ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2021/5/12
                 ᠣᠳᠤᠭ ᠵᠡᠰᠠᠭ ᠠᠯᠪᠡᠨ ᠲᠡᠷᠬᠠᠭᠠᠭᠰᠡᠨ ﹇2021﹈ 24 ᠳ᠋ᠦ᠋ᠭᠡᠷ ᠲᠣᠭᠠᠳᠣ            ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠪᠠᠴᠢᠮ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      4 ᠰᠠᠷ᠎ᠠ ᠶᠢᠨ 1 ᠤ ᠡᠳᠦᠷ ᠠᠴᠠ ᠡᠬᠢᠯᠡᠵᠦ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠬᠤᠰᠢᠭᠤᠨ ᠳᠤ ᠨᠢᠭᠤᠵᠤ ᠪᠡᠯᠴᠢᠭᠡᠷᠯᠡᠭᠦᠯᠬᠦ᠂ ᠰᠥᠨᠢ ᠪᠡᠯᠴᠢᠭᠡᠷᠯᠡᠭᠦᠯᠬᠦ ᠦᠵᠡᠭᠳᠡᠯ ᠣᠯᠠᠨᠲᠠ ᠡᠭᠦᠰᠴᠦ᠂ ᠬᠤᠷᠢᠭᠯᠠᠭᠰᠠᠨ ᠪᠣᠯᠪᠠᠴᠤ ᠢᠯᠡᠷᠬᠡᠢ ᠦᠷ᠎ᠡ ᠪᠦᠲᠦᠮᠵᠢ ᠭᠠᠷᠤᠭᠰᠠᠨ ᠦᠭᠡᠢ᠂ ᠣᠶᠢᠷ᠎ᠠ ᠳᠤ ᠡᠪᠡᠰᠦ ᠨᠣᠭᠤᠭᠠᠷᠠᠵᠤ ᠪᠡᠯᠴᠢᠭᠡᠷ ᠰᠠᠶᠢᠵᠢᠷᠠᠬᠤ ᠶᠢ ᠳᠠᠭᠠᠯᠳᠤᠨ ᠡᠶᠢᠮᠦᠷᠬᠦ ᠦᠵᠡᠭᠳᠡᠯ ᠨᠡᠩ ᠣᠯᠠᠰᠢᠷᠠᠵᠤ ᠪᠠᠶᠢᠭ᠎ᠠ ᠨᠢ ᠡᠯ᠎ᠡ ᠰᠤᠮᠤ ᠪᠠᠯᠭᠠᠰᠤ᠂ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠨ ᠤ ᠲᠤᠰ ᠠᠵᠢᠯ ᠢ ᠴᠢᠬᠤᠯᠠᠴᠢᠯᠠᠭᠰᠠᠨ ᠦᠭᠡᠢ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠶᠢ ᠭᠦᠢᠴᠡᠳ ᠬᠠᠷᠠᠭᠤᠯᠵᠠᠢ᠃ ᠣᠨᠴᠠᠭᠠᠶᠢᠯᠠᠨ ᠠᠷᠪᠠᠰ ᠰᠤᠮᠤ᠂ ᠴᠢ ᠫᠠᠠ ᠵᠢᠩ ᠪᠠᠯᠭᠠᠰᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢ ᠡᠷᠴᠢᠮᠲᠡᠢ ᠨᠠᠶᠢᠳᠠᠪᠤᠷᠢᠵᠢᠭᠤᠯᠤᠭᠰᠠᠨ ᠦᠭᠡᠢ᠂ ᠵᠠᠷᠢᠮ ᠮᠠᠯᠴᠢᠳ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠤᠭᠤᠴᠠᠭᠠᠨ ᠳᠤ ᠭᠤᠣᠯ ᠪᠣᠯᠬᠤ ᠵᠠᠮ ᠤᠨ ᠬᠠᠵᠠᠭᠤ ᠪᠠᠷ ᠮᠠᠯ ᠢᠶᠠᠨ ᠪᠡᠯᠴᠢᠭᠡᠷᠯᠡᠭᠦᠯᠦᠭᠰᠡᠨ ᠮᠥᠷᠲᠡᠭᠡᠨ ᠢᠳᠬᠠᠵᠤ ᠬᠤᠷᠢᠭᠯᠠᠭᠰᠠᠨ ᠴᠤ ᠰᠣᠨᠣᠰᠤᠭᠰᠠᠨ ᠦᠭᠡᠢ ᠠᠴᠠ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠳᠤᠭᠤᠶᠢᠯᠠᠩ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠪᠠᠷ ᠰᠢᠭᠦᠮᠵᠢᠯᠡᠭᠦᠯᠵᠦ ᠂ ᠮᠠᠭᠤ ᠨᠥᠯᠥᠭᠡ ᠭᠠᠷᠭᠠᠭᠰᠠᠨ ᠪᠠᠶᠢᠨ᠎ᠠ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠵᠤ᠂ ᠨᠢᠭᠤᠵᠤ ᠪᠡᠯᠴᠢᠭᠡᠷᠯᠡᠭᠦᠯᠬᠦ᠂ ᠰᠥᠨᠢ ᠪᠡᠯᠴᠢᠭᠡᠷᠯᠡᠭᠦᠯᠬᠦ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠪᠠᠷ ᠮᠡᠳᠡᠭᠳᠡᠶ᠎ᠡ᠃      ᠨᠢᠭᠡ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠴᠢᠩᠭ᠎ᠠ ᠠᠳᠬᠤᠨ᠎ᠠ      ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠪᠣᠯ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠴᠢᠬᠤᠯᠠ ᠠᠷᠭ᠎ᠠ ᠵᠠᠮ᠂ ᠡᠯᠡᠰᠦᠷᠬᠡᠭᠵᠢᠵᠦ ᠮᠠᠭᠤᠳᠠᠭᠰᠠᠨ ᠪᠡᠯᠴᠢᠭᠡᠷ ᠢ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠭᠤᠣᠯ ᠠᠷᠭ᠎ᠠ ᠬᠡᠮᠵᠢᠶ᠎ᠡ ᠪᠣᠯᠬᠤ ᠪᠥᠭᠡᠳ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠴᠢᠬᠤᠯᠠ ᠱᠠᠭᠠᠷᠳᠠᠯᠭ᠎ᠠ ᠪᠣᠯᠬᠤᠷ ᠡᠯᠢᠭᠡᠨ ᠬᠠᠶᠢᠷᠠᠲᠤ ᠣᠲᠤᠭ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠣᠳᠣᠬᠠᠨ ᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠤᠨ ᠳ᠋ᠦᠩᠨᠡᠵᠦ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠪᠣᠳᠣᠯᠬᠢᠯᠠᠬᠤ ᠪᠠ ᠪᠦᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠯᠲᠠ ᠶᠢ ᠠᠬᠢᠭᠤᠯᠬᠤ ᠡᠭᠦᠳᠡᠨ ᠠᠴᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠤᠯᠠᠮ ᠳᠡᠭᠡᠭᠰᠢᠯᠡᠭᠦᠯᠦᠨ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠪᠠᠶᠢᠴᠠᠭᠠᠵᠤ ᠰᠢᠢᠳᠬᠡᠨ᠂ ᠡᠷᠡᠰ ᠰᠢᠭᠤᠷᠬᠠᠢ ᠴᠣᠬᠢᠯᠲᠠ ᠥᠭᠴᠦ᠂ ᠪᠠᠶᠢᠩᠭᠤ ᠴᠢᠩᠭ᠎ᠠ ᠠᠳᠬᠤᠨ᠂ ᠰᠢᠨ᠎ᠡ ᠨᠢᠭᠡ ᠡᠭᠡᠯᠵᠢ ᠶᠢᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠥᠷᠨᠢᠯᠲᠡ ᠶᠢ ᠪᠣᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢ ᠬᠠᠤᠯᠢ ᠬᠡᠷᠡᠭᠵᠢᠭᠦᠯᠦᠨ ᠪᠠᠶᠢᠴᠠᠭᠠᠵᠤ᠂ ᠨᠢᠭᠤᠵᠤ ᠪᠡᠯᠴᠢᠭᠡᠷᠯᠡᠭᠦᠯᠬᠦ᠂ ᠰᠥᠨᠢ ᠪᠡᠯᠴᠢᠭᠡᠷᠯᠡᠭᠦᠯᠬᠦ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠠᠰᠤ ᠬᠤᠷᠢᠭᠯᠠᠨ᠎ᠠ᠃      ᠬᠤᠶᠠᠷ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠠᠷᠭ᠎ᠠ ᠬᠡᠮᠵᠢᠶ᠎ᠡ ᠶᠢ ᠡᠷᠡᠰ ᠬᠡᠷᠡᠭᠵᠢᠭᠦᠯᠦᠨ᠎ᠡ      ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠣᠳᠣᠬᠠᠨ ᠤ ᠭᠤᠣᠯ ᠠᠵᠢᠯ ᠢᠶᠠᠨ ᠪᠣᠯᠭᠠᠵᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠣᠳᠠᠲᠠᠢ ᠬᠠᠷᠢᠭᠤᠴᠠᠯᠭᠠᠲᠠᠨ᠂ ᠠᠷᠭ᠎ᠠ ᠬᠡᠮᠵᠢᠶ᠎ᠡ ᠪᠠ ᠠᠵᠢᠯ ᠤᠨ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠠᠮᠢᠶᠠᠷᠬᠤ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ᠎ᠠ᠃ ᠨᠢᠭᠡ ᠳᠤ ᠡᠯ᠎ᠡ ᠰᠤᠮᠤ ᠪᠠᠯᠭᠠᠰᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠭᠤᠣᠯ ᠴᠣᠭᠴᠠ ᠪᠣᠯᠵᠤ᠂ ᠬᠠᠷᠢᠶ᠎ᠠ ᠭᠠᠵᠠᠷ ᠢᠶᠠᠨ ᠰᠠᠶᠢᠲᠤᠷ ᠬᠠᠮᠢᠶᠠᠷᠤᠨ᠂ ᠬᠡᠰᠡᠭ ᠢᠶᠠᠷ ᠳᠠᠭᠠᠭᠠᠴᠢᠯᠠᠵᠤ ᠪᠠᠶᠢᠭ᠎ᠠ ᠪᠠ ᠡᠷᠦᠭᠡ ᠶᠢ ᠳᠠᠭᠠᠭᠠᠴᠢᠯᠠᠵᠤ ᠪᠠᠶᠢᠭ᠎ᠠ ᠺᠠᠳ᠋ᠷ ᠮᠠᠯᠴᠢᠨ ᠲᠠᠷᠢᠶᠠᠴᠢᠳ ᠢ ᠬᠠᠪᠰᠤᠷᠤᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠤᠭᠤᠴᠠᠭᠠᠨ ᠳᠠᠬᠢ ᠡᠪᠡᠰᠦ ᠪᠣᠷᠳᠣᠭᠠᠨ ᠤ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠳᠠᠭᠠᠤ ᠬᠠᠤᠯᠢ ᠬᠡᠷᠡᠭᠵᠢᠭᠦᠯᠬᠦ ᠪᠠᠶᠢᠴᠠᠭᠠᠯᠲᠠ᠂ ᠡᠳᠦᠷ ᠳᠣᠳᠥᠮ ᠤᠨ ᠪᠠᠶᠢᠴᠠᠭᠠᠯᠲᠠ᠂ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠨᠢᠭᠤᠵᠤ ᠪᠡᠯᠴᠢᠭᠡᠷᠯᠡᠭᠦᠯᠬᠦ᠂ ᠰᠥᠨᠢ ᠪᠡᠯᠴᠢᠭᠡᠷᠯᠡᠭᠦᠯᠬᠦ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠴᠠᠭ ᠳᠠᠷᠤᠢ ᠳᠤᠨᠢ ᠪᠠᠶᠢᠴᠠᠭᠠᠵᠤ ᠬᠤᠷᠢᠭᠯᠠᠬᠤ ᠪᠠ ᠰᠢᠢᠳᠬᠡᠨ᠎ᠡ᠃ ᠬᠤᠶᠠᠷ ᠲᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ᠂ ᠮᠠᠯ ᠲᠠᠷᠢᠶᠠᠯᠠᠩ ᠠᠵᠦ ᠠᠬᠤᠢ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠱᠠᠭᠠᠷᠳᠠᠨ ᠪᠠᠶᠢᠴᠠᠭᠠᠬᠤ ᠤᠳᠠᠭ᠎ᠠ ᠲᠤᠭ᠎ᠠ ᠪᠠᠨ ᠨᠡᠮᠡᠭᠳᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠣᠯᠣᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠬᠡᠯᠪᠡᠷᠢ ᠶᠢ ᠤᠶᠠᠯᠳᠤᠭᠤᠯᠤᠨ᠂ ᠪᠠᠶᠢᠩᠭᠤ ᠪᠠᠶᠢᠴᠠᠭᠠᠨ ᠮᠡᠳᠡᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠺᠠᠳ᠋ᠷ ᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠮᠡᠳᠡᠭᠦᠯᠦᠨ ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠱᠠᠭᠠᠷᠳᠠᠨ ᠪᠠᠶᠢᠴᠠᠭᠠᠬᠤ ᠳᠠᠭᠠᠭᠠᠮᠠᠭᠠᠢ ᠲᠣᠭᠲᠠᠴᠠ ᠶᠢ ᠪᠠᠶᠢᠭᠤᠯᠵᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠪᠣᠳᠠᠲᠤ ᠪᠦᠲᠦᠮᠵᠢ ᠣᠯᠬᠤ ᠶᠢ ᠪᠠᠲᠤᠯᠠᠨ᠎ᠠ᠃ ᠭᠤᠷᠪᠠ ᠳᠤ ᠬᠤᠯᠪᠣᠭᠳᠠᠯ ᠪᠦᠬᠦᠢ ᠡᠷᠬᠡ ᠲᠤᠰᠢᠶᠠᠯᠲᠤ ᠪᠠᠶᠢᠭᠤᠯᠭ᠎ᠠ ᠨᠤᠭᠤᠳ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠬᠦ ᠠᠵᠢᠯ ᠲᠠᠢ ᠭᠦᠢᠴᠡᠳ ᠤᠶᠠᠯᠳᠤᠭᠤᠯᠤᠨ᠂ ᠨᠢᠭᠤᠵᠤ ᠪᠡᠯᠴᠢᠭᠡᠷᠯᠡᠭᠦᠯᠬᠦ᠂ ᠰᠥᠨᠢ ᠪᠡᠯᠴᠢᠭᠡᠷᠯᠡᠭᠦᠯᠬᠦ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠬᠦᠴᠦᠲᠡᠢ ᠴᠣᠬᠢᠯᠲᠠ ᠥᠭᠭᠦᠨ᠎ᠡ᠃ ᠮᠠᠯ ᠲᠠᠷᠢᠶᠠᠯᠠᠩ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠠᠩᠭᠠᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢ ᠬᠠᠪᠰᠤᠷᠤᠨ ᠴᠢᠬᠤᠯᠠ ᠲᠣᠮᠣ ᠰᠡᠵᠢᠭᠯᠡᠯᠲᠡᠢ ᠬᠡᠷᠡᠭ ᠢ ᠰᠢᠢᠳᠪᠦᠷᠢᠯᠡᠨ᠎ᠡ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠯᠪᠣᠭᠳᠠᠯ ᠪᠦᠬᠦᠢ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠬᠠᠤᠯᠢ ᠴᠠᠭᠠᠵᠠ ᠶᠢᠨ ᠬᠦᠴᠦᠷᠬᠡᠭ ᠶᠡᠭᠡ ᠰᠦᠷ ᠬᠦᠴᠦᠨ ᠢ ᠪᠦᠷᠢᠯᠳᠦᠭᠦᠯᠦᠨ᠎ᠡ᠃      ᠭᠤᠷᠪᠠ᠂ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠴᠢᠷᠮᠠᠶᠢᠨ ᠪᠦᠷᠢᠯᠳᠦᠭᠦᠯᠦᠨ᠎ᠡ      ᠡᠯ᠎ᠡ ᠰᠤᠮᠤ ᠪᠠᠯᠭᠠᠰᠤ ᠸᠢᠴᠠᠲ᠂ ᠲᠧᠯᠸᠢᠰ᠂ ᠷᠠᠳᠢᠤ᠋ ᠵᠡᠷᠭᠡ ᠣᠯᠠᠨ ᠵᠦᠢᠯ ᠤᠨ ᠵᠠᠭᠤᠴᠢ ᠶᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠪᠦᠬᠦ ᠺᠠᠳ᠋ᠷ ᠠᠵᠢᠯᠲᠠᠨ ᠢᠶᠠᠨ ᠳᠠᠶᠢᠴᠢᠯᠠᠵᠤ ᠡᠷᠦᠬᠡ ᠳᠤ ᠬᠦᠷᠦᠨ ᠤᠬᠠᠭᠤᠯᠭ᠎ᠠ ᠬᠢᠵᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ᠂ ᠲᠥᠷᠥ ᠶᠢᠨ ᠪᠣᠳᠣᠯᠭ᠎ᠠ ᠵᠢᠴᠢ ᠨᠤᠲᠤᠭ ᠪᠡᠯᠴᠢᠭᠡᠷ ᠢ ᠬᠠᠮᠠᠭᠠᠯᠠᠬᠤ ᠠᠴᠢ ᠬᠤᠯᠪᠣᠭᠳᠠᠯ ᠢ ᠪᠦᠬᠦ ᠲᠠᠯ᠎ᠠ ᠪᠠᠷ ᠤᠬᠠᠭᠤᠯᠤᠨ᠂ ᠮᠠᠯᠴᠢᠨ ᠲᠠᠷᠢᠶᠠᠴᠢᠳ ᠤᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠨᠤᠲᠤᠭ ᠪᠡᠯᠴᠢᠭᠡᠷ ᠢ ᠬᠠᠮᠠᠭᠠᠯᠠᠬᠤ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠰᠠᠨᠠᠭᠠᠴᠢᠯᠠᠭ᠎ᠠ  ᠲᠠᠢ ᠪᠠᠷ ᠰᠠᠶᠢᠨ ᠬᠢᠬᠦ ᠶᠢ ᠬᠥᠲᠥᠯᠥᠨ ᠵᠢᠯᠤᠭᠤᠳᠤᠨ᠎ᠠ᠃ ᠡᠯ᠎ᠡ ᠰᠤᠮᠤ ᠪᠠᠯᠭᠠᠰᠤ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠠᠯ ᠲᠠᠷᠢᠶᠠᠯᠠᠩ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠭᠡᠮ ᠳᠤ ᠨᠡᠶᠢᠲᠡᠯᠡᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠨ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠳᠤ ᠪᠦᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠬᠤ ᠶᠢ ᠵᠢᠯᠣᠭᠤᠳᠤᠨ᠎ᠠ᠃ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠰᠤᠮᠤ ᠪᠠᠯᠭᠠᠰᠤ ᠲᠠᠢ ᠢᠳᠡᠪᠬᠢᠲᠡᠢ ᠬᠠᠮᠵᠢᠯᠴᠠᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠰᠠᠶᠢᠲᠤᠷ ᠤᠬᠠᠭᠤᠯᠤᠨ ᠮᠡᠳᠡᠭᠡᠯᠡᠵᠦ᠂ ᠨᠡᠶᠢᠲᠡᠯᠢᠭ ᠵᠢᠱᠢᠶ᠎ᠡ ᠶᠢ ᠢᠯᠡᠴᠢᠯᠡᠵᠦ ᠤᠬᠠᠭᠤᠯᠬᠤ ᠡᠷᠴᠢᠮ ᠢ ᠨᠡᠩ ᠴᠢᠩᠭᠠᠷᠠᠭᠤᠯᠤᠨ᠂ ᠰᠡᠷᠡᠮᠵᠢᠯᠡᠭᠦᠯᠵᠦ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃                                                                           ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                         2021 ᠣᠨ ᠤ 5 ᠰᠠᠷ᠎ᠠ ᠶᠢᠨ 12 ᠤᠨ ᠡᠳᠦᠷ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ