● ᠶᠠᠳᠠᠭᠤ ᠠᠴᠠ ᠠᠩᠭᠢᠵᠢᠷᠠᠭᠰᠠᠨ ᠰᠢᠶᠠᠨ ᠳᠤ ᠶᠠᠳᠠᠭᠤ ᠠᠴᠠ ᠠᠩᠭᠢᠵᠢᠷᠠᠭᠰᠠᠨ ᠡᠳᠦᠷ ᠠᠴᠠ ᠡᠬᠢᠯᠡᠨ 5 | ᠵᠢᠯ ᠤᠨ ᠰᠢᠯᠵᠢᠯᠲᠡ ᠶᠢᠨ ᠬᠤᠭᠤᠴᠠᠭ᠎ᠠ ᠲᠤᠬᠢᠷᠠᠭᠤᠯᠤᠨ᠎ᠠ᠃ ᠰᠢᠯᠵᠢᠯᠲᠡ ᠶᠢᠨ ᠬᠤᠭᠤᠴᠠᠭᠠᠨ ᠳᠤ ᠣᠲᠣ ᠶᠢᠨ | ᠬᠡᠷᠡᠭᠵᠢᠭᠦᠯᠵᠦ ᠪᠠᠶᠢᠭ᠎ᠠ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ | ᠲᠣᠭᠲᠠᠭᠤᠨ ᠪᠠᠶᠢᠯᠭᠠᠨ᠎ᠠ᠃ | ● ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠨᠢᠭᠡ ᠪᠦᠯᠦᠭ | ᠣᠷᠣᠨ ᠪᠦᠰᠡ ᠶᠢᠨ ᠴᠢᠨᠠᠷᠲᠠᠢ ᠪᠠ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ | ᠢᠨᠵᠧᠨᠧᠷᠢᠩ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠰᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ● ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠨᠥᠬᠦᠪᠥᠷᠢ ᠶᠢ | ᠲᠣᠭᠲᠠᠪᠤᠷᠢᠵᠢᠭᠤᠯᠤᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ | ᠲᠦᠷᠦ ᠶᠢᠨ ᠪᠤᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ | ● ᠦᠷ᠎ᠡ ᠪᠠ ᠡᠭᠦᠯᠳᠡᠷ ᠤᠨ ᠦᠢᠯᠡᠰ ᠢ ᠬᠦᠭᠵᠢᠭᠦᠯᠵᠦ᠂ ᠲᠠᠷᠢᠶᠠᠯᠠᠩ ᠤᠨ ᠦᠷ᠎ᠡ ᠡᠭᠦᠯᠳᠡᠷ ᠤᠨ ᠡᠬᠢ | ᠪᠠᠶᠠᠯᠢᠭ ᠢ ᠬᠠᠮᠠᠭᠠᠯᠠᠵᠤ ᠨᠡᠭᠡᠭᠡᠨ ᠠᠰᠢᠬᠯᠠᠬᠤ ᠶᠢ ᠴᠢᠩᠭᠠᠳᠬᠠᠨ᠎ᠠ᠃ ᠲᠠᠷᠢᠮᠠᠯ ᠪᠠ ᠮᠠᠯ ᠵᠢᠭᠦᠷᠲᠡᠨ ᠤ ᠰᠠᠶᠢᠨ | ᠡᠭᠦᠯᠳᠡᠷ ᠤᠨ ᠪᠣᠭᠤᠮᠲᠠ ᠰᠢᠪᠲᠤᠯᠤᠯᠳᠠ ᠶᠢ ᠭᠦᠨᠵᠡᠭᠡᠶ ᠬᠡᠷᠡᠭᠵᠢᠭᠦᠯᠵᠦ᠂ ᠰᠢᠨ᠎ᠡ ᠨᠢᠭᠡᠨ ᠡᠭᠡᠯᠵᠢ ᠶᠢᠨ ᠮᠠᠯ | ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠵᠢᠭᠦᠯᠭᠡ ᠪᠠ ᠤᠳᠤ ᠦᠶ᠎ᠡ ᠶᠢᠨ ᠦᠷ᠎ᠡ ᠪᠠ ᠡᠭᠦᠯᠳᠡᠷ ᠤᠨ | ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠦᠷ᠎ᠡ ᠪᠤᠶᠢᠵᠢᠭᠤᠯᠬᠤ ᠰᠠᠭᠤᠷᠢᠨ ᠭᠠᠵᠠᠷ ᠪᠣᠯᠤᠨ | ᠰᠠᠶᠢᠨ ᠡᠭᠦᠯᠳᠡᠷ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ●18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠭᠠᠵᠠᠷ | ᠰᠢᠷᠣᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠲᠥᠪ ᠪᠠ ᠣᠷᠣᠨ | ᠨᠤᠲᠤᠭ ᠤᠨ ᠬᠢᠨ ᠬᠠᠮᠲᠤᠪᠡᠷ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ 2021 ᠣᠨ ᠳᠤ | ᠭᠠᠩᠳᠠᠵᠤ ᠤᠰᠤᠲᠤᠬᠰᠠᠨ ᠴᠤ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ 1 | ᠳ᠋ᠦᠩᠰᠢᠭᠤᠷ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ | ● ᠣᠳᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠳᠡᠭᠡ | ᠲᠣᠰᠬᠤᠨ ᠤ ᠣᠨᠴᠠᠯᠢᠭᠲᠤ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠬᠦᠳᠡᠭᠡ ᠠᠵᠤ ᠠᠬᠤᠢ ᠶᠢᠨ ᠪᠦᠬᠦ | ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ 2025 ᠣᠨ ᠪᠣᠯᠬᠤ ᠳᠤ 500 ᠣᠷᠴᠢᠮ ᠤᠨ ᠬᠦᠳᠡᠭᠡ ᠠᠵᠤ | ᠠᠬᠤᠢ ᠶᠢᠨ ᠤᠳᠤᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ | ● ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ᠂ | ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ᠂ ᠬᠥᠳᠡᠭᠡ ᠲᠣᠰᠬᠤᠨ ᠤ ᠴᠡᠪᠡᠷ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠲᠤᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠬᠥᠭᠵᠢᠭᠦᠯᠬᠦ ᠢᠨᠵᠧᠨᠧᠷᠢᠩ᠂ ᠲᠤᠰᠬᠤᠨ ᠤ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ● ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ | ᠂ ᠬᠥᠳᠡᠭᠡ ᠲᠣᠰᠬᠤᠨ ᠢ ᠦᠷᠭᠦᠯᠵᠢᠯᠡᠨ ᠡᠩ ᠤᠨ ᠣᠯᠠᠨ ᠨᠡᠶᠢᠲᠡ ᠶᠢᠨ ᠲᠥᠰᠦᠪ ᠤᠨ ᠤᠷᠢᠳ ᠢᠶᠠᠷ ᠪᠠᠲᠤᠯᠠᠬᠤ | ᠬᠦᠷᠢᠶ᠎ᠡ ᠬᠡᠪᠴᠢᠶᠡᠨ ᠳᠤ ᠤᠷᠤᠭᠤᠯᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠥᠳᠡᠭᠡ | ᠲᠣᠰᠬᠤᠨ ᠲᠡᠶᠢᠰᠢ ᠤᠯᠠᠮ ᠨᠢᠭᠡ ᠠᠯᠬᠤᠮ ᠬᠡᠯᠪᠠᠶᠢᠯᠭᠡᠨ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠬᠤ ᠶᠢ ᠳᠡᠮᠵᠢᠨ᠎ᠡ᠃ | ● ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ | ᠠᠵᠢᠯ ᠤᠨ ᠲᠣᠭᠲᠠᠴᠠ ᠶᠢ ᠴᠢᠩᠭᠠᠳᠬᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ | ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠭᠰᠡᠨ᠂ ᠡᠴᠦᠰ ᠲᠤᠨᠢ ᠲᠤᠯᠲᠠᠯ᠎ᠠ ᠠᠳᠬᠤᠭᠰᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ |