶᠢᠨ ᠠᠯᠪᠠᠨ ᠭᠡᠷ ᠤᠨ ᠪᠥᠬᠦ ᠪᠥᠷᠢᠯᠲᠤᠬᠦᠨ᠂ ᠡᠯ᠎ᠡ ᠨᠡᠶᠢᠭᠡᠮ ᠲᠤᠭᠤᠷᠢᠭ ᠤᠨ ᠨᠠᠮ ᠤᠨ ᠡᠬᠦᠷ  ᠤᠨ ᠱᠥᠵᠢ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠡᠯ᠎ᠡ ᠨᠡᠶᠢᠭᠡᠮ ᠲᠤᠭᠤᠷᠢᠭ ᠤᠨ ᠬᠢᠨ ᠬᠠᠷᠢᠶ᠎ᠠ ᠤᠷᠤᠨ ᠤ ᠪᠠᠨ ᠠᠰᠠᠷ ᠲᠡᠭᠡᠷ᠎ᠡ ᠠᠴᠠ ᠶᠠᠭᠤᠮ᠎ᠠ ᠬᠠᠶᠠᠬᠤ᠂ ᠲᠤᠷ᠎ᠠ ᠪᠠᠷ ᠢᠶᠠᠨ ᠪᠠᠷᠢᠯᠭ᠎ᠠ ᠪᠠᠷᠢᠬᠤ᠂ ᠨᠡᠬᠦᠷᠡᠰᠤᠨ ᠤ ᠮᠠᠰᠢᠨ ᠢ  ᠲᠤᠷ᠎ᠠ ᠪᠠᠷ ᠢᠶᠠᠨ ᠵᠤᠭᠰᠤᠭᠠᠬᠤ᠂ ᠤᠲᠠᠰᠤ ᠱᠤᠭᠤᠮ ᠬᠠᠭᠤᠴᠢᠷᠠᠬᠤ ᠵᠡᠷᠭᠡ ᠠᠮᠤᠷ ᠲᠥᠪᠰᠢᠨ ᠤ ᠲᠠᠯᠲᠠ ᠭᠡᠮ ᠤᠨ ᠲᠤᠬᠠᠢ ᠬᠠᠷᠢᠭᠤ ᠮᠡᠲᠡᠬᠦᠯᠪᠠ᠃      ᠡᠯ᠎ᠡ ᠬᠤᠶᠠᠲᠤᠭᠠᠷ ᠲᠡᠰ ᠤᠨ ᠠᠵᠢᠯ ᠥᠢᠯᠡᠰ ᠤᠨ ᠨᠢᠭᠡᠴᠢ ᠭᠤᠷᠪᠠᠲᠤᠭᠠᠷ ᠤᠲᠠᠭᠠᠨ ᠤ ᠠᠮᠤᠷ ᠲᠥᠪᠰᠢᠨ  ᠤ ᠵᠤᠷᠰᠢᠭᠰᠠᠨ ᠬᠤᠷᠠᠯ ᠳᠤ ᠲᠤᠰᠬᠠᠭᠰᠠᠨ ᠠᠮᠤᠷ ᠲᠥᠪᠰᠢᠨ ᠤ ᠲᠠᠯᠲᠠ ᠭᠡᠮ ᠤᠨ ᠠᠰᠠᠭᠤᠲᠠᠯ ᠢ ᠴᠡᠭᠴᠡᠯᠡᠨ ᠵᠠᠰᠠᠭᠰᠠᠨ ᠪᠠᠶᠢᠲᠠᠯ᠂ ᠲᠤᠰ ᠰᠠᠷ᠎ᠠ ᠶᠢᠨ ᠭᠤᠤᠯᠲᠠᠯᠭ᠎ᠠ ᠲᠠᠢ ᠠᠵᠢᠯ ᠵᠢᠴᠢ ᠲᠠᠷᠠᠭᠠᠴᠢ ᠶᠢᠨ ᠠᠵᠢᠯ ᠤᠨ ᠲᠤᠬᠢᠷᠠᠭᠤᠯᠤᠯᠲᠠ ᠶᠢᠨ ᠲᠤᠬᠠᠢ ᠬᠠᠷᠢᠭᠤ ᠮᠡᠲᠡᠬᠦᠯᠤᠯᠲᠡ ᠬᠢᠵᠤ᠂ ᠪᠠᠯᠭᠠᠰᠤᠨ ᠤ ᠠᠮᠤᠷ ᠲᠥᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠬᠢᠨ ᠡᠯ᠎ᠡ ᠵᠥᠢᠯ ᠤᠨ ᠠᠰᠠᠭᠤᠲᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠠ᠃      ᠬᠤᠷᠠᠯ ᠠᠴᠠ ︽ᠤᠲᠤᠭ ᠬᠤᠰᠢᠭᠤᠨ ᠤ ᠠᠶᠤᠯᠬᠦᠢ ᠥᠢᠯᠡᠳᠪᠤᠷᠢᠯᠡᠯ ᠤᠨ ᠲᠤᠯᠤᠲᠤᠭᠠᠷ ᠤᠲᠠᠭᠠᠨ ᠤ ᠰᠠᠨᠠᠭᠤᠯᠤᠮᠵᠢ ᠶᠢᠨ ᠬᠤᠷᠠᠯ ᠵᠢᠴᠢ ᠲᠠᠪᠤᠨ ᠰᠠᠷ᠎ᠠ ᠶᠢᠨ ᠨᠢᠭᠡᠨ ᠤ ᠠᠮᠤᠷ ᠲᠥᠪᠰᠢᠨ ᠤ ᠰᠠᠷᠭᠡᠶᠢᠯᠡᠯᠲᠡ ᠶᠢᠨ ᠠᠵᠢᠯ  ᠤᠨ ᠪᠠᠶᠢᠷᠢᠯᠠᠭᠤᠯᠤᠯᠲᠠ ᠶᠢᠨ ᠬᠤᠷᠠᠯ︾ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠥᠬᠦ ᠪᠠᠯᠭᠠᠰᠤᠨ ᠤ ᠠᠶᠤᠯᠬᠦᠢ ᠥᠢᠯᠡᠳᠪᠤᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠪᠠ᠃      ᠬᠤᠷᠠᠯ ᠲᠡᠭᠡᠷ᠎ᠡ᠂ ᠨᠢᠭᠡ ᠳᠤ ᠤᠲᠤᠬᠠᠨ ᠤ ᠠᠶᠤᠯᠬᠦᠢ ᠥᠢᠯᠡᠳᠪᠤᠷᠢᠯᠡᠯ ᠤᠨ ᠠᠵᠢᠯ ᠤᠨ ᠠᠶᠤᠯ ᠲᠥᠭᠰᠢᠬᠦᠷᠢ ᠶᠢᠨ ᠠᠰᠠᠭᠤᠲᠠᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠬᠤ ᠭᠡᠷᠡᠭᠲᠠᠢ᠃ ᠤᠲᠤᠬᠠᠨ ᠳᠤ ᠶᠠᠭ ᠲᠥᠷᠥᠯ ᠵᠥᠢᠯ ᠤᠨ ᠪᠠᠶᠢᠭᠤᠯᠤᠯᠲᠠ ᠶᠢᠨ ᠲᠥᠪᠯᠡᠷᠡᠩᠬᠦᠢ ᠬᠤᠭᠤᠴᠠᠭ᠎ᠠ᠂ ᠰᠢᠵᠢᠷ ᠠᠯᠲᠠᠨ ᠬᠤᠭᠤᠴᠠᠭ᠎ᠠ ᠪᠠᠶᠢᠵᠤ᠂ ᠠᠵᠤ ᠠᠬᠤᠶᠢᠯᠠᠯ ᠴᠤ ᠲᠥᠷᠥᠯ ᠵᠥᠢᠯ ᠤᠨ ᠪᠠᠶᠢᠭᠤᠯᠤᠯᠲᠠ ᠶᠢᠨ ᠠᠵᠢᠯ ᠢ ᠪᠠᠴᠢᠮ ᠶᠠᠭᠠᠷᠠᠯᠲᠠᠢ ᠥᠷᠨᠢᠬᠦᠯᠵᠤ᠂ ᠠᠮᠤᠷ ᠲᠥᠪᠰᠢᠨ ᠤ ᠠᠶᠤᠯ ᠲᠥᠭᠰᠢᠬᠦᠷᠢ ᠶᠢ ᠤᠮᠲᠤᠭᠠᠶᠢᠯᠠᠵᠤ ᠪᠤᠯᠬᠤ ᠥᠭᠡᠢ ᠭᠡᠵᠠᠢ᠃ ᠬᠤᠶᠠᠷ ᠲᠤ᠂ ᠭᠤᠤᠯᠲᠠᠯᠭ᠎ᠠ ᠲᠠᠢ ᠤᠷᠤᠨ ᠪᠥᠰᠠ ᠶᠢᠨ ᠲᠠᠯᠲᠠ ᠭᠡᠮ ᠢ ᠵᠠᠰᠠᠬᠤ ᠶᠠᠪᠤᠲᠠᠯ ᠢ ᠲᠤᠪᠤᠶᠢᠮ᠎ᠠ ᠠᠳᠬᠤᠬᠤ ᠭᠡᠷᠡᠭᠲᠠᠢ᠃ ᠠᠮᠤᠷ ᠲᠥᠪᠰᠢᠨ ᠤ ᠲᠠᠯᠲᠠ ᠭᠡᠮ ᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠠᠤᠯᠢ ᠭᠡᠷᠡᠭᠵᠢᠬᠦᠯᠤᠯᠲᠡ ᠶᠢᠨ ᠲᠤᠰᠬᠠᠢ ᠪᠠᠶᠢᠴᠠᠭᠠᠯᠲᠠ ᠶᠢ ᠬᠥᠨᠵᠡᠭᠡᠶᠢᠷᠡᠬᠦᠯᠵᠤ᠂ ᠡᠯ᠎ᠡ ᠵᠥᠢᠯ ᠤᠨ ᠥᠢᠯᠡᠳᠪᠤᠷᠢᠯᠡᠯ ᠤᠨ ᠠᠲᠡᠯ ᠭᠠᠷᠬᠤ ᠶᠢ ᠴᠢᠩᠭ᠎ᠠ ᠰᠡᠷᠭᠡᠶᠢᠯᠡᠬᠦ ᠭᠡᠷᠡᠭᠲᠠᠢ ᠭᠡᠵᠤ ᠱᠠᠭᠠᠷᠲᠠᠪᠠ᠃ ᠭᠤᠷᠪᠠ ᠳᠤ᠂ ᠡᠯ᠎ᠡ ᠵᠥᠢᠯ ᠤᠨ ᠠᠮᠤᠷ ᠲᠥᠪᠰᠢᠨ ᠤ ᠲᠥᠷᠢᠮ ᠢ ᠥᠨᠡᠨᠬᠦ ᠪᠤᠲᠠᠲᠠᠢ ᠨᠡᠶᠢᠲᠡᠪᠤᠷᠢᠵᠢᠭᠤᠯᠬᠤ ᠭᠡᠷᠡᠭᠲᠠᠢ᠃ ᠠᠶᠤᠯᠬᠦᠢ ᠥᠢᠯᠡᠳᠪᠤᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠥᠢᠴᠡᠳᠭᠡᠵᠤ᠂ ᠠᠷᠠᠳ ᠲᠥᠮᠡᠨ ᠤ ᠠᠮᠢ ᠨᠠᠰᠤᠨ ᠤ ᠠᠮᠤᠷ ᠲᠥᠪᠰᠢᠨ ᠢ ᠬᠠᠮᠠᠭᠠᠯᠠᠬᠤ ᠶᠢ ᠬᠠᠮᠤᠭ ᠤᠨ ᠴᠢᠬᠤᠯᠠ ᠡᠬᠦᠷᠭᠡ ᠬᠠᠷᠢᠭᠤᠴᠠᠯᠭ᠎ᠠ ᠪᠤᠯᠭᠠᠨ᠂ ᠠᠶᠤᠯᠬᠦᠢ ᠥᠢᠯᠡᠳᠪᠤᠷᠢᠯᠡᠯ ᠤᠨ ︽ᠭᠤᠷᠪᠠ ᠶᠢ ᠵᠡᠷᠭᠡᠪᠡᠷ ᠠᠳᠬᠤᠬᠤ︾ ᠲᠥᠷᠢᠮ ᠢ ᠴᠢᠩᠭ᠎ᠠ ᠬᠡᠷᠡᠭᠵᠢᠬᠦᠯᠵᠤ᠂ ᠪᠥᠬᠦ ᠲᠠᠯ᠎ᠠ ᠶᠢᠨ᠂ ᠪᠥᠬᠦ ᠶᠠᠪᠤᠴᠠ ᠶᠢ ᠬᠠᠮᠤᠷᠤᠭᠰᠠᠨ ᠠᠶᠤᠯᠬᠦᠢ ᠥᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠬᠦᠯᠲᠡᠷᠵᠢᠬᠦᠯᠬᠦ ᠭᠡᠷᠡᠭᠲᠠᠢ ᠭᠡᠵᠤ ᠴᠢᠬᠤᠯᠠᠴᠢᠯᠠᠪᠠ᠃ ᠲᠥᠷᠪᠡ ᠳᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠬᠢᠵᠢᠭ  ᠤᠨ ᠪᠠᠶᠢᠲᠠᠯ ᠢ ᠰᠡᠷᠭᠡᠶᠢᠯᠡᠨ ᠡᠵᠡᠮᠲᠡᠬᠦ ᠠᠵᠢᠯ ᠢ ᠰᠠᠶᠢᠲᠤᠷ ᠬᠢᠬᠦ ᠭᠡᠷᠡᠭᠲᠠᠢ᠃ ᠡᠯ᠎ᠡ ᠪᠠᠶᠢᠭᠤᠯᠭ᠎ᠠ᠂ ᠨᠡᠶᠢᠭᠡᠮ ᠲᠤᠭᠤᠷᠢᠭ ᠤᠨ ᠬᠢᠨ ᠴᠠᠭ ᠢᠮᠠᠭᠲᠠ ᠰᠡᠷᠭᠡᠶᠢᠯᠡᠨ ᠡᠵᠡᠮᠲᠡᠬᠦ ᠤᠬᠠᠮᠰᠠᠷ ᠢᠶᠠᠨ ᠪᠠᠷᠢᠮᠲᠠᠯᠠᠵᠤ᠂ ᠥᠵᠡᠯ ᠰᠠᠨᠠᠭᠠᠨ ᠤ ᠲᠠᠯ᠎ᠠ ᠪᠠᠷ ᠮᠢᠨᠴᠤᠬᠦᠷᠡᠬᠦ ᠥᠭᠡᠢ᠂ ᠬᠢᠵᠢᠭ ᠢ ᠰᠡᠷᠭᠡᠶᠢᠯᠡᠬᠦ ᠳᠤ ᠬᠤᠶᠢᠷᠭᠤᠰᠢᠬᠤ ᠥᠭᠡᠢ᠂ ᠠᠷᠭ᠎ᠠ ᠬᠡᠮᠵᠢᠶ᠎ᠡ ᠪᠠᠨ ᠰᠤᠯᠠᠷᠠᠭᠤᠯᠬᠤ ᠥᠭᠡᠢ ᠪᠠᠶᠢᠬᠤ ᠶᠢ ᠥᠨᠡᠨᠬᠦ ᠪᠠᠶᠠᠯᠡᠬᠦᠯᠤᠨ᠂ ᠴᠢ ᠫᠠᠨ ᠵᠢᠩ ᠶᠢᠨ ᠬᠢᠵᠢᠭ ᠢ ᠡᠰᠡᠷᠬᠦᠴᠡᠬᠦ ᠴᠢᠲᠠᠪᠤᠷᠢ  ᠶᠢᠨ ᠬᠠᠯᠬᠠᠪᠴᠢ ᠶᠢ ᠪᠠᠬᠢᠵᠢᠬᠦᠯᠬᠦ ᠭᠡᠷᠡᠭᠲᠠᠢ ᠭᠡᠵᠤ ᠴᠢᠬᠤᠯᠠᠴᠢᠯᠠᠪᠠ᠃      ᠬᠤᠷᠠᠯ ᠲᠡᠭᠡᠷ᠎ᠡ᠂ ᠠᠶᠤᠯᠬᠦᠢ ᠥᠢᠯᠡᠳᠪᠤᠷᠢᠯᠡᠯ ᠤᠨ ᠡᠬᠦᠷᠭᠡ ᠬᠠᠷᠢᠭᠤᠴᠠᠯᠭ᠎ᠠ ᠬᠥᠨᠲᠤ ᠪᠤᠯᠬᠤᠷ ᠡᠷᠭᠡᠪᠰᠢ ᠴᠠᠭ ᠢᠮᠠᠭᠲᠠ ᠰᠡᠷᠡᠮᠵᠢ ᠲᠠᠢ ᠪᠠᠶᠢᠵᠤ᠂ ᠴᠥᠬᠦᠷᠡᠯᠲᠡ ᠥᠭᠡᠢ ᠪᠠᠷᠢᠮᠲᠠᠯᠠᠬᠤ ᠭᠡᠷᠡᠭᠲᠠᠢ᠃ ᠡᠯ᠎ᠡ ᠬᠤᠶᠠᠲᠤᠭᠠᠷ ᠲᠡᠰ  ᠤᠨ ᠠᠵᠢᠯ ᠥᠢᠯᠡᠰ ᠤᠨ  ᠨᠢᠭᠡᠴᠢ᠂ ᠡᠯ᠎ᠡ ᠨᠡᠶᠢᠭᠡᠮ ᠲᠤᠭᠤᠷᠢᠭ ᠤᠨ ᠬᠢᠨ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠵᠡᠯ ᠰᠠᠨᠠᠭ᠎ᠠ ᠪᠠ ᠥᠢᠯᠡ ᠠᠵᠢᠯᠯᠠᠭ᠎ᠠ ᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠲᠤᠬᠢᠷᠠᠭᠤᠯᠤᠯᠲᠠ ᠲᠠᠢ ᠥᠨᠡᠨᠬᠦ ᠨᠢᠬᠡᠳᠬᠡᠨ᠂ ᠠᠶᠤᠯᠬᠦᠢ ᠥᠢᠯᠡᠳᠪᠤᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠬᠦᠢ ᠥᠢᠯᠡᠳᠪᠤᠷᠢᠯᠡᠯ ᠤᠨ ᠤᠯᠠᠭᠠᠨ ᠱᠤᠭᠤᠮ ᠢ ᠡᠪᠲᠡᠬᠦ ᠥᠭᠡᠢ ᠥᠭᠡᠢ᠂ ᠪᠠᠯᠭᠠᠰᠤᠨ ᠤ ᠠᠶᠤᠯᠬᠦᠢ ᠥᠢᠯᠡᠳᠪᠤᠷᠢᠯᠡᠯ ᠤᠨ ᠪᠠᠶᠢᠲᠠᠯ ᠤᠨ ᠥᠷᠬᠦᠯᠵᠢᠯᠡᠨ ᠲᠤᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠭᠡᠷᠡᠭᠲᠠᠢ ᠭᠡᠵᠤ ᠱᠠᠭᠠᠷᠲᠠᠪᠠ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠤᠷᠲᠤᠨ