︽ᠨᠠᠮ ᠤᠨ ᠲᠡᠤᠬᠡ ᠶᠢ ᠰᠤᠷᠤᠯᠴᠠᠵᠤ᠂ ᠨᠠᠮ ᠤᠨ ᠥᠭᠡ ᠶᠢ ᠰᠤᠨᠤᠰᠴᠤ᠂ ᠬᠥᠲᠡᠭᠡ ᠲᠤᠰᠬᠤᠨ ᠢ ᠬᠥᠭᠵᠢᠬᠦᠯᠤᠨ᠂ ᠬᠠᠮᠲᠤᠪᠡᠷ ᠪᠠᠶᠠᠵᠢᠶ᠎ᠠ︾ — ᠤᠲᠤᠭ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠤᠵᠢᠯ ᠤᠨ ︽ᠲᠡᠯ᠎ᠡ ᠨᠤᠲᠤᠭ ᠤᠨ ᠰᠤᠷᠤᠯᠴᠠᠯᠭ᠎ᠠ ᠶᠢᠨ ᠬᠥᠡᠭᠬᠡᠨ ᠮᠤᠷᠢᠲᠤ ᠴᠡᠷᠢᠭ︾ ᠤᠬᠠᠭᠤᠯᠤᠨ ᠲᠠᠶᠢᠯᠪᠤᠷᠢᠯᠠᠬᠤ ᠰᠠᠯᠪᠤᠷᠢ ᠠᠩᠬᠢ ᠶᠢᠨ ᠬᠢᠨ ᠴᠢ ᠫᠠᠨ ᠵᠢᠩ ᠳᠤ ᠬᠥᠷᠴᠠᠢ
ᠨᠡᠶᠢᠲᠡᠯᠡᠭᠰᠡᠨ ᠴᠠᠭ᠄
2021/5/7
     ᠨᠠᠮ ᠤᠨ ᠲᠡᠤᠭᠡ ᠶᠢᠨ ᠰᠤᠷᠤᠯᠴᠠᠯᠭ᠎ᠠ ᠬᠥᠮᠤᠵᠢᠯ ᠢ ᠰᠠᠶᠢᠲᠤᠷ ᠠᠳᠬᠤᠵᠤ᠂ ᠺᠠᠳ᠋ᠷ ᠠᠵᠢᠯᠲᠠᠨ ᠢ ᠬᠥᠲᠤᠯᠤᠨ ᠵᠢᠯᠤᠭᠤᠳᠴᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠰᠠᠳᠬᠢᠯᠭᠡ ᠶᠢ ᠨᠢ ᠵᠤᠵᠠᠭᠠᠳᠬᠠᠬᠤ ᠶᠢᠨ ᠲᠤᠰᠠᠲᠠ 4 ᠳ᠋ᠤᠭᠡᠷ ᠰᠠᠷ᠎ᠠ ᠶᠢᠨ 30 ᠤ ᠡᠲᠤᠷ ᠤᠨ ᠥᠲᠡ ᠶᠢᠨ ᠡᠮᠤᠨ᠎ᠡ ᠂ ᠤᠲᠤᠭ ᠬᠤᠰᠢᠭᠤᠨ ᠤ ᠨᠠᠮ ᠤᠨ ᠲᠡᠤᠭᠡ ᠶᠢᠨ ᠰᠤᠷᠤᠯᠴᠠᠯᠭ᠎ᠠ ᠬᠥᠮᠤᠵᠢᠯ ᠤᠨ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠡᠭᠭᠡᠨ ᠮᠤᠷᠢᠲᠤ ᠴᠡᠷᠢᠭ︾ ᠤᠬᠠᠭᠤᠯᠤᠨ ᠲᠡᠶᠢᠯᠪᠤᠷᠢᠯᠡᠬᠤ ᠰᠠᠯᠪᠤᠷᠢ ᠠᠩᠬᠢ ᠶᠢᠨ ᠬᠢᠨ ᠴᠢ ᠫᠠᠨ ᠵᠢᠩ ᠪᠠᠯᠭᠠᠰᠤᠨ ᠳᠤ ᠬᠥᠷᠴᠤ᠂ ᠪᠠᠯᠭᠠᠰᠤᠨ ᠤ ᠺᠠᠳ᠋ᠷ ᠠᠵᠢᠯᠲᠠᠳ ᠵᠢᠷᠭᠤᠲᠤᠭᠠᠷ ᠲᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯ ᠳᠤ ᠤᠷᠤᠯᠴᠠᠪᠠ᠃      ᠤᠬᠠᠭᠤᠯᠤᠨ ᠲᠠᠶᠢᠯᠪᠤᠷᠢᠯᠠᠬᠤ ᠬᠤᠷᠠᠯ ᠲᠡᠭᠡᠷ᠎ᠡ᠂ ᠬᠤᠰᠢᠭᠤᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ  ᠤᠨ ᠵᠥᠪᠯᠡᠯ ᠤᠨ ᠯᠧᠺᠲ᠋ᠤᠷ᠂ ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠡᠭᠬᠡᠨ ᠮᠤᠷᠢᠲᠤ ᠴᠡᠷᠢᠭ ᠤᠨ ᠰᠠᠯᠪᠤᠷᠢ ᠠᠩᠬᠢ ᠶᠢᠨ ᠯᠢ ᠵᠦ ᠵᠧᠩ ᠶᠠᠷᠤᠩᠬᠡᠢ ᠱᠥᠵᠢ ᠰᠢ ᠶᠢᠨ ᠫᠢᠩ ᠤᠨ ᠨᠠᠮ ᠤᠨ ᠲᠡᠤᠭᠡ ᠶᠢᠨ ᠰᠤᠷᠤᠯᠴᠠᠯᠭ᠎ᠠ ᠬᠥᠮᠤᠵᠢᠯ  ᠤᠨ ᠲᠤᠬᠠᠢ ᠴᠢᠬᠤᠯᠠ ᠥᠬᠦᠯᠡᠯᠲᠡ ᠶᠢ ᠲᠠᠭᠠᠭᠤᠯᠤᠨ ᠰᠤᠷᠤᠯᠴᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠤᠵᠢᠯ ᠢ ᠥᠷᠨᠢᠬᠦᠯᠬᠦ ᠴᠢᠬᠤᠯᠠ ᠶᠡᠭᠡ ᠠᠴᠢ ᠬᠤᠯᠪᠤᠭᠲᠠᠯ ᠢ ᠲᠤᠲᠤᠷᠬᠠᠶᠢᠯᠠᠨ ᠥᠬᠦᠯᠡᠪᠡ︔ ᠨᠠᠮ ᠤᠨ ᠲᠡᠤᠭᠡ  ᠶᠢᠨ ᠰᠤᠷᠤᠯᠴᠠᠭ᠎ᠠ ᠬᠥᠮᠤᠵᠢᠯ ᠢ ᠥᠷᠨᠢᠬᠦᠯᠬᠦ ᠳᠤ ᠡᠵᠡᠮᠰᠢᠬᠦ ᠴᠢᠬᠤᠯᠠᠲᠠᠢ ᠭᠤᠤᠯᠲᠠᠯᠭ᠎ᠠ ᠪᠠ ᠠᠭᠤᠯᠭ᠎ᠠ ᠶᠢ ᠲᠠᠨᠢᠯᠴᠠᠭᠤᠯᠵᠤ᠂ ᠨᠠᠮ ᠤᠨ ᠲᠡᠤᠭᠡ ᠶᠢᠨ ᠥᠨᠲᠤᠰᠤᠨ ᠵᠤᠬᠢᠶᠠᠯ ᠢ ᠨᠠᠷᠢᠨ ᠰᠤᠲᠤᠯᠤᠨ ᠤᠡᠭᠰᠢᠵᠤ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠡᠭᠭᠡᠷᠡᠯᠲᠡ ᠪᠠ ᠲᠡᠤᠭᠡᠲᠤ ᠴᠢᠨᠠᠷᠲᠠᠢ ᠬᠤᠪᠢ ᠨᠡᠮᠡᠷᠢ ᠶᠢ ᠥᠨᠡᠨᠬᠦ ᠤᠶᠢᠯᠠᠭᠠᠭᠤᠯᠵᠠᠢ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠪᠠᠶᠠᠯᠢᠭ᠂ ᠬᠥᠨᠵᠡᠭᠡᠢ ᠪᠥᠭᠡᠳ ᠤᠶᠢᠯᠠᠭᠠᠮᠵᠢᠲᠠᠢ ᠪᠠᠶᠢᠵᠤ᠂ ᠨᠤᠮ ᠰᠤᠲᠤᠷ ᠠᠴᠠ ᠡᠰᠢᠯᠡᠪᠡ᠃ ᠤᠯᠤᠰ ᠲᠥᠷᠥ ᠶᠢᠨ ᠥᠨᠲᠤᠷᠴᠡ ᠲᠠᠢ᠂ ᠤᠨᠤᠯ ᠨᠢ ᠬᠥᠨᠵᠡᠭᠡᠢ ᠪᠥᠭᠡᠳ ᠮᠠᠰᠢ ᠴᠢᠩᠭ᠎ᠠ ᠵᠢᠯᠤᠭᠤᠳᠬᠤ ᠴᠢᠨᠠᠷᠲᠠᠢ ᠪᠠᠶᠢᠵᠤ᠂ ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠨ ᠲᠤᠬᠠᠢ ᠶᠢᠨ ᠲᠠᠯᠠᠪᠡᠢ ᠶᠢᠨ ᠰᠤᠨᠤᠰᠤᠭᠴᠢᠳ ᠤᠨ ᠲᠤᠮᠲᠠᠲᠤ ᠤᠯᠤᠰ  ᠤᠨ ᠡᠪ ᠬᠠᠮᠲᠤ ᠨᠠᠮ ᠤᠨ ᠲᠠᠮᠠᠴᠡᠯ ᠤᠨ ᠥᠡᠭᠭᠡᠷᠡᠯᠲᠡ ᠶᠢᠨ ᠲᠤᠬᠠᠢ ᠤᠶᠢᠯᠠᠭᠠᠯᠲᠠ ᠪᠠ ᠲᠠᠨᠢᠯᠲᠠ ᠶᠢ ᠨᠡᠩ ᠠᠮᠢᠲᠤᠯᠢᠭ ᠪᠤᠯᠭᠠᠪᠠ᠃      ᠲᠤᠰ ᠤᠲᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠨᠠᠮ ᠤᠨ ᠲᠡᠤᠭᠡ ᠶᠢᠨ ᠰᠤᠷᠤᠯᠴᠠᠯᠭ᠎ᠠ ᠬᠥᠮᠤᠵᠢᠯ ᠤᠨ ᠬᠠᠨᠲᠤᠯᠭᠠᠲᠤ ᠴᠢᠨᠠᠷ ᠪᠠ ᠪᠥᠲᠤᠮᠵᠢᠲᠤ ᠴᠢᠨᠠᠷ ᠢ ᠴᠢᠩᠭᠠᠳᠬᠠᠵᠤ᠂ ᠥᠷᠭᠡᠨ ᠤᠯᠠᠨ ᠺᠠᠲᠠᠷ ᠠᠵᠢᠯᠲᠠᠨ ᠳᠤ ᠲᠤᠮᠲᠠᠲᠤ ᠤᠯᠤᠰ ᠤᠨ ᠡᠪ ᠬᠠᠮᠲᠤ ᠨᠠᠮ ᠶᠠᠭᠠᠬᠢᠭᠠᠳ ᠬᠤᠪᠢᠰᠬᠠᠯ ᠤᠨ ᠢᠯᠠᠯᠲᠠ ᠤᠯᠤᠭᠰᠠᠨ᠂ ᠮᠠᠷᠺᠰ ᠤᠨ ᠥᠵᠡᠯ ᠶᠠᠭᠠᠬᠢᠭᠠᠳ ᠶᠠᠪᠤᠭᠲᠠᠭᠤᠰᠢᠲᠠᠢ ᠪᠠᠶᠢᠲᠠᠭ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠵᠡᠷᠭᠡ ᠲᠠᠯ᠎ᠠ ᠪᠠᠷ ᠨᠡᠩ ᠬᠥᠨᠵᠡᠭᠡᠢ ᠤᠶᠢᠯᠠᠭᠠᠯᠲᠠ ᠲᠠᠢ ᠪᠤᠯᠵᠠᠢ᠃      ᠨᠠᠮ ᠤᠨ ᠲᠡᠤᠭᠡ ᠪᠤᠯ ᠮᠠᠨ ᠤ ᠨᠠᠮ ᠤᠨ ᠬᠥᠴᠢᠷ ᠪᠡᠷᠬᠡᠰᠢᠶᠡᠯ ᠢ ᠲᠤᠭᠤᠯᠵᠤ᠂ ᠰᠠᠯᠬᠢ ᠪᠤᠷᠤᠭᠠᠨ ᠢ ᠰᠥᠷᠤᠨ᠂ ᠤᠷᠲᠤ ᠬᠤᠭᠤᠴᠠᠭᠠᠨ ᠤ ᠬᠠᠶᠢᠨ ᠰᠥᠪᠡᠭᠴᠢᠯᠡᠯᠲᠡ ᠲᠤᠮᠲᠠ ᠬᠤᠷᠠᠮᠲᠤᠭᠤᠯᠤᠭᠰᠠᠨ ᠡᠷᠬᠢᠮ ᠨᠠᠨᠲᠢᠨ ᠤᠶᠤᠨ ᠰᠠᠨᠠᠭᠠᠨ ᠤ ᠥᠪ ᠬᠥᠷᠤᠩᠭᠡ ᠮᠥᠨ᠂ ᠡᠬᠦᠨ ᠳᠤ ᠰᠤᠷᠤᠭᠠᠳ ᠪᠠᠷᠠᠰᠢ ᠥᠭᠡᠢ᠂ ᠬᠡᠷᠡᠭᠯᠡᠭᠡᠳ ᠲᠠᠭᠤᠰᠤᠰᠢ ᠥᠭᠡᠢ ᠤᠶᠤᠨ ᠤᠬᠠᠭᠠᠨ ᠪᠠ ᠬᠥᠴᠤᠨ ᠴᠢᠲᠠᠯ ᠪᠤᠢ᠃ ᠬᠡᠷᠡᠯ ᠰᠠᠴᠤᠷᠠᠩᠭᠤᠢ ᠲᠠᠤᠭᠡ ᠶᠢ ᠡᠷᠬᠢᠴᠡᠬᠦᠯᠵᠤ᠂ ᠺᠠᠳ᠋ᠷ ᠠᠵᠢᠯᠲᠠᠨ ᠳᠤ ᠥᠵᠡᠯ ᠰᠠᠨᠠᠭᠠᠨ ᠤ ᠠᠤᠭ᠎ᠠ ᠬᠥᠴᠤᠨ ᠢ ᠤᠶᠢᠯᠠᠭᠠᠭᠤᠯᠬᠤ ᠶᠢ ᠵᠤᠷᠢᠭᠵᠢᠭᠤᠯᠤᠨ᠂ ᠬᠤᠪᠢᠰᠬᠠᠯ ᠤᠨ ᠵᠤᠷᠢᠭ ᠰᠠᠨᠠᠭ᠎ᠠ ᠶᠢ ᠪᠠᠲᠠᠷᠠᠭᠤᠯᠵᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠤᠨ᠂ ᠰᠤᠷᠤᠯᠴᠠᠯᠭ᠎ᠠ ᠪᠠᠷ ᠠᠵᠢᠯ  ᠢ ᠠᠬᠢᠭᠤᠯᠵᠠᠢ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠤᠷᠲᠤᠨ