4 ᠰᠠᠷ᠎ᠠ ᠶᠢᠨ 29 ᠤ ᠡᠳᠦᠷ᠂ ᠴᠢ ᠫᠠᠨ ᠵᠢᠩ ᠪᠠᠯᠭᠠᠰᠤ ᠬᠤᠳᠠᠯᠳᠤᠭ᠎ᠠ ᠡᠷᠬᠢᠯᠡᠬᠦ ᠤᠷᠴᠢᠨ ᠢ | ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠹᠧᠨ ᠯᠢᠨ | ᠬᠤᠷᠠᠯ ᠳᠤ ᠤᠷᠤᠯᠴᠠᠵᠤ ᠶᠠᠷᠢᠶ᠎ᠠ ᠲᠠᠯᠪᠢᠨ᠂ ᠪᠠᠯᠭᠠᠰᠤᠨ ᠤ ᠨᠠᠮ ᠤᠨ ᠡᠭᠦᠷ ᠤᠨ ᠳᠡᠳ᠋ ᠱᠦᠵᠢ᠂ ᠵᠠᠰᠠᠭ ᠤᠨ | ᠤᠷᠳᠤᠨ ᠤ ᠪᠠᠯᠭᠠᠰᠤᠨ ᠳᠠᠷᠤᠭ᠎ᠠ ᠱᠠᠨ ᠤᠯᠠᠭᠠᠨᠴᠡᠴᠡᠭ ᠬᠤᠷᠠᠯ ᠢ ᠡᠷᠬᠢᠯᠡᠪᠡ᠃ ᠪᠠᠯᠭᠠᠰᠤᠨ ᠤ ᠤᠳᠤᠷᠢᠳᠬᠤ ᠪᠠᠭ᠂ | ᠬᠤᠶᠠᠳᠤᠭᠠᠷ ᠲᠡᠰ ᠤᠨ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠨᠠᠮ ᠵᠠᠰᠠᠭ ᠤᠨ ᠶᠡᠷᠦᠩᠬᠡᠶᠢᠯᠡᠭᠰᠡᠨ | ᠠᠯᠪᠠᠨ ᠭᠡᠷ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠮᠤᠷ ᠠᠮᠤᠭᠤᠯᠠᠩ ᠤᠨ | ᠪᠠᠶᠢᠭᠤᠯᠤᠯᠲᠠ ᠶᠢᠨ ᠠᠯᠪᠠᠨ ᠭᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠤᠨ ᠴᠤᠩᠬᠤᠪᠴᠢ ᠶᠢᠨ | ᠠᠵᠢᠯᠲᠠᠨ᠂ ᠨᠢᠭᠡ ᠪᠦᠯᠦᠭ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠱᠦᠵᠢ ᠨᠠᠷ ᠬᠤᠷᠠᠯ ᠳᠤ ᠤᠷᠤᠯᠴᠠᠪᠠ᠃ | ᠸᠠᠩ ᠹᠧᠨ ᠯᠢᠨ ᠵᠢᠭᠠᠵᠤ ᠭᠠᠷᠭᠠᠭᠰᠠᠨ ᠨᠢ : ᠬᠤᠳᠠᠯᠳᠤᠭ᠎ᠠ ᠡᠷᠬᠢᠯᠡᠬᠦ ᠤᠷᠴᠢᠨ ᠤ ᠤᠳᠤᠬᠢ ᠪᠠᠶᠢᠳᠠᠯ ᠳᠤ | ᠵᠦᠪ ᠢᠶᠠᠷ ᠬᠠᠨᠳᠤᠵᠤ᠂ ᠬᠦᠭᠵᠢᠯᠲᠡ ᠶᠢ ᠠᠬᠢᠭᠤᠯᠬᠤ ᠢᠳᠡᠭᠡᠯ ᠵᠤᠷᠢᠭ ᠢᠶᠠᠨ ᠪᠠᠳᠤᠳᠬᠠᠬᠤ ᠬᠡᠷᠡᠭᠲᠡᠢ᠃ ᠤᠷᠤᠰᠢᠵᠤ | ᠪᠠᠶᠢᠬᠤ ᠠᠰᠠᠭᠤᠳᠠᠯ ᠠᠴᠠ ᠭᠠᠷᠳᠠᠵᠤ᠂ ᠶᠠᠮᠠᠷ ᠠᠰᠠᠭᠤᠳᠠᠯ ᠪᠠᠶᠢᠪᠠᠯ ᠶᠠᠮᠠᠷ ᠠᠰᠠᠭᠤᠳᠠᠯ ᠢ ᠰᠢᠢᠳᠪᠦᠷᠢᠯᠡᠨ᠂ ᠶᠠᠮᠠᠷ | ᠠᠰᠠᠭᠤᠳᠠᠯ ᠳᠤᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃ ᠳᠦᠷᠢᠮ | ᠲᠤᠭᠳᠠᠭᠠᠯ ᠲᠤᠭᠲᠠᠭᠠᠵᠤ ᠪᠠᠷᠢᠨ ᠬᠡᠷᠡᠭᠵᠢᠭᠦᠯᠵᠦ ᠪᠠᠷᠢᠨ ᠦᠭᠡᠷᠡᠴᠢᠯᠡᠨ᠂ ᠬᠦᠭᠵᠢᠯᠲᠡ ᠶᠢ ᠬᠢᠵᠠᠭᠠᠷᠯᠠᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠨ᠎ᠡ᠃ ᠪᠠᠯᠭᠠᠰᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠶᠢᠭᠤᠯᠤᠮᠵᠢ ᠶᠢ | ᠪᠠᠶᠢᠭᠤᠯᠵᠤ᠂ ᠲᠤᠰᠬᠠᠢ ᠲᠦᠷᠦᠯ ᠤᠨ ᠠᠵᠢᠯ ᠤᠨ ᠲᠦᠰᠦᠯ ᠲᠤᠭᠳᠠᠭᠠᠨ᠂ ᠬᠤᠳᠠᠯᠳᠤᠭ᠎ᠠ ᠡᠷᠬᠢᠯᠡᠬᠦ ᠤᠷᠴᠢᠨ ᠤ | ᠳᠤᠬᠠᠢ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠦᠷᠢᠮ᠂ ᠤᠳᠤᠷᠢᠳᠬᠤ ᠪᠠᠭ ᠤᠨ ᠪᠦᠷᠢᠯᠳᠦᠭᠦᠨ ᠤ | ᠬᠤᠯᠪᠤᠭᠠᠯᠠᠨ ᠳᠠᠭᠠᠭᠠᠴᠢᠯᠠᠬᠤ ᠠᠵᠢᠯ ᠤᠨ ᠳᠤᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠪᠠᠶᠢᠭᠤᠯᠭ᠎ᠠ᠂ ᠡᠯ᠎ᠡ | ᠭᠠᠴᠠᠭ᠎ᠠ ᠲᠤᠰᠬᠤᠨ ᠨᠡᠶᠢᠬᠡᠮ ᠲᠤᠭᠤᠷᠢᠭ ︽ᠪᠢ ᠤᠯᠠᠨ ᠲᠦᠮᠡᠨ ᠳᠤ ᠪᠤᠳᠠᠲᠤ ᠠᠵᠢᠯ ᠬᠢᠬᠦ ᠠᠵᠢᠯᠯᠠᠭ᠎ᠠ︾ ᠲᠠᠢ | ᠤᠶᠠᠯᠳᠤᠭᠤᠯᠵᠤ᠂ ᠠᠵᠤ ᠠᠬᠤᠶᠢᠯᠠᠯ ᠳᠤ ᠪᠤᠲᠠᠳᠤ ᠠᠵᠢᠯ ᠬᠢᠵᠦ ᠦᠭᠬᠦ ᠱᠠᠭᠠᠷᠳᠠᠯᠭ᠎ᠠ ᠶᠢ ᠵᠤᠷᠰᠢᠯ ᠪᠤᠯᠭᠠᠬᠤ ᠶᠢ | ᠠᠬᠢᠭᠤᠯᠤᠨ᠎ᠠ᠃ ᠴᠤᠩᠬᠤᠪᠴᠢ ᠶᠢᠨ ᠠᠵᠢᠯᠲᠠᠨ ᠲᠦᠷᠦ ᠶᠢᠨ ᠪᠤᠳᠤᠯᠭ᠎ᠠ ᠶᠢ ᠰᠠᠶᠢᠲᠤᠷ ᠰᠤᠷᠤᠯᠴᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ ᠤ ᠨᠠᠮ ᠤᠨ ᠡᠭᠦᠷ ᠪᠠ | ᠨᠠᠮ ᠤᠨ ᠭᠡᠰᠢᠭᠦᠨ ᠨᠠᠷ ᠪᠦᠯᠬᠦᠮᠳᠡᠵᠦ ᠦᠷᠭᠡᠨ ᠤᠯᠠᠨ ᠠᠷᠠᠳ ᠲᠦᠮᠡᠨ ᠢ ᠳᠠᠶᠢᠴᠢᠯᠠᠨ᠂ ᠬᠦᠮᠦᠨ ᠨᠡᠶᠢᠬᠡᠮ ᠤᠨ | ᠤᠷᠴᠢᠨ ᠢ ᠬᠠᠮᠲᠤ ᠪᠠᠷ ᠴᠤᠭᠴᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ | ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠦᠪ ᠴᠢᠩᠭ᠎ᠠ | ᠤᠪᠤᠷ᠂ ᠲᠦᠪ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠠᠪᠴᠤ ᠬᠤᠳᠠᠯᠳᠤᠭ᠎ᠠ ᠡᠷᠬᠢᠯᠡᠬᠦ ᠤᠷᠴᠢᠨ ᠤ | ᠰᠠᠮᠠᠭᠤᠨ ᠦᠵᠡᠭᠳᠡᠯ᠂ ᠰᠤᠷᠲᠠᠯ ᠤᠨ ᠠᠷᠬᠠᠭ ᠭᠡᠮ ᠢ ᠠᠷᠢᠯᠭᠠᠨ᠂ ᠠᠵᠤ ᠠᠬᠤᠢ ᠨᠡᠶᠢᠬᠡᠮ ᠤᠨ ᠦᠷᠭᠦᠯᠵᠢᠯᠡᠨ | ᠡᠷᠡᠭᠦᠯ ᠢᠶᠠᠷ ᠬᠦᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠡᠭᠦᠷ ᠤᠨ ᠱᠦᠵᠢ ᠯᠢᠦ ᠪᠦᠸᠧ ᠪᠦᠬᠦ ᠪᠠᠯᠭᠠᠰᠤᠨ ᠤ | ᠬᠤᠳᠠᠯᠳᠤᠭ᠎ᠠ ᠡᠷᠬᠢᠯᠡᠬᠦ ᠤᠷᠴᠢᠨ ᠢ ᠰᠢᠯᠢᠳᠡᠭᠵᠢᠭᠦᠯᠬᠦ ᠳᠤ ᠤᠷᠤᠰᠢᠵᠤ ᠪᠠᠶᠢᠬᠤ ᠠᠰᠠᠭᠤᠳᠠᠯ ᠢ ᠨᠡᠶᠢᠲᠡᠯᠡᠵᠦ | ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠪᠠᠨ ᠳᠤᠷᠠᠳᠪᠠ᠃ ᠪᠠᠯᠭᠠᠰᠤᠨ ᠤ ᠨᠠᠮ ᠬᠤᠷᠢᠶᠠᠨ ᠤ | ᠭᠡᠰᠢᠭᠦᠨ᠂ ᠵᠠᠰᠠᠭ ᠤᠨ ᠤᠷᠳᠤᠨ ᠤ ᠳᠡᠳ᠋ ᠪᠠᠯᠭᠠᠰᠤᠨ ᠳᠠᠷᠤᠭ᠎ᠠ᠂ ᠠᠷᠠᠳ ᠤᠨ ᠵᠡᠪᠰᠡᠭᠲᠦ ᠭᠦᠴᠦᠨ ᠤ ᠬᠡᠯᠲᠡᠰ ᠤᠨ | ᠳᠠᠷᠤᠭ᠎ᠠ ᠶᠠᠩ ᠬᠠᠢ ᠴᠢᠶᠠᠩ᠂ ᠪᠠᠯᠭᠠᠰᠤᠨ ᠤ ᠳᠡᠳ᠋ ᠳᠠᠷᠤᠭ᠎ᠠ ᠲᠦᠪᠰᠢᠨ᠂ ᠡᠷᠬᠡᠲᠦ ᠭᠠᠴᠠᠭᠠᠨ ᠤ ᠨᠠᠮ ᠤᠨ | ᠡᠭᠦᠷ ᠤᠨ ᠱᠦᠵᠢ ᠶᠠᠩ ᠪᠠᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠵᠢᠯᠲᠠᠨ ᠤ | ᠲᠦᠯᠦᠭᠡᠯᠡᠭᠴᠢ ᠡᠤ ᠬᠤᠢ ᠲᠤᠰ ᠪᠦᠷᠢ ᠤᠪᠤᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | | |