ᠰᠢ ᠶᠢᠨ ᠫᠢᠩ ᠳᠡᠯᠡᠭᠡᠢ ᠶᠢᠨ ᠤᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠦᠪᠯᠡᠯ ᠤᠨ ᠲᠡᠷᠢᠭᠦᠯᠡᠭᠴᠢ ᠪᠠᡁᠧ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/5/11
     ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 7 ᠤ ᠡᠳᠦᠷ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠤᠲᠠᠰᠤ ᠪᠠᠷ ᠶᠠᠷᠢᠯᠴᠠᠪᠠ᠃ ᠰᠢ ᠶᠢᠨ ᠫᠢᠩ᠂ ᠪᠠᡁᠧ ᠶᠢᠨ ᠳᠡᠯᠡᠭᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠶᠢᠨ ᠲᠤᠰᠢᠶᠠᠯ ᠢ ᠵᠠᠯᠭᠠᠨ ᠡᠭᠦᠷᠭᠡᠯᠡᠭᠰᠡᠨ ᠳᠤ ᠪᠠᠶᠠᠷ ᠬᠦᠷᠭᠡᠵᠦ᠂ ᠪᠠᡁᠧ ᠶᠢᠨ ᠤᠳᠤᠷᠢᠳᠤᠯᠭ᠎ᠠ ᠳᠣᠣᠷ᠎ᠠ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠡᠯ᠎ᠡ ᠲᠠᠯ᠎ᠠ ᠶᠢᠨ ᠬᠦᠴᠦᠨ ᠲᠠᠢ ᠪᠦᠯᠬᠦᠮᠳᠡᠨ᠂ ᠣᠯᠢᠮᠫᠢᠺ ᠤᠨ ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ ᠠᠬᠢᠭᠤᠯᠬᠤ ᠪᠤᠯᠤᠨ᠎ᠠ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠬᠦᠰᠦᠭᠰᠡᠨ ᠠᠴᠠ ᠨᠠᠭᠠᠰᠢ᠂ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠴᠥᠭᠡᠨ ᠪᠤᠰᠤ ᠠᠵᠢᠯ ᠬᠢᠵᠦ᠂ ᠪᠦᠬᠦ ᠲᠡᠯᠡᠭᠡᠢ ᠪᠠᠷ ᠢᠶᠠᠨ ᠪᠦᠯᠬᠦᠮᠳᠡᠨ ᠬᠢᠵᠢᠭ ᠲᠠᠢ ᠲᠡᠮᠡᠴᠡᠬᠦ ᠳᠤ ᠢᠳᠡᠪᠬᠢ ᠬᠦᠴᠦᠨ ᠬᠠᠩᠭᠠᠪᠠ᠃ ᠬᠢᠵᠢᠭ ᠤᠨ ᠪᠠᠶᠢᠳᠠᠯ ᠨᠢ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠶᠡᠭᠡ ᠪᠠᠷ ᠨᠦᠯᠦᠭᠡᠯᠡᠵᠡᠢ᠃ ᠳᠤᠮᠳᠠᠳᠤ ᠤᠯᠤᠰ ᠳᠤᠷᠠᠲᠠᠶ᠎ᠠ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠲᠠᠢ ᠦᠷᠭᠦᠯᠵᠢᠯᠡᠨ ᠬᠠᠮᠵᠢᠯᠴᠠᠵᠤ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠭᠢᠯᠡᠬᠦ ᠶᠢ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠯᠦᠭᠡ ᠸᠠᠺᠼᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠲᠠᠮᠢᠷᠴᠢᠳ ᠤᠨ ᠠᠮᠤᠷ ᠲᠦᠪᠰᠢᠨ ᠢᠶᠠᠷ ᠤᠷᠤᠯᠳᠤᠭᠠᠨ ᠳᠤ ᠣᠷᠣᠯᠴᠠᠬᠤ ᠶᠢ ᠬᠠᠮᠠᠭᠠᠯᠠᠬᠤ ᠪᠦᠲᠦᠮᠵᠢᠲᠡᠢ ᠬᠠᠯᠬᠠᠪᠴᠢ ᠶᠢ ᠬᠠᠮᠲᠤ ᠪᠠᠷ ᠴᠤᠭᠴᠠᠯᠠᠨ᠎ᠠ ᠭᠡᠵᠦ ᠢᠯᠡᠳᠭᠡᠪᠡ᠃ ᠰᠢ ᠶᠢᠨ ᠫᠢᠩ᠂ ᠳᠤᠮᠳᠠᠳᠤ ᠤᠯᠤᠰ ᠲᠣᠭᠲᠠᠭᠰᠠᠨ ᠬᠤᠭᠤᠴᠠᠭᠠᠨ ᠳᠤ ᠪᠡᠭᠡᠵᠢᠩ ᠤᠨ ᠡᠪᠦᠯ ‍ᠤ᠊ᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠬᠠᠷᠠᠯᠲᠠ ᠶᠢᠨ ᠲᠣᠭᠤᠷᠢᠨ ᠳᠤ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠯᠠᠪᠳᠠᠭᠤᠨ ᠢᠶᠠᠷ ᠠᠬᠢᠭᠤᠯᠵᠤ ᠪᠠᠶᠢᠨ᠎ᠠ᠃       ᠣᠳᠣᠬᠠᠨ ᠳᠤ ᠪᠤᠢ ᠪᠦᠬᠦᠢ ᠤᠷᠤᠯᠳᠤᠭᠠᠨ ᠤ ᠲᠠᠯᠠᠪᠤᠷ ᠣᠷᠳᠣᠨ ᠢ ᠪᠦᠬᠦᠨ ᠢ ᠪᠠᠶᠢᠭᠤᠯᠵᠤ ᠳᠠᠭᠤᠰᠬᠠᠨ᠂ ᠤᠷᠤᠯᠳᠤᠭᠠᠨ ᠢ ᠵᠤᠬᠢᠶᠠᠨ ᠪᠠᠶᠢᠭᠤᠯᠬᠤ ᠪᠠ ᠲᠠᠯᠠᠪᠤᠷ ᠣᠷᠳᠣᠨ ᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠤᠷᠤᠯᠳᠤᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠲᠦᠷᠭᠡᠠ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠪᠠ ᠰᠣᠶᠣᠯ ᠤᠨ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠦ ᠪᠠᠶᠢᠨ᠎ᠠ᠃ ᠳᠤᠮᠳᠠᠳᠤ ᠤᠯᠤᠰ ᠴᠠᠰᠤᠨ ᠳᠡᠭᠡᠷᠡᠬᠢ ᠲᠥᠷᠥᠯ ᠵᠦᠢᠯ᠂ ᠮᠥᠰᠥᠨ ᠳᠡᠭᠡᠷᠡᠬᠢ ᠲᠥᠷᠥᠯ ᠵᠦᠢᠯ ᠤᠨ ᠰᠤᠷᠢᠯᠳᠠ ᠶᠢᠨ ᠠᠵᠢᠯᠯᠠᠭ᠎ᠠ ᠥᠷᠨᠢᠭᠦᠯᠵᠦ᠂ ᠤᠷᠤᠯᠳᠤᠭᠠᠨ ᠡᠷᠭᠢᠯᠡᠬᠦ ᠳᠤ ᠬᠤᠯᠪᠣᠭᠳᠠᠬᠤ ᠵᠠᠩᠭᠢᠯᠠᠭ᠎ᠠ ᠶᠢᠨ ᠬᠦᠴᠦᠨ ᠵᠦᠢᠯ ᠳᠤ ᠪᠦᠲᠦᠮᠵᠢᠲᠡᠶ ᠰᠢᠯᠭᠠᠨ ᠪᠠᠶᠢᠴᠠᠭᠠᠯᠲᠠ ᠬᠢᠪᠠ᠃ ᠳᠤᠮᠳᠠᠳᠤ ᠤᠯᠤᠰ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠲᠤᠷᠰᠢᠯᠲᠠ ᠶᠢᠨ ᠤᠷᠤᠯᠳᠤᠭᠠᠨ ᠢ ᠰᠠᠶᠢᠲᠤᠷ ᠵᠣᠬᠢᠶᠠᠨ ᠪᠠᠶᠢᠭᠤᠯᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠨᠡᠩ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠣᠯ ᠪᠦᠬᠦ ᠳᠡᠯᠡᠬᠡᠢ ᠶᠢᠨ ᠡᠯ᠎ᠡ ᠤᠯᠤᠰ ᠤᠨ ᠦᠪᠡᠳᠡᠭᠰᠢ ᠶᠡᠭᠡ ᠴᠤᠭᠯᠠᠭᠠᠨ ᠮᠥᠨ᠂ ᠪᠦᠬᠦ ᠲᠡᠯᠡᠭᠡᠢ ᠶᠢᠨ ᠲᠠᠮᠢᠷᠴᠢᠳ ᠤᠨ ᠡᠷᠬᠡ ᠲᠡᠭᠰᠢ ᠪᠠᠷ ᠦᠷᠢᠰᠦᠯᠳᠦᠬᠦ ᠲᠠᠪᠴᠠᠩ ᠮᠥᠨ᠃ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠤᠨ ᠬᠢᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠳᠤ ᠢᠳᠡᠪᠬᠢᠲᠡᠢ ᠳᠡᠮᠵᠢᠯᠭᠡ ᠪᠠ ᠵᠢᠯᠤᠭᠤᠳᠤᠯᠭ᠎ᠠ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠵᠢᠯᠲᠠ ᠲᠠᠢ ᠶᠠᠪᠤᠭᠳᠠᠭᠤᠯᠬᠤ ᠳᠤ ᠢᠲᠡᠭᠡᠯ ᠳᠦᠭᠦᠷᠡᠩ ᠪᠠᠶᠢᠨ᠎ᠠ᠂ ᠳᠤᠷᠠᠲᠠᠶ᠎ᠠ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠪᠣᠯᠤᠨ ᠳᠡᠯᠡᠬᠡᠢ ᠨᠡᠶᠢᠭᠡᠮ ᠤᠨ ᠬᠢᠨ ᠲᠠᠢ ᠬᠠᠮᠲᠤ ᠪᠠᠷ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠪᠣᠯᠭᠠᠬᠤ ᠶᠢ ᠪᠠᠲᠤᠯᠠᠨ᠎ᠠ ᠭᠡᠵᠦ ᠴᠢᠬᠤᠯᠠᠴᠢᠯᠠᠪᠠ᠃ ᠪᠠᡁᠧ᠂ ᠳᠤᠮᠳᠠᠳᠤ ᠤᠯᠤᠰ ᠤᠨ ᠡᠯ᠎ᠡ ᠬᠦᠷᠢᠶᠡᠨ ᠤ ᠬᠥᠭᠵᠢᠯᠲᠡ ᠪᠠᠭ᠋ᠠᠳᠤᠭᠤᠰᠢᠳᠠᠢ ᠠᠮᠵᠢᠯᠲᠠ ᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠢᠯᠠᠩᠭᠤᠶ᠎ᠠ ᠳᠤᠮᠳᠠᠳᠤ ᠤᠯᠤᠰ ᠡᠩ ᠲᠡᠷᠢᠭᠦᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠡᠩ ᠲᠡᠷᠢᠭᠦᠨ ᠳᠤ ᠠᠵᠤ ᠠᠬᠤᠢ ᠶᠢᠨ ᠨᠡᠮᠡᠭᠳᠡᠯ ᠢᠶᠠᠨ ᠰᠡᠷᠭᠦᠭᠡᠵᠦ᠂ ᠪᠦᠬᠦ ᠲᠡᠯᠡᠭᠡᠢ ᠶᠢᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠣᠯᠤᠨ ᠠᠵᠤ ᠠᠬᠤᠢ ᠶᠢᠨ ᠰᠡᠷᠭᠦᠯᠲᠡ ᠳᠤ ᠴᠢᠬᠤᠯᠠ ᠬᠦᠳᠦᠯᠦᠨ ᠳᠠᠭᠠᠭᠤᠯᠬᠤ ᠦᠢᠯᠡᠳᠦᠯ ᠦᠵᠡᠭᠦᠯᠵᠡᠢ᠃ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠤᠨ ᠬᠢᠨ ᠳᠤᠮᠳᠠᠳᠤ ᠤᠯᠤᠰ ᠯᠤᠭ᠎ᠠ ᠶᠢᠨ ᠰᠠᠶᠢᠨ ᠰᠠᠶᠢᠬᠠᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠸᠠᠺᠼᠢᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃      ᠣᠳᠣᠬᠠᠨ ᠳᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠴᠢᠬᠤᠯᠠ ᠱᠠᠲᠤᠨ ᠳᠤ ᠤᠷᠤᠭᠠᠳ ᠪᠠᠶᠢᠨ᠎ᠠ᠃ ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ︽ᠣᠯᠢᠮᠫᠢᠺ ᠤᠨ ᠦᠨᠳᠦᠰᠦᠨ ᠲᠦᠷᠢᠮ︾ ᠢ ᠪᠠᠲᠤ ᠰᠠᠬᠢᠨ᠂ ᠣᠯᠢᠮᠫᠢᠺ ᠤᠨ ᠬᠥᠳᠡᠯᠭᠡᠭᠡᠨ ᠢ ᠤᠯᠤᠰ ᠲᠥᠷᠥᠴᠢᠯᠡᠬᠦ ᠶᠢ ᠡᠰᠡᠷᠭᠦᠴᠡᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠦᠷᠭᠦᠯᠵᠢᠯᠡᠨ ᠨᠢᠭᠲᠠ ᠬᠠᠮᠲᠤᠷᠠᠯᠴᠠᠵᠤ᠂ ᠳᠤᠮᠳᠠᠳᠤ ᠤᠯᠤᠰ ᠤᠨ ᠲᠣᠭᠲᠠᠭᠰᠠᠨ ᠬᠤᠭᠤᠴᠠᠭᠠᠨ ᠳᠠᠭᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠶᠢ ᠪᠥᠬᠦ ᠬᠦᠴᠦᠨ ᠢᠶᠠᠷ ᠳᠡᠮᠵᠢᠨ᠎ᠡ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠨᠢ ᠳᠡᠯᠡᠬᠡᠶ ᠳ᠋ᠠᠬᠢᠨ ᠳᠤ ᠬᠢᠵᠢᠭ ᠲᠠᠢ ᠲᠡᠮᠡᠴᠡᠬᠦ ᠥᠯᠢᠭᠡᠷ ᠳᠠᠭᠤᠷᠢᠶᠠᠯ ᠤᠨ ᠬᠦᠴᠦᠨ ᠢ ᠢᠯᠡᠷᠡᠭᠦᠯᠵᠦ᠂ ᠳᠡᠯᠡᠬᠡᠶ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠭᠡᠵᠠᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号