ᠣᠲᠤᠭ ᠵᠠᠰᠠᠭ ᠠᠯᠪᠠᠨ ᠲᠠᠷᠬᠠᠭᠠᠭᠰᠠᠨ ﹇2021﹈ 23 ᠳ᠋ᠤᠭᠠᠷ ᠲᠣᠭᠠᠲᠤ | | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠳᠠᠪᠴᠠᠩ ᠪᠠ ᠪᠠᠷᠠᠭᠠᠠ ᠤ | ᠭᠦᠢᠯᠭᠡᠭᠡ ᠶᠢᠨ ᠦᠢᠯᠡᠴᠢᠯᠡᠭᠡᠨ ᠤ ᠳᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ | ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠲᠣᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠲᠤᠭ ᠬᠤᠰᠢᠭᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ | ᠳᠠᠪᠴᠠᠩ ᠪᠠ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠳᠠᠪᠴᠠᠩ ᠤᠨ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ | ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021ᠣᠨ ᠤ 5 ᠳ᠋ᠤᠭᠠᠷ ᠰᠠᠷ᠎ᠠ ᠶᠢᠨ 12 ᠤᠨ ᠡᠳᠦᠷ | | | | ᠣᠲᠤᠭ ᠬᠤᠰᠢᠭᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ | ᠳᠠᠪᠴᠠᠩ ᠪᠠ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠳᠠᠪᠴᠠᠩ ᠤᠨ ᠪᠦᠲᠦᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠥᠯ | ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠳᠠᠪᠴᠠᠩ ᠪᠠ ᠪᠠᠷᠠᠭᠠᠠ ᠤ ᠭᠦᠢᠯᠭᠡᠭᠡ ᠶᠢᠨ | ᠦᠢᠯᠡᠴᠢᠯᠡᠭᠡᠨ ᠤ ᠳᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ 5G ᠰᠦᠯᠵᠢᠶ᠎ᠡ᠂ ᠲᠤᠭ᠎ᠠ | ᠪᠠᠷᠢᠮᠲᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ︵ | ᠰᠢᠨ᠎ᠡ ᠰᠠᠭᠤᠷᠢ ᠪᠠᠶᠢᠭᠤᠯᠤᠯᠲᠠ︶ ᠶᠢ ᠳᠡᠯᠭᠡᠷᠡᠭᠦᠯᠦᠨ ᠠᠰᠢᠭᠯᠠᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠵᠤ ᠲᠡᠰ ᠳᠡᠪᠰᠢᠭᠦᠯᠦᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠬᠤ ᠶᠢᠨ | ᠲᠤᠰᠠᠳᠡ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠪᠦᠲᠦᠭᠡᠨ ᠪᠠᠶᠢᠭᠤᠯᠬᠤ ᠬᠠᠷᠠᠯᠲᠠ | ︵ᠨᠢᠭᠡ︶ ᠠᠵᠤ ᠠᠬᠤᠶᠢᠯᠠᠯ ᠤᠨ ᠦᠢᠯᠡᠴᠢᠯᠡᠭᠡᠨ ᠤ ᠳᠠᠪᠴᠠᠩ ᠪᠠᠶᠢᠭᠤᠯᠤᠨ᠎ᠠ | ᠬᠤᠰᠢᠭᠤᠨ ᠤ ᠪᠣᠢ ᠪᠦᠬᠦᠢ ᠨᠡᠭᠦᠷᠡᠰᠦᠨ ᠠᠭᠤᠷᠬᠠᠢ᠂ ᠨᠡᠭᠦᠷᠡᠰᠦ ᠣᠬᠢᠶᠠᠬᠤ᠂ ᠬᠢᠮᠢ ᠶᠢᠨ ᠦᠢᠯᠡᠳᠪᠦᠷᠢ | ᠵᠡᠷᠭᠡ ᠲᠠᠢ ᠬᠤᠯᠪᠣᠭᠳᠠᠭᠰᠠᠨ ᠲᠤᠮᠦ ᠬᠡᠯᠪᠡᠷᠢ ᠶᠢᠨ ᠡᠳ᠋ ᠪᠠᠷᠠᠭ᠎ᠠ ᠠᠷᠠᠯᠵᠢᠶᠠᠯᠠᠬᠤ ᠬᠦᠷᠢᠶ᠎ᠡ ᠬᠡᠪᠴᠢᠶᠡᠨ ᠳᠤ ᠡᠬᠢᠨ ᠤ | ᠲᠤᠭ᠎ᠠ ᠪᠠᠷᠢᠮᠲᠠ ᠶᠢ ᠴᠤᠭᠯᠠᠭᠤᠯᠬᠤ ᠰᠢᠰᠲ᠋ᠧᠮ ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠬᠦ᠂ ᠬᠠᠩᠭᠠᠬᠤ | ᠂ ᠪᠣᠷᠣᠯᠠᠭᠤᠯᠬᠤ ᠲᠤᠭ᠎ᠠ ᠪᠠᠷᠢᠮᠲᠠ ᠶᠢ ᠣᠨᠣᠪᠴᠢᠲᠠᠢ ᠴᠤᠭᠯᠠᠭᠤᠯᠤᠨ᠂ ᠦᠢᠯᠡᠳᠪᠦᠷᠢᠯᠡᠯ᠂ ᠡᠵᠡᠩᠨᠡᠯᠲᠡ ᠪᠠ | ᠬᠠᠮᠢᠶᠠᠷᠤᠯᠲᠠ ᠶᠢ ᠮᠡᠳᠡᠭᠡ ᠵᠠᠩᠭᠢᠴᠢᠯᠠᠨ ᠳᠡᠰ ᠲᠡᠪᠰᠢᠭᠦᠯᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ | ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ︔ ᠡᠭᠦᠨ ᠤ ᠳᠠᠭᠠᠤ᠂ ᠭᠠᠶᠢᠯᠢ ᠲᠠᠲᠠᠪᠤᠷᠢ᠂ ᠲᠤᠭ᠎ᠠ | ᠪᠦᠷᠢᠳᠬᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠠᠶᠤᠯ ᠦᠭᠡᠢ ᠦᠢᠯᠡᠳᠪᠦᠷᠢᠯᠡᠯ ᠳᠤ | ᠠᠩᠬᠠᠨ ᠤ ᠮᠡᠳᠡᠭᠡ ᠵᠠᠩᠭᠢ ᠲᠤᠭ᠎ᠠ ᠪᠠᠷᠢᠮᠲᠠ ᠬᠠᠩᠭᠠᠨ᠎ᠠ᠃ | ︵ᠬᠤᠶᠠᠷ︶ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠳᠠᠪᠴᠠᠩ ᠪᠠᠶᠢᠭᠤᠯᠤᠨ᠎ᠠ | ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠵᠤ ᠲᠡᠭᠦᠯᠳᠡᠷᠵᠢᠭᠦᠯᠦᠨ᠂ | ᠪᠠᠷᠠᠭᠠᠠ ᠤ ᠭᠦᠢᠯᠭᠡᠭᠡ ᠶᠢᠨ ᠠᠵᠤ ᠠᠬᠤᠶᠢᠯᠠᠯ ᠢ ᠣᠷᠣᠨ ᠨᠤᠲᠤᠭ ᠲᠤ ᠨᠤᠲᠤᠭᠰᠢᠭᠤᠯᠵᠤ᠂ ᠳᠠᠭᠠᠭᠠᠴᠢᠯᠠᠵᠤ | ᠲᠡᠭᠡᠭᠡᠪᠦᠷᠢᠯᠡᠬᠦ ᠵᠠᠬ᠎ᠠ ᠳᠡᠯᠭᠡᠭᠦᠷ ᠤᠨ ᠦᠷᠭᠦᠯᠵᠢᠯᠡᠭᠰᠡᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠦᠢᠯᠡᠴᠢᠯᠡᠭᠡᠨ ᠤ | ᠳᠠᠪᠴᠠᠩ᠂ ᠠᠷᠤ ᠳᠠᠪᠴᠠᠩ ᠤᠨ ᠬᠠᠷᠢᠴᠠᠭᠤᠯᠬᠤ ᠰᠢᠰᠲ᠋ᠧᠮ᠂ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ | ᠰᠢᠰᠲ᠋ᠧᠮ ᠪᠠ ᠦᠢᠯᠡᠴᠢᠯᠡᠭᠡᠨ ᠤ ᠳᠠᠪᠴᠠᠩ ᠤᠨ ᠡᠷᠭᠢᠯᠲᠡ ᠶᠢ ᠬᠢᠨᠠᠨ ᠡᠵᠡᠮᠰᠢᠬᠦ ᠪᠠ ᠵᠠᠳᠠᠯᠬᠤ ᠰᠢᠰᠲ᠋ᠧᠮ | ᠪᠠᠶᠢᠭᠤᠯᠵᠤ᠂ ᠪᠦᠬᠦ ᠬᠤᠰᠢᠭᠤᠨ ᠳᠤ ᠨᠢᠭᠡᠳᠦᠯᠲᠡᠢ᠂ ᠵᠢᠷᠤᠮᠵᠢᠯ ᠲᠠᠢ᠂ ᠦᠨᠳᠤᠷ ᠪᠦᠲᠦᠮᠵᠢᠲᠡᠢ ᠦᠢᠯᠡᠳᠪᠦᠷᠢᠯᠡᠯ | ᠡᠵᠡᠩᠨᠡᠯᠲᠡ ᠬᠠᠮᠢᠶᠠᠷᠤᠯᠲᠠ ᠶᠢᠨ ᠳᠠᠪᠴᠠᠩ ᠪᠠ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠳᠠᠪᠴᠠᠩ | ᠪᠠᠶᠢᠭᠤᠯᠤᠨ᠎ᠠ᠃ | ᠬᠤᠶᠠᠷ᠂ ᠪᠦᠲᠦᠭᠡᠨ ᠪᠠᠶᠢᠭᠤᠯᠬᠤ ᠡᠭᠦᠷᠭᠡ | ︵ᠨᠢᠭᠡ︶ ᠪᠣᠢ ᠪᠦᠬᠦᠢ ᠨᠡᠭᠦᠷᠡᠰᠦᠨ ᠠᠭᠤᠷᠬᠠᠢ᠂ ᠨᠡᠭᠦᠷᠡᠰᠦ ᠣᠬᠢᠶᠠᠬᠤ᠂ ᠬᠢᠮᠢ ᠶᠢᠨ ᠦᠢᠯᠡᠳᠪᠦᠷᠢ ᠵᠡᠷᠭᠡ | ᠠᠵᠤ ᠠᠬᠤᠶᠢᠯᠠᠯ ᠤᠨ ᠲᠡᠭᠡᠭᠡᠪᠦᠷᠢ ᠶᠢᠨ ᠮᠠᠰᠢᠨ ᠣᠷᠣᠵᠤ ᠭᠠᠷᠬᠤ ᠠᠮᠠ᠂ ᠵᠢᠩᠯᠠᠭᠦᠷ᠂ ᠵᠢᠩᠯᠠᠭᠦᠷ ᠤᠨ | ᠪᠠᠶᠢᠰᠢᠩ ᠳᠤ ᠱᠠᠭᠠᠷᠳᠠᠯᠭ᠎ᠠ ᠶᠣᠰᠣᠭᠠᠷ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠨᠡᠶᠢᠴᠡᠭᠰᠡᠨ ᠳᠦᠷᠰᠦ ᠰᠢᠩᠭᠡᠭᠡᠬᠦ ᠮᠠᠰᠢᠨ᠂ ᠡᠯᠧᠺᠲᠷᠦᠨ ᠲᠡᠷᠭᠡᠨ ᠨᠤᠮᠧᠷ ᠣᠩᠰᠢᠬᠤ ᠲᠥᠬᠦᠭᠡᠷᠦᠮᠵᠢ᠂ | ᠵᠢᠩᠯᠠᠭᠦᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠲᠤᠭ᠎ᠠ ᠪᠠᠷᠢᠮᠲᠠ ᠶᠢ ᠦᠨᠳᠦᠰᠦ ᠠᠴᠠ ᠨᠢ ᠬᠠᠮᠢᠶᠠᠷᠬᠤ | ᠲᠣᠨᠣᠭᠯᠠᠯ ᠵᠡᠷᠭᠡ ᠬᠠᠲᠠᠭᠤ ᠵᠥᠭᠡᠯᠡᠨ ᠲᠣᠨᠤᠭ ᠤᠭᠰᠠᠷᠠᠵᠤ᠂ ᠬᠢᠮᠡᠯ ᠣᠶᠣᠨ᠂ ᠲᠤᠮᠦ ᠳ᠋ᠠᠶᠢᠲ᠋ᠠ ᠶᠢᠨ ᠮᠡᠷᠭᠡᠵᠢᠯ ᠢᠶᠠᠷ | ᠠᠵᠤ ᠠᠬᠤᠶᠢᠯᠠᠯ ᠤᠨ ᠲᠡᠭᠡᠭᠡᠪᠦᠷᠢ ᠶᠢᠨ ᠮᠠᠰᠢᠨ ᠤ ᠬᠦᠨᠳᠦ ᠶᠢᠨ ᠬᠡᠮᠵᠢᠶ᠎ᠡ᠂ ᠵᠢᠩᠯᠠᠭᠦᠷ ᠥᠩᠭᠡᠷᠡᠬᠦ ᠵᠢᠷᠤᠭ ᠳᠥᠷᠰᠤ᠂ | ᠮᠠᠰᠢᠨ ᠲᠡᠷᠭᠡᠨ ᠤ ᠮᠡᠳᠡᠭᠡ ᠵᠠᠩᠭᠢ᠂ ᠦᠢᠯᠡᠳᠬᠦᠨ ᠤ ᠲᠥᠷᠥᠯ ᠵᠦᠢᠯ᠂ ᠪᠣᠷᠣᠯᠠᠭᠤᠯᠬᠤ ᠭᠠᠵᠠᠷ᠂ ᠦᠨ᠎ᠡ | ᠬᠠᠩᠰᠢ ᠶᠢ ᠦᠪᠡᠷᠲᠡᠭᠡᠨ ᠴᠤᠭᠯᠠᠭᠤᠯᠬᠤ ᠶᠢ ᠪᠡᠶᠡᠯᠡᠭᠦᠯᠦᠨ᠎ᠡ︔ ᠠᠵᠤ ᠠᠬᠤᠶᠢᠯᠠᠯ ᠤᠨ ᠲᠠᠮᠦᠷ ᠵᠠᠮ ᠤᠨ ᠲᠤᠰᠬᠠᠢ | ᠱᠤᠭᠤᠮ ᠤᠨ ᠲᠡᠷᠭᠡᠨ ᠳᠤ ᠰᠠᠪᠠᠯᠠᠵᠤ ᠪᠠᠭᠤᠯᠭᠠᠬᠤ ᠴᠡᠭ ᠲᠤ ᠲᠣᠭᠤᠷᠢᠯ ᠵᠠᠮᠳᠤ ᠵᠢᠩᠯᠠᠭᠦᠷ ᠢᠶᠠᠷ ᠲᠤᠭ᠎ᠠ ᠪᠠᠷᠢᠮᠲᠠ | ᠴᠤᠭᠯᠠᠭᠤᠯᠬᠤ ᠲᠣᠨᠣᠭᠯᠠᠯ ᠤᠭᠰᠠᠷᠠᠵᠤ᠂ ᠲᠡᠮᠦᠷ ᠵᠠᠮ ᠤᠨ ᠲᠡᠭᠡᠭᠡᠪᠦᠷᠢᠯᠡᠬᠦ ᠬᠡᠮᠵᠢᠶ᠎ᠡ ᠶᠢ ᠥᠪᠡᠷᠲᠡᠭᠡᠨ | ᠴᠤᠭᠯᠠᠭᠤᠯᠬᠤ ᠶᠢ ᠪᠡᠶᠡᠯᠡᠭᠦᠯᠦᠨ᠎ᠡ᠃ | ︵ᠬᠤᠶᠠᠷ︶ ᠲᠤᠭ᠎ᠠ ᠪᠠᠷᠢᠮᠲᠠ ᠶᠢ ᠰᠢᠢᠳᠪᠦᠷᠢᠯᠡᠬᠦ ᠲᠥᠪ᠂ ᠲᠤᠭ᠎ᠠ ᠪᠠᠷᠢᠮᠲᠠ ᠶᠢ ᠰᠢᠯᠭᠠᠨ ᠪᠠᠶᠢᠴᠠᠭᠠᠬᠤ | ᠲᠥᠪ᠂ ᠲᠤᠭ᠎ᠠ ᠪᠠᠷᠢᠮᠲᠠ ᠶᠢ ᠴᠤᠭᠯᠠᠭᠤᠯᠬᠤ ᠪᠠ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠠᠷᠤ ᠰᠢᠰᠲ᠋ᠧᠮ ᠢ | ᠪᠠᠶᠢᠭᠤᠯᠵᠤ᠂ ᠬᠠᠷᠠᠭᠠᠨ ᠳᠠᠪᠲᠠᠮᠵᠢ ᠪᠠᠷ ᠵᠢᠷᠤᠭ ᠳᠥᠷᠰᠤ ᠶᠢ ᠬᠢᠨᠠᠨ ᠡᠵᠡᠮᠳᠡᠬᠦ᠂ ᠡᠬᠢᠨ ᠤ ᠲᠤᠭ᠎ᠠ ᠪᠠᠷᠢᠮᠲᠠ ᠶᠢ | ᠬᠤᠷᠢᠶᠠᠩᠭᠤᠶᠢᠯᠠᠬᠤ᠂ ᠲᠤᠭ᠎ᠠ ᠪᠠᠷᠢᠮᠲᠠ ᠶᠢ ᠬᠠᠷᠢᠴᠠᠭᠤᠯᠵᠤ ᠵᠠᠳᠠᠯᠬᠤ᠂ ᠪᠠᠷᠠᠭᠠᠠ ᠤ ᠲᠡᠭᠡᠭᠡᠪᠦᠷᠢ ᠶᠢᠨ ᠦᠢᠯᠡᠴᠢᠯᠡᠭᠡ | ᠬᠠᠩᠭᠠᠬᠤ ᠵᠡᠷᠭᠡ ᠶᠢ ᠪᠡᠶᠡᠯᠡᠭᠦᠯᠦᠨ᠎ᠡ᠃ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠯᠴᠠᠵᠤ᠂ ᠲᠤᠭ᠎ᠠ | ᠪᠠᠷᠢᠮᠲᠠ ᠶᠢ ᠴᠠᠭ ᠳᠠᠷᠤᠢ ᠳᠤᠨᠢ ᠳᠠᠮᠵᠢᠭᠤᠯᠤᠨ᠎ᠠ᠃ | ︵ᠭᠤᠷᠪᠡ︶ ᠭᠡᠷ᠎ᠡ ᠶᠢ ᠳᠠᠩᠰᠠᠯᠠᠬᠤ ᠳᠠᠪᠴᠠᠩ ︵ᠳᠠᠩᠰᠠᠯᠠᠬᠤ ᠲᠥᠪ︶ ᠢ ᠪᠠᠶᠢᠭᠤᠯᠤᠨ᠂ ᠠᠵᠤ | ᠠᠬᠤᠶᠢᠯᠠᠯ ᠤᠨ ᠬᠠᠩᠭᠠᠨ ᠪᠣᠷᠣᠯᠠᠭᠤᠯᠬᠤ᠂ ᠬᠤᠳᠠᠯᠳᠤᠨ ᠠᠪᠬᠤ ᠭᠡᠷ᠎ᠡ ᠶᠢ ᠳᠠᠩᠰᠠᠯᠠᠬᠤ ᠳᠦᠷᠢᠮ ᠢ ᠬᠡᠷᠡᠭᠵᠢᠭᠦᠯᠵᠦ᠂ | ᠦᠢᠯᠡᠴᠢᠯᠡᠭᠡᠨ ᠤ ᠳᠠᠪᠴᠠᠩ᠂ ᠡᠷᠭᠢᠯᠲᠡ ᠶᠢ ᠬᠢᠨᠠᠨ ᠬᠠᠮᠢᠶᠠᠷᠬᠤ ᠰᠢᠰᠲ᠋ᠧᠮ ᠪᠠ ᠬᠤᠷᠢᠶᠠᠩᠭᠤᠶᠢᠯᠠᠵᠤ ᠵᠠᠳᠠᠯᠬᠤ | ᠰᠢᠰᠲ᠋ᠧᠮ ᠢ ᠪᠠᠶᠢᠭᠤᠯᠤᠨ᠂ ᠳᠠᠪᠴᠠᠩ ᠤᠨ ᠡᠷᠭᠢᠯᠲᠡ ᠶᠢᠨ ᠪᠠᠶᠢᠳᠠᠯ ᠢ ᠴᠠᠭ ᠳᠠᠷᠤᠢ ᠳᠤᠨᠢ ᠡᠵᠡᠮᠰᠢᠨ᠎ᠡ᠃ | ︵ᠳᠥᠷᠪᠡ︶ ᠪᠦᠬᠦ ᠬᠤᠰᠢᠭᠤᠨ ᠤ ᠠᠵᠤ ᠠᠬᠤᠶᠢᠯᠠᠯ ᠤᠨ ᠲᠡᠭᠡᠭᠡᠪᠦᠷᠢ ᠶᠢᠨ ᠮᠠᠰᠢᠨ ᠳᠤ ᠡᠯᠧᠺᠲᠷᠦᠨ | ᠲᠡᠷᠭᠡᠨ ᠨᠤᠮᠧᠷ ᠤᠭᠰᠠᠷᠠᠬᠤ ᠶᠢ ᠵᠣᠷᠢᠭᠵᠢᠭᠤᠯᠤᠨ᠎ᠠ᠃ | ᠭᠤᠷᠪᠡ᠂ ᠪᠦᠲᠦᠭᠡᠨ ᠪᠠᠶᠢᠭᠤᠯᠬᠤ ᠵᠠᠭᠪᠤᠷ | ︵ᠨᠢᠭᠡ︶ ᠱᠠᠨ ᠰᠢ ᠶᠢᠨ ᠺᠤᠸᠠᠢ ᠴᠧᠩ ᠪᠠᠷᠠᠭᠠᠠ ᠤ ᠭᠦᠢᠯᠭᠡᠭᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠲᠤᠭ ᠲᠠᠬᠢ ᠬᠤᠪᠢᠶᠠᠷᠢ ᠺᠣᠮᠫᠠᠨᠢ ᠶᠢ ᠣᠷᠣᠭᠤᠯᠤᠨ ᠠᠪᠴᠢᠷᠠᠵᠤ | ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠭᠠᠨ᠂ ᠡᠬᠢᠨ ᠤ ᠲᠥᠬᠦᠭᠡᠷᠦᠮᠵᠢ ᠶᠢ ᠬᠤᠳᠠᠯᠳᠤᠨ ᠠᠪᠴᠤ | ᠤᠭᠰᠠᠷᠠᠬᠤ ᠪᠠ ᠬᠤᠸ᠋ᠨ ᠸᠧᠢ ᠶᠢᠨ ᠮᠡᠷᠭᠡᠵᠢᠯ ᠢ ᠠᠰᠢᠭᠯᠠᠬᠤ᠂ ᠬᠥᠮᠥᠨ ᠵᠢᠵᠢᠭᠦᠷᠯᠡᠬᠦ ᠦᠭᠡᠢ ᠵᠢᠩᠯᠠᠭᠦᠷ ᠤᠨ | ᠰᠢᠰᠲ᠋ᠧᠮ ᠤᠭᠰᠠᠷᠠᠬᠤ᠂ ᠠᠵᠤ ᠠᠬᠤᠶᠢᠯᠠᠯ ᠤᠨ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠲᠤᠭ᠎ᠠ ᠪᠠᠷᠢᠮᠲᠠ᠂ | ᠬᠤᠳᠠᠯᠳᠤᠨ ᠠᠪᠬᠤ ᠪᠣᠷᠣᠯᠠᠭᠤᠯᠬᠤ ᠭᠡᠷ᠎ᠡ ᠪᠢᠴᠢᠭ ᠤᠨ ᠮᠡᠳᠡᠭᠡ ᠵᠠᠩᠭᠢ ᠶᠢ ᠴᠤᠭᠯᠠᠭᠤᠯᠬᠤ ᠰᠢᠰᠲ᠋ᠧᠮ ᠪᠠᠶᠢᠭᠤᠯᠬᠤ | ᠪᠠ ᠡᠳᠦᠷ ᠳᠣᠳᠥᠮ ᠤᠨ ᠡᠷᠭᠢᠯᠲᠡ ᠶᠢ ᠬᠠᠮᠢᠶᠠᠷᠬᠤ ᠵᠢᠴᠢ ᠬᠤᠰᠢᠭᠤᠨ ᠤ ᠦᠢᠯᠡᠳᠪᠦᠷᠢᠯᠡᠯ ᠡᠵᠡᠩᠨᠡᠯᠲᠡ | ᠬᠠᠮᠢᠶᠠᠷᠤᠯᠲᠠ ᠶᠢᠨ ᠳᠠᠪᠴᠠᠩ ᠪᠠ ᠪᠠᠷᠠᠭᠠᠠ ᠤ ᠭᠦᠢᠯᠭᠡᠭᠡ ᠶᠢᠨ ᠦᠢᠯᠡᠴᠢᠯᠡᠭᠡᠨ ᠤ ᠳᠠᠪᠴᠠᠩ ᠳᠤ ᠮᠡᠳᠡᠭᠡ ᠵᠠᠩᠭᠢ ᠶᠢ | ᠴᠠᠭ ᠳᠠᠷᠤᠢ ᠳᠤᠨᠢ ᠳᠠᠮᠵᠢᠭᠤᠯᠤᠨ ᠮᠡᠳᠡᠭᠦᠯᠬᠦ ᠠᠵᠢᠯ ᠢ ᠬᠠᠷᠢᠭᠤᠴᠠᠭᠤᠯᠵᠤ᠂ ᠠᠵᠤ ᠠᠬᠤᠶᠢᠯᠠᠯ ᠤᠨ ᠬᠠᠤᠯᠢ | ᠳᠦᠷᠢᠮ ᠶᠣᠰᠣᠭᠠᠷ ᠡᠵᠡᠩᠨᠡᠯᠲᠡ ᠬᠢᠬᠦ ᠶᠢ ᠪᠠᠲᠤᠯᠠᠨ᠎ᠠ᠃ ᠲᠥᠷᠥᠯ ᠵᠦᠢᠯ ᠳᠤ ᠪᠡᠯᠡ ᠣᠷᠣᠭᠤᠯᠬᠤ ᠬᠡᠯᠡᠯᠴᠡᠭᠡᠷ ᠪᠠ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠤᠭ᠎ᠠ ᠪᠠᠷᠢᠮᠲᠠ ᠬᠠᠩᠭᠠᠨ᠎ᠠ᠃ 7×24 ᠴᠠᠭ ᠤᠨ ᠮᠡᠷᠭᠡᠵᠢᠯ ᠤᠨ | ᠳᠡᠮᠵᠢᠯᠭᠡ ᠦᠵᠡᠭᠦᠯᠬᠦ ᠪᠠ ᠮᠡᠷᠭᠡᠵᠢᠯ ᠤᠨ ᠪᠣᠯᠪᠠᠰᠤᠷᠠᠯ ᠬᠢᠬᠦ ᠶᠢ ᠬᠠᠷᠢᠭᠤᠴᠠᠨ᠎ᠠ᠃ | ︵ᠬᠤᠶᠠᠷ︶ ᠬᠤᠯᠪᠣᠭᠳᠠᠯ ᠪᠦᠬᠦᠢ ᠡᠬᠢᠨ ᠤ ᠲᠦᠬᠦᠭᠡᠷᠣᠮᠵᠢ ᠶᠢ ᠬᠤᠳᠠᠯᠳᠤᠨ ᠠᠪᠬᠤ᠂ ᠤᠭᠰᠠᠷᠠᠬᠤ ᠪᠠ | ᠬᠠᠮᠠᠭᠠᠯᠠᠬᠤ ᠵᠠᠷᠤᠳᠠᠯ ᠢ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠠᠴᠠ ᠭᠠᠷᠭᠠᠵᠤ᠂ ᠦᠢᠯᠡᠴᠢᠯᠡᠭᠦᠯᠬᠦ | ᠠᠵᠤ ᠠᠬᠤᠶᠢᠯᠠᠯ ᠢᠶᠠᠷ ᠬᠤᠯᠪᠣᠭᠳᠠᠯ ᠪᠦᠬᠦᠢ ᠵᠠᠷᠤᠳᠠᠯ ᠭᠠᠷᠭᠠᠭᠤᠯᠬᠤ ᠦᠭᠡᠢ᠃ | ︵ᠭᠤᠷᠪᠡ︶ ᠠᠵᠢᠯ ᠢ ᠠᠬᠢᠭᠤᠯᠬᠤ ᠳᠤᠭᠤᠶᠢᠯᠠᠩ ᠦᠢᠯᠡᠴᠢᠯᠡᠭᠡᠨ ᠤ ᠳᠠᠪᠴᠠᠩ ᠪᠠᠶᠢᠭᠤᠯᠬᠤ ᠠᠵᠢᠯ ᠢ | ᠵᠣᠬᠢᠴᠠᠭᠤᠯᠵᠤ ᠠᠬᠢᠭᠤᠯᠤᠨ᠂ ᠮᠡᠳᠡᠭᠡ ᠵᠠᠩᠭᠢ ᠶᠢ ᠬᠠᠷᠢᠯᠴᠠᠵᠤ ᠵᠣᠬᠢᠴᠠᠭᠤᠯᠤᠨ᠂ ᠡᠯ᠎ᠡ ᠪᠠᠶᠢᠭᠤᠯᠭ᠎ᠠ ᠶᠢ ᠱᠠᠭᠠᠷᠳᠠᠵᠤ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠎ᠠ᠃ | ︵ᠳᠥᠷᠪᠡ︶ ᠠᠵᠢᠯ ᠢ ᠠᠬᠢᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠡᠭᠦᠷᠭᠡ | ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ᠂ ᠦᠢᠯᠡᠴᠢᠯᠡᠭᠡᠨ ᠤ ᠳᠠᠪᠴᠠᠩ ᠪᠠᠶᠢᠭᠤᠯᠬᠤ ᠠᠵᠢᠯ ᠢ | ᠵᠢᠯᠣᠭᠤᠳᠴᠦ᠂ ᠬᠤᠯᠪᠣᠭᠳᠠᠯ ᠪᠦᠬᠦᠢ ᠪᠠᠶᠢᠭᠤᠯᠭ᠎ᠠ ᠬᠡᠷᠡᠭᠴᠡᠭᠡ ᠱᠠᠭᠠᠷᠳᠠᠯᠭ᠎ᠠ ᠶᠢᠨ ᠢᠶᠠᠨ ᠶᠣᠰᠣᠭᠠᠷ ᠲᠤᠭ᠎ᠠ | ᠪᠠᠷᠢᠮᠲᠠ ᠶᠢ ᠣᠯᠵᠤ ᠬᠡᠷᠡᠭᠯᠡᠬᠦ ᠶᠢᠨ ᠳᠠᠭᠠᠤ ᠡᠳ᠋ ᠤᠨ ᠵᠠᠰᠠᠭ ᠤᠨ ᠪᠠᠶᠢᠭᠤᠯᠭ᠎ᠠ ᠶᠢᠨ ᠬᠢᠨᠠᠨ ᠲᠣᠭᠲᠠᠭᠠᠭᠰᠠᠨ | ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠮᠵᠢᠶ᠎ᠠ ᠪᠠᠷ ᠲᠥᠷᠥᠯ ᠵᠦᠢᠯ ᠢ ᠬᠡᠷᠡᠭᠵᠢᠭᠦᠯᠬᠦ ᠭᠤᠣᠯ ᠴᠤᠭᠴᠨ ᠳᠤ | ᠦᠢᠯᠡᠴᠢᠯᠡᠭᠰᠡᠨ ᠵᠠᠷᠤᠳᠠᠯ ᠮᠥᠩᠭᠦ ᠥᠭᠭᠦᠨ᠎ᠡ᠃ | ᠳᠥᠷᠪᠡ᠂ ᠠᠬᠢᠴᠠ ᠶᠢᠨ ᠲᠣᠬᠢᠷᠠᠭᠤᠯᠭ᠎ᠠ | ︵ᠨᠢᠭᠡ︶ ᠲᠤᠷᠰᠢᠯᠲᠠ ᠶᠢᠨ ᠴᠡᠭ ᠭᠠᠷᠭᠠᠵᠤ ᠬᠡᠷᠡᠭᠵᠢᠭᠦᠯᠬᠦ ᠱᠠᠲᠤ ︵5 ᠰᠠᠷ᠎ᠠ ᠶᠢᠨ 28 ᠤ ᠡᠳᠦᠷ ᠠᠴᠠ | 6 ᠰᠠᠷ᠎ᠠ ᠶᠢᠨ 16 ᠤ ᠡᠳᠦᠷ ᠬᠦᠷᠲᠡᠯ᠎ᠡ︶ | ⒈ᠠᠬᠢᠭᠤᠯᠬᠤ ᠳᠤᠭᠤᠶᠢᠯᠠᠩ ᠨᠢ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠲᠠᠢ ᠬᠠᠮᠲᠤᠪᠠᠷ 3 | ᠠᠵᠤ ᠠᠬᠤᠶᠢᠯᠠᠯ ︵1 ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ᠂ 1 ᠨᠡᠭᠦᠷᠡᠰᠦ ᠣᠬᠢᠶᠠᠬᠤ ᠠᠵᠤ | ᠠᠬᠤᠶᠢᠯᠠᠯ᠂ 1 ᠬᠡᠤᠷᠡᠰᠤ ᠬᠢᠮᠢ ᠶᠢᠨ ᠠᠵᠤ ᠠᠬᠤᠶᠢᠯᠠᠯ︶ ᠢ ᠰᠣᠩᠭᠤᠵᠤ ᠲᠤᠷᠰᠢᠯᠲᠠ ᠶᠢᠨ ᠴᠡᠭ ᠪᠣᠯᠭᠠᠨ᠎ᠠ᠃ | ⒉ᠲᠥᠷᠥᠯ ᠵᠦᠢᠯ ᠢ ᠬᠡᠷᠡᠭᠵᠢᠭᠦᠯᠬᠦ ᠭᠤᠤᠯ ᠴᠤᠭᠴᠨ ᠠᠴᠠ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠥᠯ ᠲᠣᠭᠲᠠᠭᠠᠵᠤ᠂ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠬᠦ ᠶᠢᠨ ᠳᠠᠭᠠᠤ ᠬᠠᠲᠠᠭᠤ ᠵᠥᠬᠡᠯᠡᠨ ᠲᠤᠨᠤᠭ ᠤᠭᠰᠠᠷᠠᠵᠤ ᠲᠤᠷᠰᠢᠨᠡ᠃ | ⒊ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠶᠢ ᠳ᠋ᠦᠩᠨᠡᠵᠦ᠂ ᠳᠠᠷᠠᠭ᠎ᠠ ᠠᠯᠬᠤᠮ ᠤᠨ | ᠲᠥᠬᠦᠭᠡᠷᠦᠮᠵᠢ ᠶᠢ ᠤᠭᠰᠠᠷᠠᠵᠤ ᠲᠤᠷᠰᠢᠨᠡ᠃ | ︵ᠬᠤᠶᠠᠷ︶ ᠳᠡᠯᠭᠡᠷᠡᠭᠦᠯᠵᠦ ᠬᠡᠷᠡᠭᠯᠡᠬᠦ ᠱᠠᠲᠤ ︵6 ᠰᠠᠷ᠎ᠠ ᠶᠢᠨ 17 ᠤ ᠡᠳᠦᠷ ᠠᠴᠠ 7 ᠰᠠᠷ᠎ᠠ ᠶᠢᠨ 26 ᠤ | ᠡᠳᠦᠷ ᠬᠦᠷᠲᠡᠯ᠎ᠡ︶ | ⒈ᠲᠤᠷᠰᠢᠯᠲᠠ ᠶᠢᠨ ᠴᠡᠭ ᠪᠣᠯᠬᠤ ᠠᠵᠤ ᠠᠬᠤᠶᠢᠯᠠᠯ ᠳᠤ ︽ᠰᠦᠯᠵᠢᠶᠡᠨ ᠳᠡᠭᠡᠷᠡᠬᠢ ᠡᠵᠡᠩᠨᠡᠯᠲᠡ | ᠬᠠᠮᠢᠶᠠᠷᠤᠯᠲᠠ ᠶᠢᠨ ᠳᠠᠪᠴᠠᠩ︾ ᠢ ᠬᠡᠷᠡᠭᠯᠡᠬᠦ ᠶᠢᠨ ᠳᠠᠭᠠᠤ ᠬᠡᠷᠡᠭᠯᠡᠬᠦ ᠶᠠᠪᠤᠴᠠ ᠳᠠᠬᠢ ᠬᠦᠴᠢᠷ ᠠᠰᠠᠭᠤᠳᠠᠯ ᠢ | ᠬᠤᠷᠢᠶᠠᠩᠭᠤᠶᠢᠯᠠᠨ᠂ ᠪᠣᠳᠠᠲᠠᠢ ᠲᠠᠢ ᠪᠠᠨ ᠤᠶᠠᠯᠳᠤᠭᠤᠯᠵᠤ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠬᠤ | ᠲᠥᠰᠥᠯ ᠢ ᠲᠡᠭᠦᠯᠳᠡᠷᠵᠢᠭᠦᠯᠬᠦ ᠶᠢᠨ ᠳᠠᠭᠠᠤ᠂ ᠬᠤᠶᠠᠳᠤᠭᠠᠷ ᠪᠦᠯᠦᠭ ᠬᠡᠷᠡᠭᠵᠢᠭᠦᠯᠬᠦ ᠠᠵᠤ ᠠᠬᠤᠶᠢᠯᠠᠯ ᠤᠨ ᠨᠡᠷᠡᠰ ᠢ | ᠲᠣᠭᠲᠠᠭᠠᠵᠤ ᠬᠡᠷᠡᠭᠵᠢᠭᠦᠯᠦᠨ᠎ᠡ᠃ | ⒉ᠬᠡᠷᠡᠭᠯᠡᠬᠦ ᠲᠠᠯᠠᠪᠤᠷ ᠢ ᠵᠠᠰᠠᠵᠤ ᠴᠢᠮᠡᠨ᠂ ᠭᠡᠷ᠎ᠡ ᠶᠢ ᠳᠠᠩᠰᠠᠯᠠᠬᠤ ᠲᠥᠪ᠂ ᠡᠵᠡᠩᠨᠡᠯᠲᠡ ᠬᠠᠮᠢᠶᠠᠷᠤᠯᠲᠠ ᠶᠢᠨ | ᠳᠠᠪᠴᠠᠩ ᠤᠨ ᠲᠥᠪ ᠤᠨ ᠲᠦᠬᠦᠭᠡᠷᠣᠮᠵᠢ ᠶᠢ ᠬᠤᠳᠠᠯᠳᠤᠨ ᠠᠪᠴᠤ ᠤᠭᠰᠠᠷᠠᠨ᠎ᠠ᠃ | ⒊ᠭᠡᠷ᠎ᠡ ᠶᠢ ᠳᠠᠩᠰᠠᠯᠠᠬᠤ ᠳᠠᠪᠴᠠᠩ᠂ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠳᠠᠪᠴᠠᠩ ᠤᠨ | ᠲᠥᠬᠦᠭᠡᠷᠦᠮᠵᠢ ᠶᠢ ᠤᠭᠰᠠᠷᠠᠵᠤ ᠲᠤᠷᠰᠢᠨᠡ᠃ | ⒋ᠭᠡᠷ᠎ᠡ ᠶᠢ ᠳᠠᠩᠰᠠᠯᠠᠬᠤ ᠰᠢᠰᠲ᠋ᠧᠮ ᠪᠠ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠳᠠᠪᠴᠠᠩ ᠢ | ᠪᠦᠬᠦ ᠲᠠᠯ᠎ᠠ ᠪᠠᠷ ᠠᠵᠢᠯᠯᠠᠭᠤᠯᠤᠨ᠎ᠠ᠃ | ︵ᠭᠤᠷᠪᠡ︶ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ ︵7 ᠰᠠᠷ᠎ᠠ ᠶᠢᠨ 27 ᠤ ᠡᠳᠦᠷ ᠠᠴᠠ 9 ᠰᠠᠷ᠎ᠠ ᠶᠢᠨ | 24 ᠤ ᠡᠳᠦᠷ ᠬᠦᠷᠲᠡᠯ᠎ᠡ︶ | ᠳᠡᠭᠡᠷ᠎ᠡ ᠬᠤᠶᠠᠷ ᠱᠠᠲᠤᠨ ᠳᠠᠬᠢ ᠠᠵᠤ ᠠᠬᠤᠶᠢᠯᠠᠯ ᠤᠨ ᠬᠡᠷᠡᠭᠯᠡᠭᠰᠡᠨ ᠪᠠᠶᠢᠳᠠᠯ ᠢ ᠳ᠋ᠦᠩᠨᠡᠵᠦ᠂ ᠦᠷᠭᠦᠯᠵᠢᠯᠡᠨ | ᠰᠠᠶᠢᠵᠢᠷᠠᠭᠤᠯᠬᠤ ᠲᠥᠰᠥᠯ ᠭᠠᠷᠭᠠᠬᠤ ᠶᠢᠨ ᠳᠠᠭᠠᠤ ᠪᠦᠬᠦ ᠬᠤᠰᠢᠭᠤᠨ ᠤ ᠨᠡᠭᠦᠷᠡᠰᠦᠨ ᠠᠭᠤᠷᠬᠠᠢ᠂ ᠨᠡᠭᠦᠷᠡᠰᠦ | ᠰᠣᠩᠭᠤᠬᠤ᠂ ᠬᠢᠮᠢ ᠶᠢᠨ ᠦᠢᠯᠡᠳᠪᠦᠷᠢ ᠵᠡᠷᠭᠡ ᠲᠤᠮᠦ ᠬᠡᠯᠪᠡᠷᠢ ᠶᠢᠨ ᠠᠵᠤ ᠠᠬᠤᠶᠢᠯᠠᠯ ᠳᠤ ᠡᠬᠢᠨ ᠤ ᠲᠥᠬᠦᠭᠡᠷᠦᠮᠵᠢ | ᠪᠠ ︽ᠰᠦᠯᠵᠢᠶᠡᠨ ᠳᠡᠭᠡᠷᠡᠬᠢ ᠡᠵᠡᠩᠨᠡᠯᠲᠡ ᠬᠠᠮᠢᠶᠠᠷᠤᠯᠲᠠ ᠶᠢᠨ ᠳᠠᠪᠴᠠᠩ︾ ᠢ ᠪᠦᠷᠢᠳᠦᠭᠦᠯᠦᠨ᠂ ᠪᠦᠬᠦ | ᠬᠤᠰᠢᠭᠤᠨ ᠤ ᠠᠵᠤ ᠠᠬᠤᠶᠢᠯᠠᠯ ᠤᠨ ᠲᠣᠭᠠᠴᠢᠯᠠᠭᠰᠠᠨ ᠣᠶᠤᠨᠴᠢ ᠲᠤᠮᠦ ᠳ᠋ᠠᠶᠢᠲ᠋ᠠ ᠶᠢᠨ ᠳᠠᠪᠴᠠᠩ ᠢ ᠪᠠᠶᠢᠭᠤᠯᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠢ ᠪᠠᠲᠤᠯᠠᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠠᠬᠢᠭᠤᠯᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠦᠵᠡᠯ ᠰᠠᠨᠠᠭᠠᠨ ᠤ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ | ᠦᠢᠯᠡᠴᠢᠯᠡᠭᠡᠨ ᠤ ᠳᠠᠪᠴᠠᠩ ᠢ ᠪᠠᠶᠢᠭᠤᠯᠬᠤ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠨ᠂ ᠦᠢᠯᠡᠴᠢᠯᠡᠭᠡᠨ ᠤ | ᠳᠠᠪᠴᠠᠩ ᠢ ᠪᠠᠶᠢᠭᠤᠯᠬᠤ ᠪᠦᠬᠦ ᠶᠠᠪᠤᠴᠠ ᠶᠢ ᠰᠠᠶᠢᠨ ᠠᠳᠬᠤᠵᠤ᠂ ᠦᠢᠯᠡᠴᠢᠯᠡᠭᠡᠨ ᠤ ᠳᠠᠪᠴᠠᠩ ᠪᠠᠶᠢᠭᠤᠯᠵᠤ | ᠡᠵᠡᠩᠨᠡᠬᠦ ᠠᠵᠢᠯ ᠳᠠᠬᠢ ᠬᠦᠴᠢᠷ ᠠᠰᠠᠭᠤᠳᠠᠯ ᠢ ᠴᠠᠭ ᠳᠠᠷᠤᠢ ᠳᠤᠨᠢ ᠵᠣᠬᠢᠴᠠᠭᠤᠯᠵᠤ ᠰᠢᠢᠳᠪᠦᠷᠢᠯᠡᠨ᠎ᠡ᠃ | ︵ᠬᠤᠶᠠᠷ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠲᠥᠷᠥᠯ ᠵᠦᠢᠯ ᠢ | ᠬᠡᠷᠡᠭᠵᠢᠭᠦᠯᠬᠦ ᠭᠤᠤᠯ ᠴᠤᠭᠴᠨ ᠨᠢ ᠵᠠᠬ᠎ᠠ ᠳᠡᠯᠭᠡᠭᠦᠷ ᠤᠨ ᠳᠦᠷᠢᠮ ᠲᠣᠭᠲᠠᠭᠠᠯ ᠢ ᠵᠢᠷᠤᠮᠯᠠᠵᠤ᠂ ᠪᠦᠲᠦᠭᠡᠨ | ᠪᠠᠶᠢᠭᠤᠯᠬᠤ ᠶᠠᠪᠤᠴᠠ ᠶᠢ ᠵᠢᠷᠤᠮᠵᠢᠭᠤᠯᠤᠨ᠂ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠤᠬᠠᠮᠰᠠᠷ ᠠᠴᠠ ᠪᠠᠨ | ᠬᠢᠨᠠᠯᠲᠠ ᠶᠢ ᠬᠦᠯᠢᠶᠡᠨ᠎ᠡ᠃ ᠠᠵᠤ ᠠᠬᠤᠶᠢᠯᠠᠯ ᠪᠠ ᠵᠠᠰᠠᠭ ᠤᠨ ᠣᠷᠳᠣᠨ ᠠᠴᠠ ᠦᠢᠯᠡᠴᠢᠯᠡᠭᠡ ᠬᠠᠩᠭᠠᠬᠤ ᠶᠢᠨ | ᠳᠠᠭᠠᠤ ᠬᠡᠯᠪᠡᠷᠢ ᠪᠠᠨ ᠦᠭᠡᠷᠡᠳᠦᠭᠦᠯᠣᠨ ᠪᠦᠲᠦᠭᠡᠨ ᠪᠠᠶᠢᠭᠤᠯᠬᠤ ᠠᠭᠤᠯᠭ᠎ᠠ ᠨᠡᠮᠡᠵᠦ᠂ ᠠᠵᠤ ᠠᠬᠤᠶᠢᠯᠠᠯ ᠤᠨ | ᠳᠣᠲᠣᠭᠠᠳᠤᠬᠢ ᠬᠠᠮᠢᠶᠠᠷᠤᠯᠲᠠ ᠳᠤ ᠭᠠᠷ ᠲᠥᠷᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢ | ᠨᠥᠯᠥᠭᠡᠯᠡᠬᠦ ᠶᠢ ᠴᠡᠭᠡᠷᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠪᠠᠶᠢᠷᠢ ᠰᠠᠭᠤᠷᠢ ᠶᠢ ᠪᠠᠲᠤᠯᠠᠨ᠎ᠠ᠃ | ︵ᠭᠤᠷᠪᠡ︶ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠲᠥᠷᠥᠯ ᠵᠦᠢᠯ ᠢ | ᠬᠡᠷᠡᠭᠵᠢᠭᠦᠯᠬᠦ ᠭᠤᠤᠯ ᠴᠤᠭᠴᠨ ᠨᠢ ᠪᠠᠶᠢᠭᠤᠯᠭ᠎ᠠ ᠪᠠ ᠠᠵᠤ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠵᠤ᠂ | ᠪᠦᠲᠦᠭᠡᠨ ᠪᠠᠶᠢᠭᠤᠯᠬᠤ ᠲᠥᠰᠥᠯ ᠢ ᠨᠢᠮᠪᠡᠢ ᠨᠠᠶᠢᠷᠠᠭᠤᠯᠤᠨ᠂ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ | ᠳᠠᠪᠴᠠᠩ ᠢ ᠦᠨᠳᠤᠷ ᠪᠠᠷᠢᠮᠵᠢᠶ᠎ᠠ᠂ ᠰᠠᠶᠢᠨ ᠴᠢᠨᠠᠷ᠂ ᠦᠨᠳᠤᠷ ᠪᠦᠲᠦᠮᠵᠢᠲᠡᠢ ᠪᠠᠷ ᠪᠠᠶᠢᠭᠤᠯᠵᠤ᠂ ᠬᠤᠭᠤᠴᠠᠭ᠎ᠠ | ᠶᠣᠰᠣᠭᠠᠷ ᠬᠡᠪ ᠢᠶᠠᠷ ᠡᠷᠭᠢᠯᠳᠦᠭᠦᠯᠬᠦ ᠶᠢ ᠪᠠᠲᠤᠯᠠᠨ᠎ᠠ᠃ ᠡᠯ᠎ᠡ ᠪᠠᠶᠢᠭᠤᠯᠭ᠎ᠠ ᠨᠢ ᠠᠵᠤ ᠠᠬᠤᠶᠢᠯᠠᠯ ᠠᠴᠠ ᠲᠤᠰᠬᠠᠢ | ᠬᠥᠮᠥᠨ ᠢᠶᠠᠷ ᠲᠤᠰ ᠲᠥᠷᠥᠯ ᠵᠦᠢᠯ ᠢ ᠬᠠᠷᠢᠭᠤᠴᠠᠭᠤᠯᠬᠤ ᠶᠢ ᠱᠠᠭᠠᠷᠳᠠᠵᠤ᠂ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ | ᠂ ᠪᠦᠲᠦᠭᠡᠨ ᠪᠠᠶᠢᠭᠤᠯᠬᠤ ᠠᠬᠢᠴᠠ ᠶᠢ ᠪᠠᠲᠤᠯᠠᠨ᠎ᠠ᠃ | | | ᠬᠠᠭᠤᠯᠤᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠪᠠᠶᠢᠩᠭᠤ ᠶᠢᠨ | ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2021 ᠣᠨ ᠤ 5 ᠳ᠋ᠤᠭᠠᠷ | ᠰᠠᠷ᠎ᠠ ᠶᠢᠨ 12 ᠤᠨ ᠡᠳᠦᠷ ᠳᠠᠷᠤᠮᠠᠯᠯᠠᠨ ᠲᠠᠷᠬᠠᠭᠠᠪᠠ |