ᠥᠨᠥ ᠵᠢᠯ ᠪᠤᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠤᠯᠤᠨ᠎ᠠ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠠ ᠡᠯ᠎ᠡ | ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠬᠠᠢ | ᠰᠢᠢᠳᠪᠦᠷᠢ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠬᠤ ᠶᠢᠨ ᠳᠤᠰᠠᠳᠠ ᠤᠯᠠᠭᠠᠨᠪᠠᠯᠭᠠᠰᠤᠨ ᠤ ᠨᠠᠮ ᠤᠨ ᠬᠤᠷᠢᠶ᠎ᠠ | ᠶᠢᠨ ᠬᠢᠨ ︽ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠦᠨ᠂ ᠪᠤᠳᠠᠲᠤ ᠠᠵᠢᠯ ᠬᠢᠵᠦ᠂ | ᠰᠢᠨ᠎ᠡ ᠪᠠᠶᠢᠳᠠᠯ ᠢ ᠪᠥᠷᠢᠯᠳᠦᠭᠦᠯᠬᠦ︾ ᠱᠠᠭᠠᠷᠳᠠᠯᠭ᠎ᠠ ᠪᠠᠷ ︽ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠪᠠᠲᠤᠳᠬᠠᠵᠤ᠂ ᠰᠤᠷᠤᠯᠴᠠᠬᠤ ᠠᠷᠭ᠎ᠠ ᠪᠠᠷᠢᠯ ᠢ ᠨᠠᠷᠢᠯᠢᠭᠵᠢᠭᠤᠯᠤᠨ᠂ ᠰᠤᠷᠤᠯᠴᠠᠬᠤ ᠪᠠ ᠬᠡᠷᠡᠭᠯᠡᠬᠦ ᠶᠢ ᠰᠠᠶᠢᠲᠤᠷ | ᠤᠶᠠᠯᠳᠤᠭᠤᠯᠬᠤ︾ ᠭᠤᠷᠪᠠᠨ ᠠᠷᠭ᠎ᠠ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ | ᠡᠬᠢᠯᠡᠭᠦᠯᠵᠡᠢ᠃ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠡᠦᠬᠡ ᠶᠢ ᠰᠤᠷᠤᠯᠴᠠᠵᠤ ᠶᠤᠰᠤ | ᠤᠴᠢᠷ ᠢ ᠣᠶᠢᠯᠠᠭᠠᠬᠤ ᠬᠠᠮᠲᠤ ᠶᠢᠨ ᠰᠡᠳᠬᠢᠬᠦᠢ ᠶᠢ ᠪᠥᠷᠢᠯᠳᠦᠭᠦᠯᠵᠡᠢ | ᠤᠯᠠᠭᠠᠨᠪᠠᠯᠭᠠᠰᠤᠨ ᠤ ᠨᠠᠮ ᠤᠨ ᠬᠤᠷᠢᠶ᠎ᠠ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ | ᠠᠵᠢᠯ ᠢ ᠤᠳᠤᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠭᠤᠤᠯᠳᠠᠯᠭ᠎ᠠ ᠶᠢ ᠳᠤᠪᠤᠶᠢᠯᠭᠠᠨ᠂ | ᠨᠢᠭᠡᠳᠦᠯᠲᠡᠢ ᠲᠥᠯᠥᠪᠵᠢᠭᠦᠯᠵᠦ᠂ ᠨᠠᠷᠢᠯᠢᠭ ᠵᠤᠬᠢᠶᠠᠨ ᠪᠠᠶᠢᠭᠤᠯᠤᠨ᠂ ᠪᠥᠬᠦ ᠪᠠᠯᠭᠠᠰᠤᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠦᠮᠦᠵᠢᠯ ᠤᠨ ᠳᠠᠶᠢᠴᠢᠯᠠᠯᠲᠠ ᠶᠢᠨ ᠬᠤᠷᠠᠯ ᠪᠠ ᠤᠳᠤᠷᠢᠳᠤᠬᠤ ᠳᠤᠭᠤᠶᠢᠯᠠᠩ ᠤᠨ ᠬᠤᠷᠠᠯ ᠢ 4 | ᠤᠳᠠᠭ᠎ᠠ ᠬᠤᠷᠠᠯᠳᠤᠭᠤᠯᠵᠤ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯ ᠢ ᠦᠷᠨᠢᠭᠦᠯᠬᠦ | ᠲᠤᠬᠠᠢ ᠤᠯᠠᠭᠠᠨᠪᠠᠯᠭᠠᠰᠤᠨ ᠤ ᠬᠡᠷᠡᠭᠵᠢᠭᠦᠯᠬᠦ ᠳᠥᠰᠥᠯ︾ ᠢ ᠰᠢᠨᠵᠢᠯᠡᠬᠦ ᠤᠬᠠᠭᠠᠨᠴᠢ ᠪᠠᠷ ᠳᠤᠭᠲᠠᠭᠠᠨ᠂ ᠪᠤᠳᠠᠲᠠᠢ | ᠪᠠᠷ 38 ᠵᠤᠷᠪᠤᠰ ᠵᠢᠭᠰᠠᠭᠠᠵᠤ᠂ ᠬᠠᠷᠠᠭᠠᠯᠵᠠᠭᠰᠠᠨ ᠤᠳᠤᠷᠢᠳᠬᠤ ᠳᠤᠭᠤᠶᠢᠯᠠᠩ ᠪᠤᠯᠤᠨ ᠠᠯᠪᠠᠨ ᠭᠡᠷ | ᠳᠤᠬᠢᠷᠠᠭᠤᠯᠤᠨ᠂ ᠠᠵᠢᠯ ᠤᠨ ᠳᠥᠷᠢᠮ ᠪᠠ ᠬᠡᠷᠡᠭᠵᠢᠭᠦᠯᠬᠦ ᠳᠤᠭᠲᠠᠭᠠᠯ ᠢ ᠲᠡᠭᠦᠯᠳᠡᠷᠵᠢᠭᠦᠯᠵᠦ᠂ 20 ᠠᠵᠢᠯᠲᠠᠨ | ᠳᠤᠬᠢᠷᠠᠭᠤᠯᠤᠨ ᠬᠠᠮᠢᠶ᠎ᠠ ᠪᠦᠬᠦᠢ ᠠᠵᠢᠯ ᠢ ᠪᠥᠬᠦ ᠲᠠᠯ᠎ᠠ ᠪᠠᠷ ᠬᠠᠷᠢᠭᠤᠴᠠᠭᠤᠯᠤᠨ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠦᠮᠦᠵᠢᠯ ᠤᠨ ᠠᠵᠢᠯᠯᠠᠭᠠᠨ ᠤ ᠦᠨᠳᠦᠷ ᠪᠠᠷᠢᠮᠵᠢᠶ᠎ᠠ ᠪᠠᠷ ᠶᠠᠪᠤᠭᠳᠠᠬᠤ ᠶᠢ ᠪᠠᠲᠤᠯᠠᠵᠠᠢ᠃ | ᠰᠤᠷᠤᠯᠴᠠᠬᠤ ᠠᠷᠭ᠎ᠠ ᠪᠠᠷᠢᠯ ᠢ ᠨᠠᠷᠢᠯᠢᠭᠵᠢᠭᠤᠯᠵᠤ᠂ ᠨᠠᠮ ᠤᠨ ᠲᠡᠦᠬᠡ ᠶᠢ ᠰᠤᠷᠤᠯᠴᠠᠬᠤ ᠢᠲᠡᠭᠡᠯ ᠵᠤᠷᠢᠭ ᠢ | ᠨᠡᠮᠡᠭᠳᠡᠭᠦᠯᠵᠡᠢ | ᠤᠯᠠᠭᠠᠨᠪᠠᠯᠭᠠᠰᠤᠨ ᠤ ᠨᠠᠮ ᠤᠨ ᠬᠤᠷᠢᠶ᠎ᠠ ᠶᠢᠨ ᠬᠢᠨ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ | ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠲᠤᠬᠠᠢ ᠪᠠᠶᠢᠷᠢᠯᠠᠭᠤᠯᠤᠯᠲᠠ ᠶᠤᠰᠤᠭᠠᠷ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠡᠦᠬᠡ ᠶᠢ ᠦᠭᠦᠯᠡᠬᠦ ᠨᠢ︾ ᠵᠡᠷᠭᠡ 8 ᠢᠵᠢ ᠰᠤᠷᠤᠯᠴᠠᠬᠤ ᠮᠠᠲ᠋ᠧᠷᠢᠶᠠᠯ ᠢ ᠵᠠᠬᠢᠶᠠᠯᠠᠨ᠂ ᠭᠠᠷᠠᠭ | ᠪᠤᠯᠭᠠᠨ ᠤ ᠰᠤᠷᠤᠯᠴᠠᠬᠤ ᠲᠥᠯᠥᠪᠯᠡᠭᠡ ᠳᠤᠭᠲᠠᠭᠠᠵᠤ᠂ ᠡᠳᠦᠷ ᠪᠤᠯᠭᠠᠨ ᠤᠩᠰᠢᠬᠤ᠂ ᠡᠳᠦᠷ ᠪᠤᠯᠭᠠᠨ ᠶᠠᠷᠢᠬᠤ᠂ | ᠦᠳᠡᠰᠢ ᠪᠤᠯᠭᠠᠨ ᠰᠤᠷᠤᠯᠴᠠᠬᠤ ᠳᠠᠪᠴᠠᠩ ᠭᠠᠷᠭᠠᠵᠤ᠂ ︽5 + 5︾ ᠰᠤᠷᠤᠯᠴᠠᠬᠤ ᠵᠠᠭᠪᠤᠷ ᠢᠶᠠᠷ ᠰᠦᠯᠵᠢᠶᠡᠨ | ᠳᠡᠭᠡᠷ᠎ᠡ ᠪᠠ ᠪᠤᠳᠠᠲᠠᠢ ᠳᠡᠭᠡᠷ᠎ᠡ ᠰᠤᠷᠤᠯᠴᠠᠬᠤ ᠶᠢ ᠤᠶᠠᠯᠳᠤᠭᠤᠯᠤᠨ᠂ ᠬᠤᠤᠰ ᠭᠠᠷᠠᠭ ᠤᠨ ᠬᠢᠴᠢᠶᠡᠯ ᠢ ᠲᠢᠩᠬᠢᠮ᠂ | ᠠᠬᠠᠮᠠᠳ ᠨᠠᠮ ᠤᠨ ᠭᠡᠰᠢᠭᠦᠨ ᠨᠠᠮ ᠤᠨ ᠲᠡᠦᠬᠡ ᠶᠢ ᠶᠠᠷᠢᠬᠤ᠂ ᠲᠠᠷᠢᠶᠠᠨ ᠭᠠᠵᠠᠷ ᠲᠤ ᠬᠢᠴᠢᠶᠡᠯ ᠤᠷᠤᠬᠤ᠂ ᠬᠥᠳᠡᠭᠡ | ᠶᠢᠨ ᠦᠳᠡᠰᠢ ᠶᠢᠨ ᠰᠤᠷᠭᠠᠭᠤᠯᠢ᠂ ᠳᠤᠰᠬᠤᠨ ᠤ ᠬᠢᠴᠢᠶᠡᠯ ᠤᠨ ᠭᠡᠷ ᠵᠡᠷᠭᠡ ᠲᠠᠪᠤᠨ ᠵᠦᠢᠯ ᠤᠨ ᠬᠡᠯᠪᠡᠷᠢ ᠶᠢ | ᠤᠷᠭᠠᠨᠢᠭ ᠤᠶᠠᠯᠳᠤᠭᠤᠯᠵᠤ᠂ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠦᠷᠨᠢᠭᠦᠯᠵᠡᠢ᠃ ᠡᠨᠡᠬᠦ ᠰᠠᠭᠤᠷᠢᠨ | ᠳᠡᠭᠡᠷ᠎ᠡ᠂ ᠤᠯᠠᠭᠠᠨᠪᠠᠯᠭᠠᠰᠤ ᠰᠤᠨᠢᠨ ᠮᠡᠳᠡᠭᠡ ᠵᠠᠭᠤᠴᠢᠯᠠᠭᠤᠷ᠂ ᠶᠠᠷᠢᠶ᠎ᠠ ᠬᠡᠯᠡᠯᠴᠡᠭᠡ᠂ ᠨᠡᠶᠢᠲᠡᠯᠢᠭ ᠤᠬᠠᠭᠤᠯᠭ᠎ᠠ ᠵᠡᠷᠭᠡ | ᠠᠷᠭ᠎ᠠ ᠪᠠᠷ 110 ᠺᠠᠳ᠋ᠷ ᠠᠵᠢᠯᠲᠠᠨ ᠢ ᠲᠥᠪᠯᠡᠷᠡᠭᠦᠯᠦᠨ ᠶᠠᠷᠢᠬᠤ᠂ ᠡᠷᠦᠬᠡ ᠪᠠᠷ ᠲᠤᠭᠤᠷᠢᠵᠤ ᠤᠬᠠᠭᠤᠯᠬᠤ᠂ | ᠬᠠᠷᠢᠯᠴᠠᠨ ᠶᠠᠷᠢᠯᠴᠠᠬᠤ᠂ ᠭᠠᠴᠠᠭ᠎ᠠ ᠳᠤᠰᠬᠤᠨ ᠤ ᠶᠠᠷᠢᠭᠤᠷ ᠢᠶᠠᠷ ᠶᠠᠷᠢᠬᠤ ᠵᠡᠷᠭᠡ ᠬᠡᠯᠪᠡᠷᠢ ᠪᠠᠷ ᠬᠦᠮᠦᠨ ᠪᠥᠬᠦᠨ ᠳᠤ | ᠨᠠᠮ ᠤᠨ ᠲᠡᠦᠬᠡ ᠶᠢ ᠰᠤᠷᠤᠯᠴᠠᠭᠤᠯᠤᠨ᠂ ᠬᠦᠮᠦᠨ ᠪᠥᠬᠦᠨ ᠳᠤ ᠨᠠᠮ ᠤᠨ ᠲᠡᠦᠬᠡ ᠶᠢ ᠶᠠᠷᠢᠭᠰᠠᠨ ᠰᠠᠶᠢᠨ ᠰᠠᠶᠢᠬᠠᠨ | ᠰᠤᠷᠤᠯᠴᠠᠬᠤ ᠠᠭᠤᠷ ᠠᠮᠢᠰᠬᠤᠯ ᠢ ᠪᠥᠷᠢᠯᠳᠦᠭᠦᠯᠵᠡᠢ᠃ | ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠪᠠᠨ ᠴᠢᠩᠭᠠᠳᠬᠠᠵᠤ᠂ ᠨᠠᠮ ᠤᠨ ᠲᠡᠦᠬᠡ ᠶᠢ ᠰᠤᠷᠤᠯᠴᠠᠬᠤ | ᠬᠠᠮ ᠬᠦᠴᠦᠨ ᠢ ᠪᠥᠷᠢᠯᠳᠦᠭᠦᠯᠵᠡᠢ | ᠤᠯᠠᠭᠠᠨᠪᠠᠯᠭᠠᠰᠤᠨ ᠤ ᠬᠢᠨ ᠪᠤᠯᠪᠠᠰᠤᠨ ᠬᠤᠲᠠ ᠶᠢ ᠪᠠᠶᠢᠭᠤᠯᠬᠤ᠂ ᠰᠠᠭᠤᠷᠢᠰᠢᠯ ᠤᠨ ᠤᠷᠴᠢᠨ ᠢ | ᠰᠠᠶᠢᠵᠢᠷᠠᠭᠤᠯᠬᠤ ᠵᠡᠷᠭᠡ ᠠᠵᠢᠯ ᠤᠨ ᠲᠤᠭᠤᠷᠢᠨ ᠳᠤ ︽ᠵᠢᠵᠢᠭ ᠪᠠᠯᠭᠠᠰᠤᠨ ᠤ ᠲᠤᠮᠤ ᠨᠡᠶᠢᠬᠡᠮ ᠲᠤᠭᠤᠷᠢᠭ︾᠂ ︽ | ᠦᠨᠳᠦᠰᠦᠨ ᠱᠠᠲᠤᠨ ᠤ ᠠᠷᠠᠳᠴᠢᠯᠠᠭᠰᠠᠨ ᠵᠥᠪᠳᠡᠯᠴᠡᠭᠡ︾ ᠪᠤᠯᠤᠨ ᠰᠢᠨ᠎ᠡ ᠴᠠᠭ ᠦᠶ᠎ᠡ ᠶᠢᠨ ᠪᠤᠯᠪᠠᠰᠤᠨ ᠢ | ᠦᠢᠯᠡᠳᠦᠯᠭᠡᠵᠢᠭᠦᠯᠬᠦ ᠠᠵᠢᠯ ᠲᠠᠢ ᠤᠶᠠᠯᠳᠤᠭᠤᠯᠤᠨ᠂ ︽ᠪᠢ ᠤᠯᠠᠨ ᠲᠥᠮᠡᠨ ᠳᠤ ᠪᠤᠳᠠᠲᠠᠢ ᠠᠵᠢᠯ ᠬᠢᠵᠦ ᠥᠭᠭᠦᠶ᠎ᠡ | ︾ ᠬᠡᠮᠡᠬᠦ ᠰᠢᠷᠢᠰ ᠠᠵᠢᠯᠯᠠᠭ᠎ᠠ ᠦᠷᠨᠢᠭᠦᠯᠵᠡᠢ᠃ ᠤᠳᠤᠬᠠᠨ ᠪᠤᠯᠲᠠᠯ᠎ᠠ᠂ ᠤᠯᠠᠨ ᠲᠥᠮᠡᠨ ᠠᠴᠠ 21 ᠰᠠᠨᠠᠯ | ᠬᠤᠷᠢᠶᠠᠵᠤ᠂ ︽ᠤᠷᠴᠢᠨ ᠲᠤᠭᠤᠷᠢᠨ ᠢ ᠴᠡᠭᠴᠡᠯᠡᠬᠦ ᠳᠤ ᠪᠢ ᠤᠷᠤᠯᠴᠠᠵᠤ᠂ ᠰᠠᠶᠢᠨ ᠰᠠᠶᠢᠬᠠᠨ ᠤᠷᠴᠢᠨ ᠢ ᠪᠢᠳᠠ | ᠬᠠᠮᠲᠤᠪᠡᠷ ᠡᠳ᠋ᠯᠡᠶ᠎ᠡ︾᠂ ︽ᠪᠢ ᠤᠯᠠᠭᠠᠨᠪᠠᠯᠭᠠᠰᠤᠨ ᠳᠤ ᠪᠠᠨ ᠮᠤᠳᠤ ᠲᠠᠷᠢᠶ᠎ᠠ︾ ᠵᠡᠷᠭᠡ ︽ᠪᠢ ᠴᠢᠮᠠᠢᠢ | ᠬᠠᠪᠰᠤᠷᠤᠶ᠎ᠠ︾ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ 50 ᠭᠠᠷᠤᠢ ᠤᠳᠠᠭ᠎ᠠ | ᠦᠷᠨᠢᠭᠦᠯᠵᠡᠢ᠃ ᠤᠳᠤᠬᠠᠨ ᠪᠤᠯᠲᠠᠯ᠎ᠠ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠤᠨ ᠬᠢᠨ ᠤᠯᠠᠨ ᠲᠥᠮᠡᠨ | ᠳᠤ 70 ᠪᠤᠲᠠᠲᠤ ᠠᠵᠢᠯ ᠬᠢᠵᠦ᠂ ᠨᠠᠮ ᠤᠨ ᠭᠡᠰᠢᠭᠦᠳ ᠤᠯᠠᠨ ᠲᠥᠮᠡᠨ ᠳᠤ 200 ᠭᠠᠷᠤᠢ ᠪᠤᠳᠠᠲᠠᠢ | ᠬᠠᠪᠰᠤᠷᠤᠯᠭ᠎ᠠ ᠦᠵᠡᠭᠦᠯᠦᠨ᠂ 38 ᠠᠵᠢᠯ ᠢ ᠨᠢ ᠪᠡᠶᠡᠯᠡᠭᠦᠯᠵᠦ ᠥᠭᠴᠡᠢ᠃ | ᠳᠠᠷᠠᠭ᠎ᠠ ᠠᠯᠬᠤᠮ ᠳᠤ᠂ ᠤᠯᠠᠭᠠᠨᠪᠠᠯᠭᠠᠰᠤᠨ ᠤ ᠨᠠᠮ ᠤᠨ ᠬᠤᠷᠢᠶᠠᠨ ᠤ ᠬᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠦᠮᠦᠵᠢᠯ ᠢᠶᠠᠷ ᠰᠢᠨ᠎ᠡ ᠡᠬᠢᠯᠡᠯᠲᠡ ᠶᠢᠨ ᠴᠡᠭ ᠪᠤᠯᠭᠠᠵᠤ᠂ ᠰᠤᠷᠤᠯᠴᠠᠬᠤ ᠦᠷ᠎ᠡ ᠪᠥᠲᠥᠮᠵᠢ ᠶᠢ | ᠴᠢᠬᠤᠯᠠᠴᠢᠯᠠᠨ᠂ ᠤᠬᠠᠮᠰᠠᠷ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠵᠤᠷᠢᠭᠲᠠᠢ ᠡᠭᠦᠷᠭᠡᠯᠡᠬᠦ ᠪᠠᠷ ᠵᠤᠷᠢᠯᠲᠠ | ᠪᠤᠯᠭᠠᠨ᠂ ᠦᠷᠭᠦᠯᠵᠢᠯᠡᠨ ᠨᠢᠭᠡᠳᠦᠯᠲᠡᠢ ᠳᠤᠬᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠦᠮᠦᠵᠢᠯ ᠤᠨ ᠡᠯ᠎ᠡ ᠲᠥᠷᠥᠯ ᠤᠨ ᠪᠠᠶᠢᠷᠢᠯᠠᠭᠤᠯᠤᠯᠲᠠ ᠶᠢ ᠴᠢᠩᠭ᠎ᠠ ᠨᠢᠮᠪᠠᠢ ᠨᠠᠷᠢᠯᠢᠭᠵᠢᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠬᠤ ᠪᠠᠷ ᠪᠤᠢ᠃ |