ᠤᠯᠠᠭᠠᠨ ᠰᠢᠨ᠎ᠡ ᠳᠤᠰᠬᠤᠨ ᠤ ᠬᠢᠨ ᠣᠯᠠᠨ ᠲᠥᠮᠡᠨ ᠳᠤ ᠪᠡᠶ᠎ᠡ ᠶᠢᠨ ᠪᠠᠶᠢᠴᠠᠭᠠᠯᠲᠠ ᠬᠢᠵᠦ᠂ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠠᠢ
ᠨᠡᠶᠢᠲᠡᠯᠡᠭᠰᠡᠨ ᠴᠠᠭ᠄
2021/5/11
     ᠦᠨᠳᠦᠰᠦᠨ ᠱᠠᠲᠤᠨ ᠤ ᠤᠯᠠᠨ ᠲᠥᠮᠡᠨ ᠢ ᠨᠡᠩ ᠰᠠᠶᠢᠨ ᠬᠠᠯᠠᠮᠵᠢᠯᠠᠵᠤ᠂ ᠠᠷᠠᠳ ᠲᠥᠮᠡᠨ ᠳᠤ ᠪᠠᠨ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠨ᠂ ︽ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠦᠨ᠂ ᠪᠤᠳᠠᠲᠠᠢ ᠠᠵᠢᠯ ᠬᠢᠵᠦ᠂ ᠰᠢᠨ᠎ᠡ ᠪᠠᠶᠢᠳᠠᠯ ᠢ ᠪᠥᠷᠢᠯᠳᠦᠭᠦᠯᠬᠦ︾ ᠶᠢᠨ ᠳᠤᠰᠠᠳᠠ 5 ᠳ᠋ᠤᠭᠠᠷ ᠰᠠᠷ᠎ᠠ  ᠶᠢᠨ 8 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠪᠠᠯᠭᠠᠰᠤᠨ ᠤ ᠤᠯᠠᠭᠠᠨ ᠰᠢᠨ᠎ᠡ ᠳᠤᠰᠬᠤᠨ ᠤ ᠬᠢᠨ ᠤᠲᠤᠭ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠢᠨ ᠲᠠᠢ ᠬᠠᠮᠲᠤᠷᠠᠵᠤ ᠂ ᠤᠯᠠᠭᠠᠨ ᠰᠢᠨ᠎ᠡ ᠳᠤᠰᠬᠤᠨ ᠤ ᠪᠠᠶᠢᠭ᠎ᠠ ᠭᠠᠵᠠᠷ ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠶᠠᠪᠤᠭᠳᠠᠭᠰᠠᠨ 102 ᠵᠢᠯ ᠤᠨ ᠤᠢ ᠶᠢ ᠳᠤᠷᠠᠰᠬᠠᠬᠤ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠭᠦᠯᠬᠦ ᠳᠠᠰᠢᠷᠠᠮ ᠢᠶᠠᠷ ᠤᠯᠠᠨ ᠲᠥᠮᠡᠨ ᠳᠤ ᠪᠡᠶ᠎ᠡ ᠶᠢᠨ ᠪᠠᠶᠢᠴᠠᠭᠠᠯᠲᠠ ᠬᠢᠵᠦ᠂ ᠤᠯᠠᠭᠠᠨ ᠰᠢᠨ᠎ᠡ ᠳᠤᠰᠬᠤᠨ ᠤ 80 ᠨᠠᠰᠤᠲᠠᠶᠢᠴᠤᠳ ᠲᠤ ᠵᠠᠷᠤᠳᠠᠯ ᠦᠭᠡᠢ ᠪᠠᠷ ᠦᠢᠯᠡᠴᠢᠯᠡᠵᠡᠢ᠃      ᠲᠤᠰ ᠤᠳᠠᠭᠠᠨ ᠤ ᠬᠥᠳᠡᠯᠭᠡᠭᠡᠨ ᠳᠤ ᠤᠯᠠᠭᠠᠨ ᠰᠢᠨ᠎ᠡ ᠳᠤᠰᠬᠤᠨ ᠤ 65 ᠨᠠᠰᠤᠨ ᠠᠴᠠ ᠳᠡᠭᠡᠭᠰᠢᠬᠢ ᠴᠢᠰᠤᠨ ᠳᠠᠷᠤᠯᠲᠠ ᠦᠨᠳᠦᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠨᠠᠰᠤᠲᠠᠶᠢᠴᠤᠳ ᠲᠤ ᠵᠠᠷᠤᠳᠠᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠡᠢ᠃ ᠲᠤᠬᠠᠢ  ᠶᠢᠨ ᠲᠠᠯᠠᠪᠠᠢ ᠳᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠬᠦᠯᠢᠴᠡᠩᠭᠦᠢ ᠲᠠᠶᠢᠯᠪᠤᠷᠢᠯᠠᠵᠤ ᠨᠠᠷᠢᠯᠢᠭ ᠦᠢᠯᠡᠴᠢᠯᠡᠨ᠂ ᠨᠠᠰᠤᠲᠠᠶᠢᠴᠤᠳ ᠲᠤ ᠡᠷᠡᠭᠦᠯ ᠡᠩᠬᠡ ᠶᠢᠨ ᠮᠡᠳᠡᠯᠭᠡ ᠲᠥᠭᠡᠮᠡᠯᠵᠢᠭᠦᠯᠵᠦ᠂ ᠡᠮ ᠤᠤᠭᠤᠬᠤ᠂ ᠢᠳᠡᠵᠦ ᠤᠤᠭᠤᠬᠤ ᠡᠯ᠎ᠡ ᠲᠠᠯ᠎ᠠ ᠪᠠᠷ ᠬᠠᠨᠳᠤᠯᠭᠠᠲᠤ ᠴᠢᠨᠠᠷᠲᠠᠢ ᠵᠢᠯᠤᠭᠤᠳᠤᠮᠵᠢ ᠬᠢᠵᠦ᠂ ᠨᠠᠰᠤᠲᠠᠶᠢᠴᠤᠳ ᠢ ᠢᠯᠡᠭᠦᠬᠡᠨ ᠬᠥᠳᠡᠯᠭᠡᠭᠡᠨ ᠬᠢᠵᠦ᠂ ᠴᠠᠭ ᠢᠮᠠᠭᠲᠠ ᠴᠢᠰᠤᠨ ᠤ ᠳᠠᠷᠤᠯᠲᠠ ᠪᠠ ᠴᠢᠰᠤᠨ ᠤ ᠰᠢᠬᠢᠷ  ᠤᠨ ᠬᠡᠮᠵᠢᠶ᠎ᠡ ᠪᠠᠨ ᠪᠠᠶᠢᠴᠠᠭᠠᠬᠤ ᠶᠢ ᠰᠠᠨᠠᠭᠤᠯᠤᠨ᠂ ᠲᠡᠳᠡᠨ ᠢ ᠵᠢᠯᠤᠭᠤᠳᠴᠤ ᠰᠠᠶᠢᠨ ᠰᠠᠶᠢᠬᠠᠨ ᠡᠷᠡᠭᠦᠯ ᠮᠡᠨᠳᠦ ᠠᠮᠢᠳᠤᠷᠠᠯ ᠤᠨ ᠳᠠᠳᠬᠠᠯ ᠢ ᠪᠥᠷᠢᠯᠳᠦᠭᠦᠯᠬᠦ ᠶᠢ ᠤᠬᠠᠭᠤᠯᠤᠨ ᠰᠤᠷᠲᠠᠯᠴᠢᠯᠠᠵᠠᠢ᠃      ᠳᠤᠰᠬᠤᠨ ᠤ ᠠᠷᠠᠳ ᠵᠤᠤ ᠤᠪᠤᠭᠲᠤ᠄ ︽ᠤᠤᠯ ᠳᠤ ᠪᠠᠨ ᠪᠡᠶ᠎ᠡ ᠪᠠᠨ ᠪᠠᠶᠢᠴᠠᠭᠠᠯᠭᠠᠬᠤ ᠳᠤ ᠡᠮᠨᠡᠯᠭᠡ ᠳᠤ ᠤᠴᠢᠬᠤ ᠴᠢᠬᠤᠯᠠᠲᠠᠢ ᠮᠥᠷᠲᠡᠭᠡᠨ ᠵᠤᠭᠤᠰ ᠢᠶᠠᠨ ᠳᠤᠰᠢᠶᠠᠵᠤ ᠵᠢᠭᠰᠠᠵᠤ ᠬᠦᠯᠢᠶᠡᠳᠡᠭ ᠪᠠᠶᠢᠭᠰᠠᠨ᠂ ᠤᠳᠤ ᠬᠠᠷᠢᠨ ᠭᠡᠷ ᠤᠨ ᠢᠶᠠᠨ ᠡᠭᠦᠳᠡᠨ ᠳᠤ ᠵᠠᠷᠤᠳᠠᠯ ᠳᠤᠰᠢᠶᠠᠬᠤ ᠦᠭᠡᠢ ᠪᠠᠷ ᠪᠡᠶ᠎ᠡ ᠪᠠᠨ ᠪᠠᠶᠢᠴᠠᠭᠠᠯᠭᠠᠴᠢᠬᠠᠯ᠎ᠠ᠂ ᠶᠠᠭᠠᠬᠢᠭᠰᠠᠨ ᠳᠥᠬᠦᠮ ᠶᠤᠮ ᠪᠤᠢ᠂ ᠨᠠᠮ ᠵᠠᠰᠠᠭ ᠲᠤ ᠪᠠᠨ ᠲᠠᠯᠠᠷᠬᠠᠯ᠎ᠠ᠂ ᠡᠳᠡᠭᠡᠷ ᠡᠮᠴᠢ ᠨᠠᠷ ᠲᠠᠭᠠᠨ ᠲᠠᠯᠠᠷᠬᠠᠯ᠎ᠠ᠂ ᠳᠤᠰᠬᠠᠶᠢᠯᠠᠨ ᠮᠠᠨ ᠤ ᠳᠤᠰᠬᠤᠨ ᠳᠤ ᠬᠦᠷᠦᠯᠴᠡᠨ ᠢᠷᠡᠵᠦ ᠪᠢᠳᠠᠨ ᠳᠤ ᠪᠡᠶ᠎ᠡ ᠪᠠᠶᠢᠴᠠᠭᠠᠭᠰᠠᠨ ᠳᠤ ᠲᠠᠯᠠᠷᠬᠠᠯ᠎ᠠ᠂ ᠡᠨᠡ ᠤᠳᠠᠭᠠᠨ  ᠤ ᠠᠵᠢᠯᠯᠠᠭ᠎ᠠ ᠪᠤᠯ ᠤᠯᠠᠨ ᠲᠥᠮᠡᠨ ᠤ ᠰᠡᠳᠬᠢᠯ ᠢ ᠳᠤᠯᠠᠭᠠᠴᠠᠭᠤᠯᠤᠭᠰᠠᠨ ᠠᠵᠢᠯᠯᠠᠭ᠎ᠠ ᠰᠢᠦ︾ ᠭᠡᠵᠦ ᠪᠠᠶᠢᠯ᠎ᠠ᠃      ᠤᠯᠠᠭᠠᠨᠪᠠᠯᠭᠠᠰᠤᠨ ᠤ ᠤᠯᠠᠭᠠᠨ ᠰᠢᠨ᠎ᠡ ᠳᠤᠰᠬᠤᠨ ᠤ ᠨᠠᠮ ᠤᠨ ᠡᠭᠦᠷ ᠤᠨ ᠱᠦᠵᠢ᠂ ᠳᠤᠰᠬᠤᠨ ᠤ ᠡᠷᠬᠢᠯᠡᠭᠴᠢ ᠾᠧ ᠫᠢᠩ ᠤᠨ ᠬᠡᠯᠡᠬᠦ ᠪᠠᠷ᠄ ︽ᠪᠢᠳᠠ ᠦᠷᠭᠦᠯᠵᠢᠯᠡᠨ ᠴᠢᠷᠮᠠᠶᠢᠵᠤ᠂ ᠨᠠᠮ ᠤᠨ ᠲᠡᠦᠬᠡ ᠶᠢ ᠰᠤᠷᠤᠯᠴᠠᠬᠤ ᠪᠠᠷ ᠳᠤᠬᠢᠶᠠᠯ ᠪᠤᠯᠭᠠᠨ᠂ ᠤᠯᠠᠨ ᠲᠥᠮᠡᠨ ᠳᠤ ᠪᠤᠳᠠᠲᠠᠢ ᠠᠵᠢᠯ ᠬᠢᠬᠦ ᠠᠴᠠ ᠭᠠᠷᠳᠠᠵᠤ᠂ ᠤᠯᠠᠨ ᠲᠥᠮᠡᠨ ᠳᠤ ᠪᠠᠨ ᠬᠠᠨᠤᠮᠵᠢᠲᠠᠢ᠂ ᠦᠨᠡᠨᠬᠦ ᠪᠤᠳᠠᠲᠠᠢ ᠠᠵᠢᠯ ᠬᠢᠵᠦ᠂ ᠤᠯᠠᠨ ᠤ ᠪᠤᠳᠤᠭᠰᠠᠨ ᠢ ᠪᠤᠳᠤᠨ᠂ ᠤᠯᠠᠨ ᠤ ᠵᠤᠪᠠᠨᠢᠭᠰᠠᠨ ᠳᠤ ᠵᠤᠪᠠᠵᠤ᠂ ᠤᠯᠠᠨ ᠤ ᠭᠦᠴᠢᠷᠳᠡᠭᠰᠡᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ︾ ᠭᠡᠵᠦ ᠪᠠᠶᠢᠪᠠ᠃
ᠢᠷᠡᠯᠲᠡ᠄ ᠤᠲᠤᠭ ᠬᠤᠰᠢᠭᠤᠨ ᠤ ᠤᠯᠠᠭᠠᠨᠪᠠᠯᠭᠠᠰᠤ