ᠴᠢ ᠫᠠᠨ ᠵᠢᠩ ᠪᠠᠯᠭᠠᠰᠤᠨ ᠤ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶᠠᠨ  ᠤ ᠬᠢᠨ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠪᠠ
ᠨᠡᠶᠢᠲᠡᠯᠡᠭᠰᠡᠨ ᠴᠠᠭ᠄
2021/5/8
     ︽5.1︾ ᠤ ᠠᠮᠠᠷᠠᠯᠲᠠ ᠶᠢᠨ ᠬᠤᠭᠤᠴᠠᠭᠠᠨ ᠳᠤ ᠴᠢ ᠫᠠᠨ ᠵᠢᠩ ᠪᠠᠯᠭᠠᠰᠤᠨ ᠤ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶᠠᠨ ᠤ ᠬᠢᠨ ᠠᠮᠠᠷᠠᠬᠤ ᠥᠭᠡᠢ ᠬᠠᠤᠯᠢ ᠭᠡᠷᠡᠭᠵᠢᠬᠦᠯᠬᠦ ᠪᠠᠨ ᠲᠠᠰᠤᠯᠲᠠᠭᠤᠯᠬᠤ ᠥᠭᠡᠢ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠩ ᠤᠨ ᠡᠲᠤᠷ ᠤᠨ ᠬᠢ ᠠᠴᠠ ᠴᠤ ᠶᠠᠭᠠᠷᠠᠤ ᠠᠵᠢᠯᠯᠠᠨ᠂ ︽5.1︾ ᠤ ᠬᠤᠭᠤᠴᠠᠭᠠᠨ ᠳᠤ ᠪᠠᠯᠭᠠᠰᠤᠨ ᠤ ᠲᠤᠭᠤᠷᠢᠭ ᠲᠤ ᠴᠡᠪᠡᠷ ᠴᠡᠮᠴᠡᠭᠡᠷ᠂ ᠭᠤᠶᠤ ᠰᠠᠶᠢᠬᠠᠨ᠂ ᠡᠶ᠎ᠡ ᠵᠤᠬᠢᠴᠠᠯ ᠲᠠᠢ ᠡᠮᠬᠢ ᠵᠢᠷᠤᠮ ᠲᠠᠢ ᠤᠷᠴᠢᠨ ᠲᠤᠭᠤᠷᠢᠨ ᠢ ᠪᠤᠢ ᠪᠤᠯᠭᠠᠵᠠᠢ᠃      ᠪᠠᠶᠠᠷ ᠲᠤᠷᠠᠰᠬᠠᠯ ᠠᠮᠠᠷᠠᠯᠲᠠ ᠶᠢᠨ ᠡᠲᠤᠷ ᠪᠤᠯᠬᠤ ᠪᠥᠷᠢ ᠬᠤᠲᠠᠯᠲᠤᠭᠠᠴᠢᠳ ᠪᠠᠷᠠᠭ᠎ᠠ ᠪᠠᠨ ᠡᠷᠤᠢ ᠬᠤᠷᠤᠢ ᠥᠭᠡᠢ ᠲᠡᠯᠭᠡᠬᠦ ᠨᠢ ᠨᠡᠮᠡᠭᠲᠡᠵᠤ᠂ ᠵᠠᠪᠲᠤᠨ ᠪᠠᠶᠢᠭᠤᠯᠬᠤ ᠥᠵᠡᠭᠲᠡᠯ ᠴᠤ ᠤᠯᠠᠰᠢᠷᠠᠨ᠂ ᠬᠠᠤᠯᠢ ᠭᠡᠷᠡᠭᠵᠢᠬᠦᠯᠬᠦ ᠠᠵᠢᠯᠲᠠᠳ ᠤᠨ ᠬᠠᠤᠯᠢ ᠬᠡᠷᠡᠭᠵᠢᠬᠦᠯᠬᠦ ᠶᠠᠭᠠᠷᠠᠯᠲᠠᠢ ᠴᠠᠭ ᠥᠶ᠎ᠡ ᠶᠤᠮ᠃ ᠠᠮᠠᠷᠠᠯᠲᠠ ᠲᠠᠭᠤᠰᠲᠠᠯᠠᠬᠢ ᠡᠲᠤᠷ ᠲᠤᠲᠤᠮ ᠤᠨ ᠲᠤᠭᠤᠷᠢᠨ ᠪᠠᠶᠢᠴᠠᠭᠠᠯᠲᠠ ᠳᠤ᠂ 80 ᠭᠠᠷᠤᠢ ᠵᠠᠮ ᠡᠵᠡᠯᠡᠭᠰᠡᠨ ᠡᠵᠡᠩᠨᠡᠯᠲᠡ ᠶᠢᠨ ᠥᠢᠯᠡ ᠠᠵᠢᠯᠯᠠᠭ᠎ᠠ  ᠶᠢ ᠵᠠᠯᠠᠷᠠᠭᠤᠯᠵᠤ᠂ 80 ᠭᠠᠷᠤᠢ ᠬᠤᠲᠠᠯᠲᠤᠭᠠᠴᠢᠨ ᠡᠷᠤᠭᠡ ᠶᠢ ᠬᠥᠮᠤᠵᠢᠬᠦᠯᠤᠨ ᠵᠢᠯᠤᠭᠤᠳᠴᠤ᠂ ᠮᠠᠰᠢᠨ ᠤ ᠪᠤᠰᠤ ᠲᠡᠷᠭᠡ ᠶᠢ ᠲᠤᠷ᠎ᠠ ᠪᠠᠷ ᠢᠶᠠᠨ ᠵᠤᠭᠰᠤᠭᠠᠵᠤ ᠲᠤᠷ᠎ᠠ ᠪᠠᠷ ᠲᠠᠯᠪᠢᠭᠰᠠᠨ 40 ᠭᠠᠷᠤᠢ ᠠᠵᠢᠯᠯᠠᠭ᠎ᠠ ᠶᠢ ᠴᠡᠭᠴᠡᠯᠡᠨ ᠵᠠᠰᠠᠪᠠ᠃      ᠪᠠᠯᠭᠠᠰᠤᠨ ᠤ ᠲᠤᠭᠤᠷᠢᠭ ᠲᠤ ᠪᠠᠷᠢᠵᠤ ᠪᠠᠶᠢᠭ᠎ᠠ ᠭᠡᠷ ᠪᠠᠶᠢᠰᠢᠩ ᠵᠢᠴᠢ ᠲᠤᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠭᠤᠷᠪᠠᠨ ᠬᠡᠮᠵᠢᠯᠲᠤ ᠵᠡᠭᠡᠯᠢ ᠶᠢᠨ ᠪᠠᠶᠢᠰᠢᠩ ᠲᠤᠭᠤᠷᠢᠭ᠂ ᠬᠤᠶᠠᠲᠤᠭᠠᠷ ᠲᠤᠮᠲᠠᠲᠤ ᠰᠤᠷᠭᠠᠭᠤᠯᠢ ᠶᠢᠨ ᠪᠠᠶᠢᠰᠢᠩ ᠲᠤᠭᠤᠷᠢᠭ᠂ ᠲᠤᠮᠲᠠᠲᠤ ᠰᠤᠷᠭᠠᠭᠤᠯᠢ ᠶᠢᠨ ᠪᠠᠶᠢᠰᠢᠩ ᠲᠤᠭᠤᠷᠢᠭ ᠵᠡᠷᠭᠡ 5 ᠭᠠᠵᠠᠷ ᠲᠤ ᠵᠢᠭᠰᠠᠭᠠᠨ ᠪᠠᠶᠢᠴᠠᠭᠠᠯᠲᠠ ᠬᠢᠬᠦ ᠶᠢᠨ ᠬᠠᠮᠲᠤ ᠲᠤᠭᠲᠠᠭᠠᠯ ᠠᠴᠠ ᠵᠥᠷᠢᠴᠡᠨ ᠪᠠᠶᠢᠭᠤᠯᠤᠭᠰᠠᠨ 2 ᠭᠠᠵᠠᠷ ᠤᠨ ᠪᠠᠷᠢᠯᠭ᠎ᠠ ᠶᠢ ᠨᠢ ᠵᠤᠭᠰᠤᠭᠠᠪᠠ᠃      ᠪᠠᠯᠭᠠᠰᠤᠨ ᠤ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶᠠᠨ ᠤ ᠬᠢᠨ 24 ᠴᠠᠭ  ᠢᠶᠠᠷ ᠵᠢᠵᠢᠬᠦᠷᠯᠡᠨ ᠰᠠᠬᠢᠵᠤ᠂ ᠲᠤᠭᠤᠷᠢᠨ ᠪᠠᠶᠢᠴᠠᠭᠠᠬᠤ ᠡᠬᠦᠷᠭᠡ ᠬᠠᠷᠢᠭᠤᠴᠠᠯᠭ᠎ᠠ ᠪᠠᠨ ᠴᠢᠩᠭ᠎ᠠ ᠬᠥᠢᠴᠡᠳᠭᠡᠨ᠂ ᠡᠮᠤᠨ᠎ᠡ ᠹᠷᠤᠨᠲ ᠢ ᠪᠠᠲᠤ ᠰᠠᠬᠢᠵᠤ᠂ ᠪᠤᠯᠪᠠᠰᠤᠨ ᠢᠶᠠᠷ ᠬᠠᠤᠯᠢ ᠭᠡᠷᠡᠭᠵᠢᠬᠦᠯᠤᠨ᠂ ᠬᠠᠯᠠᠭᠤᠮᠰᠤᠭ ᠢᠶᠠᠷ ᠥᠢᠯᠡᠴᠢᠯᠡᠵᠤ ᠂ ᠬᠤᠲᠠ ᠶᠢᠨ ᠰᠠᠶᠢᠨ ᠬᠠᠮᠢᠶᠠᠷᠤᠭᠴᠢ ᠪᠤᠯᠵᠤ᠂ ᠪᠠᠯᠭᠠᠰᠤᠨ ᠤ ᠰᠠᠭᠤᠭᠠᠯᠢ ᠠᠷᠠᠳ ᠲᠤ ᠠᠷᠢᠭᠤᠨ ᠴᠡᠪᠡᠷ ᠠᠮᠢᠲᠤᠷᠠᠯ ᠤᠨ ᠤᠷᠴᠢᠨ ᠲᠤᠭᠤᠷᠢᠨ ᠢ ᠪᠤᠢ ᠪᠤᠯᠭᠠᠪᠠ᠃
ᠢᠷᠡᠯᠲᠡ᠄ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ