ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠳᠠᠷᠤᠶᠢᠬᠠᠨ ᠥᠷᠨᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2021/6/14
                 ᠣᠳᠤᠭ ᠵᠡᠰᠠᠭ ᠠᠯᠪᠡᠨ ᠲᠡᠷᠬᠠᠭᠠᠭᠰᠡᠨ ﹇2021﹈ 37 ᠳ᠋ᠤᠭᠠᠷ ᠲᠣᠭᠠᠳᠣ            ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠳᠠᠷᠤᠶᠢᠬᠠᠨ ᠥᠷᠨᠢᠭᠦᠯᠬᠦ ᠲᠤᠬᠠᠢ            ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠪᠠᠴᠢᠮ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤ ᠬᠤᠲᠠ ᠶᠢᠨ ᠰᠢᠭᠤᠳ ᠬᠠᠷᠢᠶ᠎ᠠ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      6 ᠰᠠᠷ᠎ᠠ ᠶᠢᠨ 13 ᠤ ᠡᠳᠦᠷ ᠤᠨ 6 ᠴᠠᠭ 40 ᠮᠢᠨᠦ᠋ᠲ ᠤᠨ ᠦᠶ᠎ᠡ ᠪᠠᠷ᠂ ᠬᠤᠪᠧᠢ ᠮᠤᠵᠢ ᠶᠢᠨ ᠱᠢ ᠶᠠᠠ ᠬᠤᠲᠠ ᠶᠢᠨ ᠵᠠᠩ ᠸᠠᠨ ᠲᠣᠭᠤᠷᠢᠭ ᠤᠨ ᠶᠠᠠ ᠬᠤ᠋ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠡᠭᠦᠰᠴᠦ᠂ ᠣᠯᠠᠨ ᠬᠦᠮᠥᠨ ᠠᠳᠡᠵᠦ ᠰᠢᠷᠬᠠᠲᠤᠪᠠ ᠃ 13 ᠤ ᠡᠳᠦᠷ ᠤᠨ 14 ᠴᠠᠭ ᠪᠣᠯᠲᠠᠯ᠎ᠠ᠂ 12 ᠬᠦᠮᠥᠨ ᠠᠳᠡᠵᠦ᠂ 138 ᠬᠦᠮᠥᠨ ᠰᠢᠷᠬᠠᠲᠤᠨ᠂ 37 ᠬᠦᠮᠥᠨ ᠬᠦᠨᠳᠦ ᠰᠢᠷᠬᠠᠲᠤᠵᠠᠢ᠃ ᠠᠳᠡᠯ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠦᠵᠡᠨ᠂ ᠶᠡᠷᠦᠩᠬᠡᠢ ᠱᠦᠵᠢ ᠰᠢ ᠶᠢᠨ ᠫᠢᠡᠭ ᠴᠢᠬᠤᠯᠠ ᠵᠢᠭᠠᠪᠤᠷᠢ ᠪᠠᠭᠤᠯᠭᠠᠵᠤ᠂ ᠰᠢᠷᠬᠠᠲᠤᠭᠰᠠᠳ ᠢ ᠪᠦᠬᠦ ᠬᠦᠴᠦᠨ ᠢᠶᠠᠷ ᠢᠶᠠᠨ ᠠᠪᠤᠷᠠᠨ᠂ ᠠᠳᠡᠵᠦ ᠰᠢᠷᠬᠠᠲᠤᠭᠰᠠᠨ ᠬᠦᠮᠦᠰ ᠤᠨ ᠲᠥᠷᠥᠯ ᠰᠠᠳᠤᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠰᠠᠶᠢᠨ ᠬᠢᠵᠦ᠂ ᠰᠢᠯᠲᠠᠭᠠᠨ ᠢ ᠲᠦᠷᠭᠡᠨ ᠪᠠᠶᠢᠴᠠᠭᠠᠵᠤ ᠲᠣᠳᠣᠯᠠᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠯᠤᠰ ᠲᠥᠷᠥ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠨᠠᠷᠢᠨ ᠪᠠᠶᠢᠴᠠᠭᠠᠨ᠂ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠬᠦ ᠶᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠴᠤᠬᠤᠯᠠᠪᠤᠷᠢ ᠪᠠᠭᠤᠯᠭᠠᠵᠤ᠂ ᠠᠶᠤᠯ ᠠᠴᠠ ᠠᠪᠤᠷᠠᠵᠤ ᠲᠤᠰᠠᠯᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ᠂ ᠬᠠᠮᠤᠭ ᠤᠨ ᠶᠡᠭᠡ ᠴᠢᠷᠮᠠᠶᠢᠯᠭ᠎ᠠ ᠪᠠᠷ ᠠᠳᠡᠯ ᠰᠢᠷᠬᠠᠲᠤᠯ ᠢ ᠪᠠᠭᠠᠰᠬᠠᠵᠤ ᠂ ᠭᠤᠣᠯᠳᠠᠯᠭᠠᠲᠤ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠳᠠᠯᠳᠠ ᠭᠡᠮ ᠢ ᠨᠠᠷᠢᠨ ᠪᠠᠶᠢᠴᠠᠭᠠᠬᠤ ᠠᠵᠢᠯ ᠢ ᠦᠨᠡᠨ ᠬᠦ ᠴᠢᠩᠭᠠᠳᠬᠠᠨ᠂ ᠣᠨᠴᠠ ᠬᠦᠨᠳᠦ ᠶᠡᠭᠡ ᠠᠳᠡᠯ ᠬᠡᠷᠡᠭ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃      ᠶᠡᠷᠦᠩᠬᠡᠢ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠪᠠ ᠶᠡᠷᠦᠩᠬᠡᠢ ᠰᠡᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠳᠠᠷᠤᠶᠢᠬᠠᠨ ᠲᠣᠭᠤᠰᠢᠯᠠᠭᠤᠯᠵᠦ ᠨᠠᠶᠢᠳᠠᠪᠤᠷᠢᠵᠢᠭᠤᠯᠤᠨ᠂ ᠠᠳᠡᠯ ᠬᠡᠷᠡᠭ ᠠᠴᠠ ᠭᠦᠨᠵᠡᠭᠡᠢ ᠰᠤᠷᠭᠠᠮᠵᠢ ᠠᠪᠴᠦ᠂ ᠨᠢᠭᠡ ᠠᠴᠠ ᠨᠥᠭᠦᠭᠡ ᠶᠢ ᠵᠦᠢᠴᠢᠯᠡᠵᠦ ᠮᠡᠳᠡᠨ᠂ ᠭᠤᠣᠯᠳᠠᠯᠭᠠᠲᠤ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠳᠡᠯ ᠬᠡᠷᠡᠭ ᠤᠨ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠬᠡᠷᠡᠭ ᠡᠭᠦᠰᠬᠦ ᠶᠢ ᠪᠦᠲᠦᠮᠵᠢᠲᠡᠢ ᠰᠡᠷᠭᠡᠶᠢᠯᠡᠨ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭᠠᠨ ᠤ ᠬᠤᠭᠤᠴᠠᠭᠠᠨ ᠳᠠᠬᠢ ᠪᠦᠬᠦ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ︽ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ ᠭᠤᠣᠯᠳᠠᠯᠭᠠᠲᠤ ᠬᠦᠷᠢᠶ᠎ᠡ ᠬᠡᠪᠴᠢᠶᠡᠨ ᠤ ᠲᠦᠭᠰᠢᠭᠦᠷᠢ ᠳᠠᠯᠳᠠ ᠭᠡᠮ ᠢ ᠳᠠᠷᠠᠭᠠᠯᠠᠨ ᠪᠠᠶᠢᠴᠠᠭᠠᠬᠤ ᠠᠵᠢᠯ ᠥᠷᠨᠢᠭᠦᠯᠬᠦ ᠲᠤᠬᠠᠢ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠪᠠᠴᠢᠮ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠤᠳᠤᠯᠤᠨ ᠶᠠᠷᠢᠯᠴᠠᠭᠠᠳ᠂ ᠪᠦᠬᠦ ᠬᠤᠰᠢᠭᠤᠨ ᠳᠤ ᠳᠠᠷᠤᠶᠢᠬᠠᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠪᠠᠷ ᠮᠡᠳᠡᠭᠳᠡᠶ᠎ᠡ᠄      ᠨᠢᠭᠡ᠂ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠨ ᠬᠢᠬᠦ ᠴᠢᠬᠤᠯᠠ ᠴᠢᠨᠠᠷ ᠤᠨ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠦᠨ᠎ᠡ      ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠬᠦᠷᠴᠦ ᠢᠷᠡᠬᠦ ᠭᠡᠵᠦ ᠪᠠᠶᠢᠭ᠎ᠠ ᠤᠴᠢᠷ ᠠᠴᠠ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠲᠣᠭᠲᠠᠭᠤᠨ ᠢ ᠪᠠᠲᠤᠯᠠᠬᠤ ᠪᠣᠯ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠪᠠ ᠡᠯ᠎ᠡ ᠠᠵᠦ ᠠᠬᠤᠶᠢᠯᠠᠯ ︽ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠴᠢᠩᠭᠠᠳᠬᠠᠬᠤ ᠲᠤᠬᠠᠢ ᠣᠲᠤᠭ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠠᠮᠤᠷ ᠲᠦᠪᠰᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭᠠᠨ ᠤ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠨ᠎ᠠ᠃      ᠬᠦᠷᠢᠶᠡᠯᠡᠩ ᠲᠣᠭᠤᠷᠢᠭ ᠪᠠ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ︽ᠲᠡᠷᠢᠭᠦᠨ ᠬᠠᠷᠢᠭᠤᠴᠠᠯᠭᠠᠲᠠᠨ︾ ᠬᠠᠷᠢᠶ᠎ᠠ ᠣᠷᠣᠨ ᠪᠠ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠤ ᠲᠤᠯᠭᠠᠷᠠᠵᠤ ᠪᠦᠬᠦᠢ ᠠᠮᠤᠷ ᠲᠦᠪᠰᠢᠨ ᠤ ᠣᠨᠴᠠᠯᠢᠭ ᠰᠢᠨᠵᠢ ᠶᠢ ᠣᠨᠣᠪᠴᠢᠲᠠᠢ ᠵᠠᠳᠠᠯᠵᠤ ᠮᠠᠭᠠᠳᠯᠠᠨ᠂ ᠲᠦᠭᠰᠢᠭᠦᠷᠢ ᠶᠢᠨ ᠳᠠᠯᠳᠠ ᠭᠡᠮ ᠢ ᠨᠡᠩ ᠭᠦᠢᠴᠡᠳ ᠪᠣᠳᠣᠯᠬᠢᠯᠠᠵᠤ᠂ ᠵᠠᠰᠠᠯᠲᠠ ᠬᠢᠬᠦ ᠠᠷᠭ᠎ᠠ ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠦᠨ᠂ ᠠᠶᠤᠯᠲᠠᠢ ᠬᠢᠮᠢ ᠶᠢᠨ ᠪᠣᠳᠠᠰ᠂ ᠨᠡᠭᠦᠷᠡᠰᠦ᠂ ᠵᠠᠮ ᠬᠠᠷᠢᠯᠴᠠᠭ᠎ᠠ᠂ ᠬᠦᠮᠥᠨ ᠠᠷᠪᠢᠨ ᠴᠤᠭᠯᠠᠷᠠᠭᠰᠠᠨ ᠲᠠᠯᠠᠪᠤᠷ ᠵᠡᠷᠭᠡ ᠭᠤᠣᠯᠳᠠᠯᠭᠠᠲᠤ ᠬᠦᠷᠢᠶ᠎ᠡ ᠬᠡᠪᠴᠢᠶᠡᠨ ᠤ ᠠᠮᠤᠷ ᠲᠦᠪᠰᠢᠨ ᠢ ᠲᠣᠪᠣᠶᠢᠯᠭᠠᠨ ᠴᠡᠭᠴᠡᠯᠡᠵᠦ᠂ ᠦᠢᠯᠡᠳᠪᠦᠷᠢᠯᠡᠯ ᠡᠵᠡᠩᠨᠡᠯᠲᠡ᠂ ᠣᠨᠴᠠᠭᠠᠢ ᠠᠵᠢᠯ ᠲᠥᠷᠥᠯ᠂ ᠭᠠᠳᠠᠨᠠᠬᠢ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭᠠᠲᠤ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠲᠣᠪᠣᠶᠢᠯᠭᠠᠨ᠂ ᠠᠮᠤᠷ ᠲᠦᠪᠰᠢᠨ ᠤ ᠲᠦᠭᠰᠢᠭᠦᠷᠢ ᠶᠢ ᠪᠦᠬᠦ ᠲᠠᠯ᠎ᠠ ᠪᠠᠷ ᠪᠠᠶᠢᠴᠠᠭᠠᠨ ᠬᠠᠮᠢᠶᠠᠷᠴᠤ᠂ ᠠᠳᠡᠯ ᠬᠡᠷᠡᠭ ᠤᠨ ᠳᠠᠯᠳᠠ ᠭᠡᠮ ᠢ ᠠᠷᠢᠯᠭᠠᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠢ ᠭᠤᠭᠴᠤᠭ᠎ᠠ ᠶᠢ ᠰᠢᠢᠳᠪᠦᠷᠢᠯᠡᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠨ᠂ ᠤᠷᠲᠤ ᠬᠤᠭᠤᠴᠠᠭ᠎ᠠ ᠪᠠᠷ ᠰᠡᠷᠡᠮᠵᠢᠯᠡᠭᠦᠯᠵᠦ᠂ ᠪᠠᠶᠢᠩᠭᠤ ᠴᠢᠩᠭ᠎ᠠ ᠠᠳᠬᠤᠨ᠎ᠠ᠃ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠶᠤᠯ ᠦᠭᠡᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠢᠩᠭ᠎ᠠ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠳᠠᠷᠤᠶᠢᠬᠠᠨ ᠥᠷᠨᠢᠭᠦᠯᠦᠨ᠂ ᠠᠮᠤᠷ ᠲᠦᠪᠰᠢᠨ ᠤ ᠲᠦᠭᠰᠢᠭᠦᠷᠢ ᠶᠢ ᠪᠦᠬᠦ ᠲᠠᠯ᠎ᠠ ᠪᠠᠷ ᠨᠠᠷᠢᠨ ᠪᠠᠶᠢᠴᠠᠭᠠᠵᠤ᠂ ᠠᠳᠡᠯ ᠬᠡᠷᠡᠭ ᠤᠨ ᠳᠠᠯᠳᠠ ᠭᠡᠮ ᠢ ᠠᠷᠢᠯᠭᠠᠨ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠠᠵᠦ ᠠᠬᠤᠶᠢᠯᠠᠯ ᠤᠨ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠦ ᠠᠬᠤᠶᠢᠯᠠᠯ ᠤᠨ ᠭᠤᠣᠯ ᠬᠠᠷᠢᠭᠤᠴᠠᠯᠭᠠᠲᠠᠨ ︵ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ︶ ᠢ ᠴᠢᠩᠭ᠎ᠠ ᠠᠳᠬᠤᠨ᠂ ᠠᠵᠦ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠮᠤᠷ ᠲᠦᠪᠰᠢᠨ ᠤ ᠬᠠᠮᠢᠶᠠᠷᠤᠯᠲᠠ᠂ ᠲᠣᠨᠤᠭ ᠲᠥᠬᠦᠭᠡᠷᠦᠮᠵᠢ᠂ ᠬᠠᠮᠢᠶᠠᠷᠤᠯᠲᠠ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠭᠤᠭᠴᠤᠭ᠎ᠠ ᠶᠢ ᠨᠠᠷᠢᠨ ᠪᠠᠶᠢᠴᠠᠭᠠᠬᠤ ᠶᠢ ᠱᠠᠭᠠᠷᠳᠠᠵᠤ᠂ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠬᠠᠮᠢᠶᠠᠷᠤᠨ᠂ ᠬᠠᠷᠢᠭᠤᠴᠠᠯᠭ᠎ᠠ ᠶᠢ ᠭᠤᠭᠴᠤᠭ᠎ᠠ᠂ ᠠᠵᠢᠯ ᠤᠨ ᠪᠠᠶᠢᠷᠢ ᠪᠠ ᠠᠵᠢᠯᠲᠠᠨ ᠨᠢᠭᠡᠪᠦᠷᠢ ᠳᠤ ᠨᠠᠶᠢᠳᠠᠪᠤᠷᠢᠵᠢᠭᠤᠯᠤᠨ᠎ᠠ᠃      ᠬᠤᠶᠠᠷ᠂ ᠰᠢᠲᠠᠮᠠᠬᠠᠢ ᠬᠡᠢ ᠶᠢᠨ ᠠᠵᠢᠯ ᠲᠥᠷᠥᠯ ᠤᠨ ᠲᠤᠰᠬᠠᠢ ᠴᠡᠭᠴᠡᠯᠡᠯᠲᠡ ᠶᠢ ᠳᠠᠷᠤᠶᠢᠬᠠᠨ ᠥᠷᠨᠢᠭᠦᠯᠦᠨ᠎ᠡ      ᠪᠦᠬᠦ ᠬᠤᠰᠢᠭᠤᠨ ᠳᠤ ᠪᠠᠶᠢᠭᠠᠯᠢ ᠶᠢᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ︵ᠥᠨᠳᠥᠷ ᠳᠠᠷᠤᠯᠲᠠᠲᠤ ᠬᠤᠭᠤᠯᠠᠢ︶᠂ ᠬᠤᠲᠠ ᠪᠠᠯᠭᠠᠰᠤᠨ ᠤ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ᠂    ᠰᠢᠩᠭᠡᠵᠢᠭᠦᠯᠦᠭᠰᠡᠨ ᠬᠡᠢ ᠶᠢᠨ ᠰᠠᠪᠠ ︵ᠰᠠᠪᠠᠯᠠᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ︶ ᠵᠡᠷᠭᠡ ᠠᠮᠤᠷ ᠲᠦᠪᠰᠢᠨ ᠤ ᠳᠠᠯᠳᠠ ᠭᠡᠮ ᠤᠨ ᠪᠠᠶᠢᠴᠠᠭᠠᠯᠲᠠ ᠴᠡᠭᠴᠡᠯᠡᠯᠲᠡ ᠶᠢ ᠳᠠᠷᠤᠶᠢᠬᠠᠨ ᠥᠷᠨᠢᠭᠦᠯᠵᠦ᠂ ᠳᠠᠯᠳᠠ ᠭᠡᠮ ᠢ ᠦᠨᠳᠦᠰᠦ ᠠᠴᠠ ᠨᠢ ᠠᠷᠢᠯᠭᠠᠨ᠂ ᠠᠮᠤᠷ ᠲᠦᠪᠰᠢᠨ ᠢ ᠪᠠᠲᠤᠯᠠᠨ᠎ᠠ᠃ ᠢᠳᠡᠭᠡᠨ ᠤᠮᠳᠠᠭᠠᠨ ᠪᠠᠭᠤᠳᠠᠯ ᠵᠡᠷᠭᠡ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠤᠨ ᠰᠢᠲᠠᠮᠠᠬᠠᠢ ᠬᠡᠢ ᠬᠡᠷᠡᠭᠯᠡᠬᠦ ᠬᠡᠷᠡᠭᠰᠡᠯ᠂ ᠵᠠᠯᠭᠠᠬᠤ ᠵᠥᠭᠡᠯᠡᠨ ᠬᠤᠭᠤᠯᠠᠢ᠂ ᠳᠠᠷᠤᠯᠲᠠ ᠪᠠᠭᠠᠰᠬᠠᠬᠤ ᠨᠡᠭᠡᠯᠡᠬᠡᠢ ᠪᠠ ᠰᠢᠲᠠᠮᠠᠬᠠᠢ ᠬᠡᠢ ᠵᠠᠳᠠᠷᠠᠬᠤ ᠶᠢ ᠮᠡᠳᠡᠭᠡᠯᠡᠬᠦ ᠲᠣᠨᠣᠭᠯᠠᠯ ᠵᠡᠷᠭᠡ ᠠᠮᠤᠷ ᠲᠦᠪᠰᠢᠨ ᠤ ᠳᠠᠯᠳᠠ ᠭᠡᠮ ᠢ ᠨᠠᠷᠢᠨ ᠪᠠᠶᠢᠴᠠᠭᠠᠵᠤ ᠴᠡᠭᠴᠡᠯᠡᠨ᠂ ᠰᠠᠪᠠᠨ ᠳᠤ ᠰᠠᠪᠠᠯᠠᠭᠰᠠᠨ ᠰᠢᠩᠭᠡᠨ ᠬᠡᠢ ᠶᠢ ᠬᠠᠤᠯᠢ ᠪᠤᠰᠤ ᠪᠠᠷ ᠬᠠᠳᠠᠭᠠᠯᠠᠬᠤ᠂ ᠲᠡᠭᠡᠭᠡᠪᠦᠷᠢᠯᠡᠬᠦ᠂ ᠨᠥᠬᠦᠵᠦ ᠰᠠᠪᠠᠯᠠᠬᠤ ᠵᠡᠷᠭᠡ ᠠᠵᠢᠯᠯᠠᠭ᠎ᠠ ᠵᠢᠴᠢ ᠳᠤᠷ᠎ᠠ ᠪᠠᠷ ᠢᠶᠠᠨ ᠵᠠᠳᠠᠯᠬᠤ᠂ ᠥᠭᠡᠷᠡᠴᠢᠯᠡᠬᠦ᠂ ᠰᠢᠯᠵᠢᠭᠦᠯᠬᠦ᠂ ᠰᠢᠲᠠᠮᠠᠬᠠᠢ ᠬᠡᠢ ᠶᠢᠨ ᠲᠥᠬᠦᠭᠡᠷᠦᠮᠵᠢ ᠪᠠ ᠬᠡᠷᠡᠭᠰᠡᠯ ᠢ ᠨᠢᠭᠤᠴᠠ ᠪᠠᠷ ᠪᠤᠯᠠᠬᠤ ᠵᠡᠷᠭᠡ ᠠᠰᠠᠭᠤᠳᠠᠯ ᠢ ᠴᠡᠭᠴᠡᠯᠡᠨ᠎ᠡ᠃ ᠴᠢᠯᠠᠭᠤᠨ ᠲᠣᠰᠣ ᠰᠢᠲᠠᠮᠠᠬᠠᠢ ᠬᠡᠢ ᠶᠢ ᠳᠠᠮᠵᠢᠭᠤᠯᠬᠤ ᠬᠤᠭᠤᠯᠠᠢ ᠳᠠᠷᠤᠬᠤ᠂ ᠰᠣᠯᠪᠢᠴᠠᠭᠤᠯᠤᠨ ᠳᠡᠯᠭᠡᠬᠦ᠂ ᠬᠤᠭᠤᠷᠣᠨᠳᠤᠬᠢ ᠵᠠᠢ ᠨᠢ ᠣᠶᠢᠷᠠᠬᠠᠨ ᠪᠠᠶᠢᠬᠤ ᠵᠡᠷᠭᠡ ᠳᠠᠯᠳᠠ ᠭᠡᠮ ᠢ ᠨᠠᠷᠢᠨ ᠪᠠᠶᠢᠴᠠᠭᠠᠵᠤ᠂ ᠳᠠᠯᠳᠠ ᠭᠡᠮ ᠢ ᠴᠢᠩᠭ᠎ᠠ ᠪᠠᠶᠢᠴᠠᠭᠠᠵᠤ ᠴᠡᠭᠴᠡᠯᠡᠨ᠎ᠡ᠃ ᠬᠤᠭᠤᠯᠠᠢ ᠲᠣᠣᠷ ᠤᠨ ᠲᠦᠭᠰᠢᠭᠦᠷᠢ ᠶᠡᠭᠡ ᠣᠷᠣᠨ᠂ ᠣᠨᠴᠠᠭᠠᠶᠢᠯᠠᠨ ᠬᠦᠮᠥᠨ ᠠᠷᠪᠢᠨ ᠴᠤᠭᠯᠠᠷᠠᠳᠠᠭ ᠲᠦᠭᠰᠢᠭᠦᠷᠢᠲᠡᠢ ᠣᠷᠣᠨ ᠤ ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠬᠤᠭᠤᠯᠠᠢ ᠶᠢ ᠴᠠᠭᠳᠠᠨ ᠪᠠᠶᠢᠴᠠᠭᠠᠬᠤ ᠪᠠ ᠣᠶᠢᠷ᠎ᠠ ᠬᠠᠪᠢ ᠶᠢᠨ ᠭᠤᠷᠪᠠᠳᠠᠬᠢ ᠲᠠᠯ᠎ᠠ ᠶᠢᠨ ᠪᠠᠷᠢᠯᠭ᠎ᠠ ᠶᠢᠨ ᠠᠬᠤᠢ ᠲᠠᠯᠠᠪᠠᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠠᠤᠯᠢ ᠲᠣᠭᠲᠠᠭᠠᠯ ᠵᠥᠷᠢᠴᠡᠵᠦ ᠪᠠᠷᠢᠯᠭ᠎ᠠ ᠪᠠᠷᠢᠨ ᠬᠤᠭᠤᠯᠠᠢ ᠲᠣᠣᠷ ᠤᠨ ᠠᠮᠤᠷ ᠲᠦᠪᠰᠢᠨ ᠢ ᠨᠥᠯᠥᠭᠡᠯᠡᠬᠦ ᠶᠢ ᠴᠢᠩᠭ᠎ᠠ ᠰᠡᠷᠭᠡᠶᠢᠯᠡᠨ᠎ᠡ᠃ ᠬᠤᠭᠤᠯᠠᠢ ᠶᠢᠨ ᠣᠶᠢᠷ᠎ᠠ ᠬᠠᠪᠢ ᠪᠠᠷ ᠬᠢ ᠭᠤᠯᠭᠤᠭ᠎ᠠ ᠪᠡᠯ᠂ ᠴᠥᠮᠥᠷᠡᠯ ᠵᠡᠷᠭᠡ ᠭᠠᠵᠠᠷ ᠰᠢᠨᠵᠢᠯᠡᠭᠡᠨ ᠤ ᠭᠠᠮᠰᠢᠭ ᠢ ᠪᠠᠶᠢᠴᠠᠭᠠᠨ ᠴᠡᠭᠴᠡᠯᠡᠵᠦ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠰᠢᠲᠠᠮᠠᠬᠠᠢ ᠬᠡᠢ ᠶᠢᠨ ᠬᠦᠷᠢᠶ᠎ᠡ ᠬᠡᠪᠴᠢᠶᠡᠨ ᠳᠠᠬᠢ ᠦᠨᠡᠮᠯᠡᠯ ᠦᠭᠡᠢ ᠪᠠᠷ ᠡᠵᠡᠩᠨᠡᠯᠲᠡ ᠬᠢᠭᠰᠡᠨ᠂ ᠦᠨᠡᠮᠯᠡᠯ ᠦᠭᠡᠢ ᠪᠠᠷ ᠪᠣᠯᠣᠳ ᠯᠣᠩᠬᠤ ᠲᠡᠭᠡᠭᠡᠪᠦᠷᠢᠯᠡᠭᠰᠡᠨ᠂ ︽ᠦᠨᠡᠮᠯᠡᠯ ᠦᠭᠡᠢ ᠪᠠᠷ ᠬᠡᠢ ᠰᠠᠪᠠᠯᠠᠬᠤ ᠥᠷᠲᠡᠭᠡ ᠴᠡᠭ ᠭᠠᠷᠭᠠᠭᠰᠠᠨ︾ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃ ᠰᠢᠲᠠᠮᠠᠬᠠᠢ ᠬᠡᠢ ᠶᠢᠨ ᠥᠷᠲᠡᠭᠡ᠂ ᠮᠠᠰᠢᠨ ᠲᠡᠷᠭᠡᠨ ᠤ ᠲᠣᠰᠣ ᠨᠡᠮᠡᠬᠦ ᠥᠷᠲᠡᠭᠡ᠂ ᠬᠤᠳᠠᠯᠳᠤᠭᠠᠨ ᠤ ᠬᠡᠷᠡᠭᠯᠡᠭᠴᠢᠳ ᠤᠨ ᠰᠢᠲᠠᠮᠠᠬᠠᠢ ᠬᠡᠢ ᠶᠢᠨ ᠲᠥᠬᠦᠭᠡᠷᠦᠮᠵᠢ᠂ ᠰᠢᠲᠠᠮᠠᠬᠠᠢ ᠬᠡᠢ ᠶᠢᠨ ᠠᠵᠦ ᠠᠬᠤᠶᠢᠯᠠᠯ ᠤᠨ ᠠᠯᠪᠠᠯᠠᠬᠤ ᠠᠰᠠᠷ᠂ ᠡᠵᠡᠩᠨᠡᠯᠲᠡ ᠶᠢᠨ ᠦᠢᠯᠡᠴᠢᠯᠡᠭᠡᠨ ᠤ ᠰᠦᠯᠵᠢᠶᠡᠨ ᠤ ᠴᠡᠭ᠂ ᠰᠢᠩᠭᠡᠵᠢᠭᠦᠯᠦᠭᠰᠡᠨ ᠴᠢᠯᠭᠠᠤᠨ ᠲᠣᠰᠣ ᠰᠢᠲᠠᠮᠠᠬᠠᠢ ᠬᠡᠢ ᠶᠢ ᠬᠠᠳᠠᠭᠠᠯᠠᠵᠤ ᠲᠥᠭᠡᠭᠡᠬᠦ ᠥᠷᠲᠡᠭᠡ᠂ ᠬᠠᠩᠭᠠᠯᠭ᠎ᠠ ᠶᠢᠨ ᠴᠡᠭ ᠵᠡᠷᠭᠡ ᠲᠠᠯᠠᠪᠤᠷ ᠢ ᠵᠢᠷᠤᠮᠵᠢᠭᠤᠯᠵᠤ ᠪᠠᠶᠢᠩᠭᠤᠵᠢᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠰᠢᠲᠠᠮᠠᠬᠠᠢ ᠬᠡᠢ ᠶᠢᠨ ᠠᠵᠦ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠭᠠᠷᠳᠠᠨ᠂ ᠭᠤᠣᠯᠳᠠᠯᠭᠠᠲᠤ ᠲᠠᠯᠠᠪᠤᠷ᠂ ᠭᠤᠣᠯᠳᠠᠯᠭᠠᠲᠤ ᠣᠷᠣᠨ ᠪᠠᠶᠢᠷᠢ ᠶᠢ ᠡᠳᠦᠷ ᠪᠣᠯᠭᠠᠨ ᠲᠣᠭᠤᠷᠢᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ ᠢ ᠢᠯᠡᠷᠡᠭᠦᠯᠪᠡᠯ ᠳᠠᠷᠤᠶᠢᠬᠠᠨ ᠴᠡᠭᠴᠡᠯᠡᠨ᠎ᠡ᠃ ᠰᠢᠲᠠᠮᠠᠬᠠᠢ ᠬᠡᠢ ᠶᠢᠨ ᠠᠮᠤᠷ ᠲᠦᠪᠰᠢᠨ ᠤ ᠮᠡᠳᠡᠯᠭᠡ ᠶᠢ ᠰᠠᠶᠢᠲᠤᠷ ᠤᠬᠠᠭᠤᠯᠵᠤ᠂ ᠪᠦᠬᠦ ᠠᠷᠠᠳ ᠤᠨ ᠠᠮᠤᠷ ᠲᠦᠪᠰᠢᠨ ᠢᠶᠠᠷ ᠬᠡᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠷᠪᠠ᠂ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠦᠨ᠎ᠡ      ︽ᠪᠦᠬᠦᠨ ᠢ ᠬᠠᠮᠤᠷᠤᠨ᠂ ᠢᠯᠳᠠᠷ ᠬᠠᠶᠠᠬᠤ ᠦᠭᠡᠢ ᠪᠠᠶᠢᠵᠦ᠂ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠪᠣᠳᠠᠲᠤ ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠵᠤ᠂ ᠥᠨᠥᠳᠥᠷ ᠠᠴᠠ ᠡᠬᠢᠯᠡᠨ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠰᠢᠭᠤᠨ ᠳᠤ ᠠᠶᠤᠯ ᠦᠭᠡᠢ ᠦᠢᠯᠡᠳᠪᠦᠷᠢᠯᠡᠯ ᠢ ᠲᠥᠪᠯᠡᠷᠡᠭᠦᠯᠦᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠵᠦ᠂ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ ᠡᠭᠦᠰᠬᠦ ᠶᠢ ᠡᠷᠡᠰ ᠰᠡᠷᠭᠡᠶᠢᠯᠡᠵᠦ ᠬᠤᠷᠢᠭᠯᠠᠨ᠎ᠠ᠃      ︵ᠨᠢᠭᠡ︶ ᠪᠠᠶᠢᠴᠠᠭᠠᠬᠤ ᠬᠦᠷᠢᠶ᠎ᠡ ᠬᠡᠪᠴᠢᠶ᠎ᠡ᠃ ᠲᠤᠰ ᠤᠳᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠳᠤ ᠪᠦᠬᠦ ᠬᠤᠰᠢᠭᠤᠨ ᠤ ᠪᠣᠢ ᠪᠦᠬᠦᠢ ᠭᠠᠵᠠᠷ ᠣᠷᠣᠨ᠂ ᠠᠵᠢᠯ ᠲᠥᠷᠥᠯ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠠ ᠬᠦᠮᠥᠨ ᠠᠷᠪᠢᠨ ᠴᠤᠭᠯᠠᠷᠠᠭᠰᠠᠨ ᠲᠠᠯᠠᠪᠤᠷ ᠢ ᠪᠠᠶᠢᠴᠠᠭᠠᠨ᠎ᠠ᠃ ᠨᠡᠭᠦᠷᠡᠰᠦ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ᠂ ᠵᠠᠮ ᠲᠡᠭᠡᠭᠡᠪᠦᠷᠢ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠲᠡᠮᠦᠷᠯᠢᠭ ᠬᠠᠶᠢᠯᠤᠭᠤᠯᠬᠤ ᠦᠢᠯᠡᠳᠪᠦᠷᠢ ᠠᠷᠠᠯᠵᠢᠶ᠎ᠠ᠂ ᠭᠠᠯ ᠤᠨᠲᠠᠷᠠᠭᠠᠬᠤ ᠠᠷᠠᠳ ᠤᠨ ᠳᠡᠯᠪᠡᠴᠢᠯᠲᠡ᠂ ᠣᠨᠴᠠᠭᠠᠢ ᠲᠥᠷᠥᠯ ᠤᠨ ᠲᠣᠨᠤᠭ ᠲᠥᠬᠦᠭᠡᠷᠦᠮᠵᠢ᠂ ᠠᠷᠠᠯᠵᠢᠶ᠎ᠠ ᠬᠤᠳᠠᠯᠳᠤᠭᠠᠨ ᠤ ᠭᠦᠢᠯᠬᠡᠬᠡ᠂ ᠰᠣᠶᠣᠯ ᠵᠢᠭᠤᠯᠴᠢᠯᠠᠯ ᠵᠡᠷᠭᠡ ᠭᠤᠣᠯᠳᠠᠯᠭᠠᠲᠤ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠲᠣᠪᠣᠶᠢᠯᠭᠠᠨ᠎ᠠ︔ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠣᠨᠴᠠᠯᠢᠭ ᠪᠠ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠪᠦᠲᠦᠭᠡᠨ ᠪᠠᠶᠢᠭᠤᠯᠤᠯᠲᠠ ᠶᠢᠨ ᠶᠠᠭᠠᠷᠠᠯᠲᠠᠢ ᠴᠠᠭ ᠪᠣᠯᠵᠤ ᠪᠠᠶᠢᠭ᠎ᠠ᠂ ᠬᠢᠮᠢ ᠶᠢᠨ ᠪᠦᠲᠦᠭᠡᠭᠳᠡᠬᠦᠨ ᠤ ᠦᠨ᠎ᠡ ᠬᠠᠩᠰᠢ ᠥᠰᠴᠦ ᠪᠠᠶᠢᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠶᠠᠭᠠᠷᠠᠯᠲᠠᠢ ᠪᠠᠶᠢᠭ᠎ᠠ᠂ ᠡᠨᠧᠷᠭᠢ ᠶᠢᠨ ᠬᠤᠷᠣᠭᠳᠠᠯ ᠤᠨ ︽ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ︾ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠠᠪᠴᠢᠷᠠᠭᠰᠠᠨ ᠥᠷᠢᠰᠦᠯᠳᠦᠭᠡᠨ ᠪᠠ ᠳᠠᠷᠤᠯᠲᠠ ᠶᠢ ᠲᠣᠪᠣᠶᠢᠯᠭᠠᠨ᠎ᠠ︔ ᠠᠮᠠᠷᠬᠠᠨ ᠤᠮᠳᠤᠭᠠᠶᠢᠯᠠᠭᠳᠠᠬᠤ ᠪᠥᠭᠡᠳ ᠠᠳᠡᠯ ᠬᠡᠷᠡᠭ ᠣᠯᠠᠨ ᠭᠠᠷᠳᠠᠭ ᠭᠤᠣᠯᠳᠠᠯᠭᠠᠲᠤ ᠠᠵᠢᠯ ᠲᠥᠷᠥᠯ᠂ ᠲᠠᠯᠠᠪᠤᠷ᠂ ᠴᠢᠬᠤᠯᠠ ᠣᠷᠣᠨ ᠪᠠᠶᠢᠷᠢ ᠪᠠ ᠵᠠᠩᠭᠢᠯᠠᠭ᠎ᠠ ᠶᠢᠨ ᠭᠤᠭᠴᠣᠭᠠᠨ ᠤ ᠪᠠᠶᠢᠴᠠᠭᠠᠯᠲᠠ ᠶᠢ ᠲᠣᠪᠣᠶᠢᠯᠭᠠᠨ᠎ᠠ᠃      ︵ᠬᠤᠶᠠᠷ︶ ᠪᠠᠶᠢᠴᠠᠭᠠᠬᠤ ᠠᠭᠤᠯᠭ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠡᠮᠦᠨ᠎ᠡ ᠨᠢᠭᠡ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠪᠠᠷ ᠡᠯ᠎ᠡ ᠲᠥᠷᠥᠯ ᠤᠨ ᠠᠰᠠᠭᠤᠳᠠᠯ ᠤᠨ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠰᠠᠭᠤᠷᠢᠨ ᠳᠡᠭᠡᠷ᠎ᠡ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠥᠷᠨᠢᠭᠦᠯᠵᠦ ᠪᠠᠶᠢᠭ᠎ᠠ ᠡᠨᠡ ᠬᠦ ᠴᠢᠬᠤᠯᠠ ᠴᠠᠭ ᠬᠤᠭᠤᠴᠠᠭᠠᠨ ᠳᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠲᠥᠷᠥᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠡᠰ ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠪᠠᠶᠢᠴᠠᠭᠠᠬᠤ ᠠᠭᠤᠯᠭ᠎ᠠ᠄ ᠶᠡᠷᠦᠩᠬᠡᠢ ᠱᠦᠵᠢ ᠰᠢ ᠶᠢᠨ ᠫᠢᠡᠭ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠦᠬᠦᠯᠡᠯᠲᠡ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠢ ᠪᠠᠶᠢᠴᠠᠭᠠᠵᠤ ᠳᠠᠶᠢᠴᠢᠯᠠᠨ ᠪᠠᠶᠢᠷᠢᠯᠠᠭᠤᠯᠤᠭᠰᠠᠨ ᠪᠠᠶᠢᠳᠠᠯ︔ ᠠᠮᠤᠷ ᠲᠦᠪᠰᠢᠨ ᠤ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ︔ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠪᠠᠶᠢᠴᠠᠭᠠᠯᠲᠠ ᠪᠠᠷ ᠲᠤᠰᠬᠠᠭᠰᠠᠨ ᠳᠠᠯᠳᠠ ᠭᠡᠮ ᠤᠳ ᠢ ᠴᠡᠭᠴᠡᠯᠡᠭᠰᠡᠨ ᠪᠠᠶᠢᠳᠠᠯ︔ ᠠᠳᠡᠯ ᠬᠡᠷᠡᠭ ᠤᠨ ᠳᠠᠯᠳᠠ ᠭᠡᠮ ᠢ ᠪᠠᠶᠢᠴᠠᠭᠠᠵᠤ ᠵᠠᠰᠠᠬᠤ ᠳᠦᠷᠢᠮ ᠲᠣᠭᠲᠠᠭᠠᠭᠰᠠᠨ ᠵᠢᠴᠢ ᠳᠠᠯᠳᠠ ᠭᠡᠮ ᠢ ᠥᠪᠡᠷᠲᠡᠭᠡᠨ ᠪᠠᠶᠢᠴᠠᠭᠠᠵᠤ ᠴᠡᠭᠴᠡᠯᠡᠨ ᠮᠡᠳᠡᠭᠦᠯᠦᠭᠰᠡᠨ ᠪᠠᠶᠢᠳᠠᠯ᠂ ᠳᠠᠯᠳᠠ ᠭᠡᠮ ᠢ ᠪᠢᠲᠡᠭᠦᠮᠵᠢᠯᠡᠨ ᠬᠠᠮᠢᠶᠠᠷᠤᠭᠰᠠᠨ ᠪᠠᠶᠢᠳᠠᠯ︔ ︽ᠣᠲᠤᠭ ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠬᠡᠷᠡᠭᠵᠢᠭᠦᠯᠬᠦ ᠠᠷᠭ᠎ᠠ︾ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ 2021 ᠣᠨ ᠤ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠠᠬᠢᠭᠤᠯᠤᠭᠰᠠᠨ ᠪᠠ ᠠᠰᠠᠭᠤᠳᠠᠯ ᠤᠨ ᠳᠠᠯᠳᠠ ᠭᠡᠮ᠂ ᠳᠦᠷᠢᠮ ᠠᠷᠭ᠎ᠠ ᠬᠡᠮᠵᠢᠶ᠎ᠡ ︽ᠬᠤᠶᠠᠷ ᠨᠠᠷᠢᠨ ᠳᠠᠩᠰᠠ︾ ᠶᠢ ᠪᠠᠶᠢᠭᠤᠯᠤᠭᠰᠠᠨ ᠪᠠᠶᠢᠳᠠᠯ︔ ᠠᠵᠢᠯᠯᠠᠭᠰᠠᠳ ᠲᠤ ᠠᠮᠤᠷ ᠲᠦᠪᠰᠢᠨ ᠤ ᠪᠣᠯᠪᠠᠰᠤᠷᠠᠯ ᠬᠢᠬᠦ ᠪᠠ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠡᠩ ᠢᠯᠠᠩᠭᠤᠶ᠎ᠠ ︽ᠭᠤᠷᠪᠠᠨ ᠲᠥᠷᠥᠯ ᠤᠨ ᠠᠵᠢᠯ ᠤᠨ ᠪᠠᠶᠢᠷᠢ︾ ᠶᠢᠨ ᠠᠵᠢᠯᠲᠠᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠦᠢᠯᠡᠳᠪᠦᠷᠢᠯᠡᠯ ᠤᠨ ᠡᠮᠦᠨ᠎ᠡ ᠹᠷᠣᠨᠲ ᠲᠠᠬᠢ ᠠᠵᠢᠯᠲᠠᠨ ᠢ ᠬᠥᠮᠥᠵᠢᠭᠦᠯᠵᠦ ᠪᠣᠯᠪᠠᠰᠤᠷᠠᠭᠤᠯᠤᠭᠰᠠᠨ ᠪᠠᠶᠢᠳᠠᠯ︔ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠤᠭᠰᠠᠨ ᠪᠠᠶᠢᠳᠠᠯ᠂ ᠢᠯᠠᠩᠭᠤᠶ᠎ᠠ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠵᠦ ᠪᠠᠶᠢᠭᠤᠯᠬᠤ ᠪᠠᠷᠢᠯᠭ᠎ᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠲᠥᠬᠦᠭᠡᠷᠦᠮᠵᠢ ᠪᠣᠯᠣᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠬᠠᠮᠠᠭᠠᠯᠠᠬᠤ ︽ᠭᠤᠷᠪᠠ ᠶᠢ ᠵᠡᠷᠭᠡᠪᠡᠷ ᠶᠠᠪᠤᠭᠳᠠᠭᠤᠯᠬᠤ︾ ᠳᠦᠷᠢᠮ ᠢ ᠬᠡᠷᠡᠭᠵᠢᠭᠦᠯᠦᠭᠰᠡᠨ ᠪᠠᠶᠢᠳᠠᠯ︔ ᠦᠢᠯᠡᠳᠪᠦᠷᠢᠯᠡᠬᠦ ᠶᠠᠪᠤᠴᠠ᠂ ᠪᠠᠶᠢᠴᠠᠭᠠᠵᠤ ᠰᠡᠯᠪᠢᠨ ᠵᠠᠰᠠᠬᠤ ᠠᠵᠢᠯᠯᠠᠭ᠎ᠠ᠂ ᠨᠠᠢᠮᠠᠨ ᠶᠡᠭᠡ ᠲᠦᠭᠰᠢᠭᠦᠷᠢ ᠲᠠᠢ ᠠᠵᠢᠯᠯᠠᠭ᠎ᠠ ᠪᠣᠯᠣᠨ ᠭᠠᠳᠠᠨᠠᠬᠢ ᠪᠠᠷᠢᠯᠭ᠎ᠠ ᠶᠢᠨ ᠨᠢᠭᠡᠴᠢ ᠶᠢᠨ ᠠᠮᠤᠷ ᠲᠦᠪᠰᠢᠨ ᠢ ᠬᠠᠮᠢᠶᠠᠷᠤᠭᠰᠠᠨ ᠪᠠᠶᠢᠳᠠᠯ︔ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ᠂ ᠵᠣᠬᠢᠶᠠᠨ ᠪᠠᠶᠢᠭᠤᠯᠤᠨ ᠰᠣᠷᠢᠯᠲᠠ ᠬᠢᠭᠰᠡᠨ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠭᠰᠡᠨ ᠪᠠᠶᠢᠳᠠᠯ︔ ᠦᠢᠯᠡᠳᠪᠦᠷᠢ ᠶᠢᠨ ᠲᠠᠰᠤᠭ᠂ ᠡᠭᠡᠯᠵᠢ ᠳᠤᠭᠤᠶᠢᠯᠠᠩ ᠤᠨ ᠠᠬᠤᠢ ᠲᠠᠯᠠᠪᠠᠢ ᠶᠢ ᠰᠢᠢᠳᠪᠦᠷᠢᠯᠡᠬᠦ ᠲᠥᠰᠥᠯ ᠤᠨ ᠰᠣᠷᠢᠯᠲᠠ ᠬᠢᠭᠰᠡᠨ ᠪᠠᠶᠢᠳᠠᠯ︔ ᠨᠡᠯᠢᠶᠡᠳ ᠶᠡᠭᠡ ᠲᠦᠭᠰᠢᠭᠦᠷᠢ ᠣᠷᠣᠰᠢᠵᠤ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠪᠠ ᠴᠢᠬᠤᠯᠠ ᠲᠣᠮᠣ ᠲᠦᠭᠰᠢᠭᠦᠷᠢ ᠶᠢᠨ ᠢᠷᠡᠯᠲᠡ ᠶᠢ ᠲᠡᠮᠳᠡᠭᠯᠡᠵᠦ ᠳᠠᠩᠰᠠ ᠪᠠᠶᠢᠭᠤᠯᠤᠭᠰᠠᠨ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠭᠰᠠᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ︔ ᠲᠣᠨᠤᠭ ᠲᠥᠬᠦᠭᠡᠷᠦᠮᠵᠢ ᠶᠢ ᠪᠠᠶᠢᠴᠠᠭᠠᠵᠤ ᠰᠡᠯᠪᠢᠨ ᠵᠠᠰᠠᠭᠰᠠᠨ᠂ ᠠᠷᠠᠴᠢᠯᠠᠨ ᠬᠠᠮᠠᠭᠠᠯᠠᠭᠰᠠᠨ ᠪᠠᠶᠢᠳᠠᠯ ᠵᠢᠴᠢ ᠰᠡᠷᠡᠮᠵᠢᠯᠡᠭᠦᠯᠵᠦ ᠰᠢᠯᠭᠠᠨ ᠪᠠᠶᠢᠴᠠᠭᠠᠬᠤ ᠲᠥᠬᠦᠭᠡᠷᠦᠮᠵᠢ ᠶᠢᠨ ᠪᠦᠲᠦᠮᠵᠢᠲᠡᠢ ᠡᠷᠭᠢᠯᠳᠦᠭᠰᠡᠨ ᠪᠠᠶᠢᠳᠠᠯ︔ ᠭᠠᠯ ᠤᠨᠲᠠᠷᠠᠭᠠᠬᠤ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠭᠰᠠᠨ ᠵᠢᠴᠢ ᠡᠷᠭᠢᠯᠳᠦᠭᠦᠯᠦᠭᠰᠡᠨ ᠪᠠᠶᠢᠳᠠᠯ︔ ᠠᠵᠦ ᠠᠬᠤᠶᠢᠯᠠᠯ ᠤᠨ ᠵᠢᠵᠢᠭᠦᠷᠯᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃      ︵ᠭᠤᠷᠪᠠ︶ ᠪᠠᠶᠢᠴᠠᠭᠠᠬᠤ ᠬᠡᠯᠪᠡᠷᠢ ᠪᠠ ᠠᠵᠢᠯ ᠤᠨ ᠲᠣᠬᠢᠷᠠᠭᠤᠯᠭ᠎ᠠ᠃ ᠲᠤᠰ ᠤᠳᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠠᠵᠦ ᠠᠬᠤᠶᠢᠯᠠᠯ ᠥᠪᠡᠷᠲᠡᠭᠡᠨ ᠪᠠᠶᠢᠴᠠᠭᠠᠬᠤ ᠪᠠᠷ ᠭᠤᠣᠯᠯᠠᠭᠤᠯᠵᠦ᠂ ᠡᠯ᠎ᠡ ᠭᠠᠵᠠᠷ ᠣᠷᠣᠨ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠪᠦᠬᠦ ᠲᠠᠯ᠎ᠠ ᠶᠢᠨ ᠪᠠᠶᠢᠴᠠᠭᠠᠯᠲᠠ᠂ ᠱᠠᠭᠠᠷᠳᠠᠨ ᠪᠠᠶᠢᠴᠠᠭᠠᠯᠲᠠ ᠰᠤᠭᠤᠴᠢᠨ ᠪᠠᠶᠢᠴᠠᠭᠠᠯᠲᠠ ᠶᠢ ᠵᠡᠷᠭᠡᠪᠡᠷ ᠶᠠᠪᠤᠭᠳᠠᠭᠤᠯᠤᠨ᠎ᠠ᠃      ⒈ᠠᠵᠦ ᠠᠬᠤᠶᠢᠯᠠᠯ ᠥᠪᠡᠷᠲᠡᠭᠡᠨ ᠪᠠᠶᠢᠴᠠᠭᠠᠬᠤ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠲᠤᠰ ᠬᠠᠷᠢᠶ᠎ᠠ ᠣᠷᠣᠨ᠂ ᠲᠤᠰ ᠠᠵᠢᠯ ᠲᠥᠷᠥᠯ ᠤᠨ ᠢᠶᠠᠨ ᠬᠦᠷᠢᠶ᠎ᠡ ᠬᠡᠪᠴᠢᠶᠡᠨ ᠳᠠᠬᠢ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢ ᠱᠠᠭᠠᠷᠳᠠᠵᠤ ᠠᠵᠦ ᠠᠬᠤᠶᠢᠯᠠᠯ ᠤᠨ ᠪᠣᠳᠠᠲᠤ ᠪᠠᠶᠢᠳᠠᠯ  ᠲᠠᠢ ᠨᠡᠶᠢᠴᠡᠭᠰᠡᠨ᠂ ᠪᠣᠯᠣᠮᠵᠢᠲᠤ ᠴᠢᠨᠠᠷ ᠢᠶᠠᠷ ᠴᠢᠩᠭ᠎ᠠ ᠪᠠᠶᠢᠴᠠᠭᠠᠬᠤ ᠲᠥᠰᠥᠯ ᠲᠣᠭᠲᠠᠭᠠᠯᠭᠠᠨ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠵᠢᠴᠢ ᠣᠷᠣᠨ ᠪᠠᠶᠢᠷᠢ ᠂ ᠭᠤᠭᠴᠤᠭ᠎ᠠ᠂ ᠠᠵᠢᠯ ᠤᠨ ᠪᠠᠶᠢᠷᠢ ᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠴᠡᠭ ᠪᠠ ᠳᠠᠯᠳᠠ ᠭᠡᠮ ᠢ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠪᠠᠶᠢᠴᠠᠭᠠᠯᠲᠠ ᠪᠠᠷ ᠢᠯᠡᠷᠡᠭᠦᠯᠦᠭᠰᠡᠨ ᠠᠮᠤᠷ ᠲᠦᠪᠰᠢᠨ ᠤ ᠲᠦᠭᠰᠢᠭᠦᠷᠢ ᠪᠠ ᠠᠳᠡᠯ ᠬᠡᠷᠡᠭ ᠤᠨ ᠳᠠᠯᠳᠠ ᠭᠡᠮ ᠢ 100% ᠪᠠᠷ ᠬᠥᠰᠦᠨᠦᠭ ᠵᠣᠬᠢᠶᠠᠵᠤ ᠨᠠᠷᠢᠨ ᠳᠠᠩᠰᠠ ᠭᠠᠷᠭᠠᠨ᠂ 100 % ᠪᠠᠷ ᠡᠬᠡ ᠳᠠᠩᠰᠠ ᠪᠠᠶᠢᠭᠤᠯᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠴᠡᠭᠴᠡᠯᠡᠨ ᠵᠠᠯᠠᠷᠠᠭᠤᠯᠬᠤ ᠲᠥᠰᠥᠯ ᠢ 100% ᠪᠠᠷ ᠲᠣᠭᠲᠠᠭᠠᠨ᠂ ᠠᠳᠡᠯ ᠬᠡᠷᠡᠭ ᠤᠨ ᠳᠠᠯᠳᠠ ᠭᠡᠮ ᠢ ᠴᠡᠭᠴᠡᠯᠡᠬᠦ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠪᠡᠯᠡ ᠮᠥᠩᠭᠦ᠂ ᠴᠠᠭ ᠤᠨ ᠬᠢᠵᠠᠭᠠᠷᠯᠠᠯ᠂ ᠪᠡᠯᠡᠳᠬᠡᠯ ᠲᠥᠰᠥᠯ ᠢ 100% ᠪᠠᠷ ᠨᠠᠶᠢᠳᠠᠪᠤᠷᠢᠵᠢᠭᠤᠯᠤᠨ᠂ ᠠᠳᠡᠯ ᠬᠡᠷᠡᠭ ᠤᠨ ᠳᠠᠯᠳᠠ ᠭᠡᠮ ᠢ ᠪᠢᠲᠡᠭᠦᠮᠵᠢᠯᠡᠨ ᠬᠠᠮᠢᠶᠠᠷᠴᠤ᠂ ᠦᠷᠭᠦᠯᠵᠢᠯᠡᠨ ᠴᠡᠭᠴᠡᠯᠡᠨ᠎ᠡ᠃ ᠪᠠᠶᠢᠴᠠᠭᠠᠯᠲᠠ ᠶᠢ ᠳᠠᠶᠢᠴᠢᠯᠠᠨ ᠪᠠᠶᠢᠷᠢᠯᠠᠭᠤᠯᠤᠭᠰᠠᠨ ᠪᠠᠶᠢᠳᠠᠯ᠂ ᠳᠠᠯᠳᠠ ᠭᠡᠮ ᠢ ᠥᠪᠡᠷᠲᠡᠭᠡᠨ ᠪᠠᠶᠢᠴᠠᠭᠠᠭᠰᠠᠨ ᠡᠬᠡ ᠳᠠᠩᠰᠠ ᠪᠠ ᠴᠡᠭᠴᠡᠯᠡᠨ ᠵᠠᠯᠠᠷᠠᠭᠤᠯᠤᠭᠰᠠᠨ ᠦᠷ᠎ᠡ ᠳ᠋ᠦᠩ ᠵᠡᠷᠭᠡ ᠮᠠᠲ᠋ᠧᠷᠢᠶᠠᠯ ᠢ ᠡᠮᠬᠢᠳᠬᠡᠵᠦ ᠬᠤᠷᠢᠶᠠᠩᠭᠤᠶᠢᠯᠠᠨ ᠪᠠᠶᠢᠴᠠᠭᠠᠬᠤ ᠳᠤ ᠪᠡᠯᠡᠳᠬᠡᠨ᠎ᠡ᠃      ⒉ᠪᠠᠶᠢᠭᠤᠯᠭ᠎ᠠ ᠪᠠᠶᠢᠴᠠᠭᠠᠬᠤ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠪᠠᠶᠢᠴᠠᠭᠠᠬᠤ ᠠᠭᠤᠯᠭ᠎ᠠ ᠲᠠᠢ ᠬᠠᠷᠢᠴᠠᠭᠤᠯᠤᠭᠰᠠᠨ ᠰᠠᠭᠤᠷᠢᠨ ᠳᠡᠭᠡᠷ᠎ᠡ᠂ ︽ᠨᠢᠭᠡ ᠭᠠᠵᠠᠷ ᠲᠤ ᠨᠢᠭᠡ ᠪᠣᠳᠣᠯᠭ᠎ᠠ ᠬᠡᠷᠡᠭᠵᠢᠭᠦᠯᠬᠦ︾᠂ ︽ᠨᠢᠭᠡ ᠠᠵᠢᠯ ᠲᠥᠷᠥᠯ ᠳᠤ ᠨᠢᠭᠡ ᠵᠢᠷᠤᠮᠵᠢᠯ ᠭᠠᠷᠭᠠᠬᠤ︾ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ᠂ ᠲᠤᠰ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠪᠣᠳᠠᠲᠤ ᠪᠠᠶᠢᠳᠠᠯ ᠪᠠ ᠣᠨᠴᠠᠯᠢᠭ ᠲᠠᠢ ᠤᠶᠠᠯᠳᠤᠭᠤᠯᠵᠤ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭᠠᠨ᠂ 6 ᠰᠠᠷ᠎ᠠ ᠶᠢᠨ 15 ᠤ ᠡᠳᠦᠷ ᠠᠴᠠ ᠡᠮᠦᠨ᠎ᠡ᠂ ᠬᠡᠷᠡᠭᠵᠢᠭᠦᠯᠬᠦ ᠲᠥᠰᠥᠯ ᠢ ᠬᠠᠷᠢᠶ᠎ᠠ ᠣᠷᠣᠨ ᠪᠠ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠪᠣᠢ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠳᠠᠷᠤᠮᠠᠯᠯᠠᠨ ᠲᠠᠷᠬᠠᠭᠠᠵᠤ᠂ ᠪᠠᠶᠢᠷᠢᠯᠠᠭᠤᠯᠤᠯᠲᠠ ᠬᠢᠨ᠎ᠡ᠃      ᠳᠥᠷᠪᠡ᠂ ᠭᠤᠣᠯᠳᠠᠯᠭᠠᠲᠤ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠲᠤᠰᠬᠠᠢ ᠲᠥᠷᠥᠯ ᠤᠨ ᠴᠡᠭᠴᠡᠯᠡᠯᠲᠡ ᠶᠢ ᠴᠢᠩᠭᠠᠳᠬᠠᠨ᠎ᠠ      ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠠᠭᠠᠷᠠᠯᠲᠠᠢ ᠴᠠᠭ ᠪᠠ ᠠᠭᠤᠷ ᠠᠮᠢᠰᠬᠤᠯ ᠤᠨ ᠣᠨᠴᠠᠯᠢᠭ ᠲᠤ ᠬᠠᠨᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠵᠤ᠂ ᠠᠳᠡᠯ ᠬᠡᠷᠡᠭ ᠣᠯᠠᠨ ᠡᠭᠦᠰᠳᠡᠭ ᠭᠤᠣᠯᠳᠠᠯᠭᠠᠲᠤ ᠠᠵᠢᠯ ᠲᠥᠷᠥᠯ ᠢ ᠨᠢᠭᠲᠠ ᠠᠩᠬᠠᠷᠤᠨ᠂ ᠦᠨᠳᠦᠰᠦᠨ ᠱᠠᠲᠤ ᠪᠠ ᠠᠵᠦ ᠠᠬᠤᠶᠢᠯᠠᠯ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠡᠯ᠎ᠡ ᠲᠥᠷᠥᠯ ᠤᠨ ᠳᠠᠯᠳᠠ ᠭᠡᠮ ᠢ ᠪᠦᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠨ᠂ ᠠᠮᠤᠷ ᠲᠦᠪᠰᠢᠨ ᠤ ᠲᠦᠭᠰᠢᠭᠦᠷᠢ ᠶᠢ ᠦᠨᠡᠨ ᠬᠦ ᠰᠡᠷᠭᠡᠶᠢᠯᠡᠨ ᠡᠵᠡᠮᠳᠡᠨ᠎ᠡ᠃      ᠨᠡᠭᠦᠷᠡᠰᠦᠨ ᠤ ᠬᠦᠷᠢᠶ᠎ᠡ ᠬᠡᠪᠴᠢᠶ᠎ᠡ᠄ ︽ᠨᠡᠭᠦᠷᠡᠰᠦᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠪᠠᠴᠢᠮ ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ ︽ᠵᠢᠷᠭᠤᠭ᠎ᠠ ᠶᠢ ᠴᠢᠩᠭ᠎ᠠ ᠴᠠᠭᠠᠵᠠᠯᠠᠵᠤ ᠭᠤᠷᠪᠠ ᠶᠢ ᠴᠢᠩᠭᠠᠳᠬᠠᠬᠤ︾ ᠶᠢᠰᠦᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ︔ ᠦᠨ᠎ᠡ ᠬᠠᠩᠰᠢ ᠥᠰᠦᠭᠰᠡᠨ ᠠᠴᠠ ᠪᠣᠯᠵᠤ ᠬᠡᠮᠵᠢᠶ᠎ᠡ ᠠᠴᠠ ᠬᠡᠲᠦᠷᠡᠭᠦᠯᠦᠨ ᠠᠵᠢᠯᠯᠠᠬᠤ᠂ ᠦᠢᠯᠡᠳᠪᠦᠷᠢᠯᠡᠯ ᠢ ᠨᠢ ᠵᠣᠭᠰᠣᠭᠠᠭᠰᠠᠨ ᠠᠭᠤᠷᠬᠠᠢ ᠶᠢ ᠨᠢᠭᠤᠴᠠ ᠪᠠᠷ ᠮᠠᠯᠲᠠᠬᠤ᠂ ᠡᠭᠦᠳᠡ ᠶᠢ ᠨᠢ ᠬᠠᠭᠠᠭᠰᠠᠨ ᠠᠭᠤᠷᠬᠠᠢ ᠶᠢᠨ ᠤᠨᠲᠠᠷᠠᠭᠰᠠᠨ ᠦᠨᠡᠰᠦ ᠰᠢᠲᠠᠬᠤ᠂ ᠮᠡᠷᠭᠡᠵᠢᠯ ᠢ ᠥᠭᠡᠷᠡᠴᠢᠯᠡᠭᠰᠡᠨ ᠠᠭᠤᠷᠬᠠᠢ ᠴᠠᠭ ᠢ ᠵᠠᠪᠳᠤᠵᠤ ᠠᠵᠢᠯᠯᠠᠬᠤ᠂ ᠬᠠᠤᠯᠢ ᠪᠤᠰᠤ ᠪᠠᠷ ᠪᠦᠲᠦᠭᠡᠨ ᠪᠠᠶᠢᠭᠤᠯᠬᠤ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ︔ ᠨᠡᠭᠦᠷᠡᠰᠦᠨ ᠠᠭᠤᠷᠬᠠᠢ ᠶᠢᠨ ᠦᠶᠡᠷ ᠤᠰᠤᠲᠤᠯ ᠤᠨ ᠬᠤᠭᠤᠴᠠᠭᠠᠨ ᠳᠠᠬᠢ ᠠᠮᠤᠷ ᠲᠦᠪᠰᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃      ᠠᠶᠤᠯᠲᠠᠢ ᠬᠢᠮᠢ ᠶᠢᠨ ᠪᠣᠳᠠᠰ ᠤᠨ ᠬᠦᠷᠢᠶ᠎ᠡ ᠬᠡᠪᠴᠢᠶ᠎ᠡ᠄ ︽ᠠᠶᠤᠯᠲᠠᠢ ᠬᠢᠮᠢ ᠶᠢᠨ ᠪᠣᠳᠠᠰ ᠤᠨ ᠠᠵᠦ ᠠᠬᠤᠶᠢᠯᠠᠯ ᠤᠨ ᠴᠢᠬᠤᠯᠠ ᠲᠣᠮᠣ ᠠᠶᠤᠯ ᠤᠨ ᠡᠬᠢ ᠶᠢᠨ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢᠨ ᠳᠦᠷᠢᠮ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠵᠢᠴᠢ ᠭᠤᠣᠯ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂  ᠠᠵᠢᠯᠲᠠᠨ ᠤ ᠬᠠᠷᠢᠭᠤᠴᠠᠯᠭᠠᠲᠠᠨ ᠤ ᠠᠵᠢᠯ ᠤᠨ ᠪᠠᠶᠢᠷᠢ ᠳᠡᠭᠡᠷ᠎ᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ︔ ᠠᠮᠤᠷ ᠲᠦᠪᠰᠢᠨ ᠢ ᠵᠢᠱᠢᠭᠰᠡᠨ ᠰᠠᠭᠤᠷᠢᠨ ᠳᠡᠭᠡᠷ᠎ᠡ᠂ ︽ᠬᠤᠶᠠᠷ ᠭᠤᠣᠯᠳᠠᠯᠭ᠎ᠠ ᠨᠢᠭᠡ ᠴᠢᠬᠤᠯᠠ ᠶᠡᠭᠡ︾ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠠᠲᠤᠳᠬᠠᠵᠤ ᠴᠢᠩᠭᠠᠳᠬᠠᠭᠰᠠᠨ ᠪᠠᠶᠢᠳᠠᠯ︔ ᠡᠨᠧᠷᠭᠢ ᠶᠢᠨ ᠬᠤᠷᠣᠭᠳᠠᠯ ᠤᠨ ︽ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ︾ ᠠᠴᠠ ᠪᠣᠯᠣᠭᠰᠠᠨ ᠠᠮᠤᠷ ᠲᠦᠪᠰᠢᠨ ᠤ ᠲᠦᠭᠰᠢᠭᠦᠷᠢ ᠶᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠵᠤ᠂ ᠦᠢᠯᠡᠳᠪᠦᠷᠢᠯᠡᠯ ᠤᠨ ᠬᠡᠮᠵᠢᠶ᠎ᠡ ᠶᠢ ᠨᠢ ᠪᠠᠭᠠᠰᠬᠠᠭᠰᠠᠨ᠂ ᠦᠢᠯᠡᠳᠪᠦᠷᠢᠯᠡᠯ ᠢ ᠨᠢ ᠵᠣᠭᠰᠣᠭᠠᠭᠰᠠᠨ ᠠᠵᠦ ᠠᠬᠤᠶᠢᠯᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠠᠶᠤᠯ ᠦᠭᠡᠢ ᠦᠢᠯᠡᠳᠪᠦᠷᠢᠯᠡᠯ ᠢ ᠰᠡᠷᠭᠡᠶᠢᠯᠡᠨ ᠡᠵᠡᠮᠳᠡᠬᠦ ᠲᠥᠰᠥᠯ ᠲᠣᠭᠲᠠᠭᠠᠨ᠂ ᠦᠢᠯᠡᠳᠪᠦᠷᠢᠯᠡᠯ ᠤᠨ ᠬᠡᠮᠵᠢᠶ᠎ᠡ ᠶᠢ ᠨᠢ ᠪᠠᠭᠠᠰᠬᠠᠭᠰᠠᠨ᠂ ᠦᠢᠯᠡᠳᠪᠦᠷᠢᠯᠡᠯ ᠢ ᠨᠢ ᠵᠣᠭᠰᠣᠭᠠᠭᠰᠠᠨ ᠤ ᠳᠠᠷᠠᠭᠠᠬᠢ ᠠᠮᠤᠷ ᠲᠦᠪᠰᠢᠨ ᠢ ᠬᠠᠮᠢᠶᠠᠷᠤᠭᠰᠠᠨ ᠪᠠᠶᠢᠳᠠᠯ︔ ᠭᠤᠷᠪᠠᠨ ᠵᠢᠯ ᠤᠨ ᠠᠵᠢᠯᠯᠠᠭᠠᠨ ᠤ 2021 ᠣᠨ ᠤ ᠭᠤᠣᠯ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ︔ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠠᠶᠤᠯᠲᠠᠢ ᠬᠢᠮᠢ ᠶᠢᠨ ᠪᠣᠳᠠᠰ ᠤᠨ ᠭᠤᠣᠯᠳᠠᠯᠭᠠᠲᠤ ᠰᠢᠶᠠᠨ ᠤ ᠲᠠᠪᠤᠳᠤᠭᠠᠷ ᠡᠭᠡᠯᠵᠢ ᠶᠢᠨ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠶᠢᠨ ᠦᠢᠯᠡᠴᠢᠯᠡᠭᠡᠨ ᠤ ᠳᠤᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠤᠨ ᠳᠠᠯᠳᠠ ᠭᠡᠮ ᠢ ᠴᠡᠭᠴᠡᠯᠡᠨ ᠵᠠᠯᠠᠷᠠᠭᠤᠯᠤᠭᠰᠠᠨ ᠵᠢᠴᠢ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠥᠪᠡᠷᠲᠡᠭᠡᠨ ᠪᠠᠶᠢᠴᠠᠭᠠᠭᠰᠠᠨ ᠪᠠᠶᠢᠳᠠᠯ︔ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ᠂ ᠬᠡᠷᠡᠭᠯᠡᠬᠦ᠂ ᠡᠵᠡᠩᠨᠡᠬᠦ᠂ ᠲᠡᠭᠡᠭᠡᠪᠦᠷᠢᠯᠡᠬᠦ ᠪᠠ ᠬᠠᠶᠠᠭᠳᠠᠮᠠᠯ ᠪᠣᠳᠠᠰ ᠢᠶᠠᠷ ᠰᠢᠢᠳᠪᠦᠷᠢᠯᠡᠬᠦ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠲᠣᠭᠲᠠᠴᠠ ᠪᠠᠶᠢᠭᠤᠯᠤᠯ ᠵᠢᠴᠢ ᠬᠠᠮᠢᠶᠠᠷᠤᠨ ᠡᠵᠡᠮᠳᠡᠭᠰᠡᠨ ᠪᠠᠶᠢᠳᠠᠯ︔ ᠠᠵᠦ ᠠᠬᠤᠶᠢᠯᠠᠯ ᠠᠴᠠ ᠲᠦᠢᠮᠡᠷ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠵᠠᠳᠠᠷᠠᠬᠤ ᠶᠢ ᠰᠡᠷᠭᠡᠶᠢᠯᠡᠬᠦ᠂ ᠲᠠᠶᠢᠪᠤᠡᠭ ᠴᠠᠬᠢᠯᠭᠠᠨ ᠢ ᠰᠡᠷᠭᠡᠶᠢᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃      ᠪᠠᠷᠢᠯᠭ᠎ᠠ ᠶᠢᠨ ᠬᠦᠷᠢᠶ᠎ᠡ ᠬᠡᠪᠴᠢᠶ᠎ᠡ᠄ ᠶᠡᠭᠡ ᠬᠡᠮᠵᠢᠶᠡᠨ ᠤ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠ ᠪᠠᠷᠢᠯᠭ᠎ᠠ ᠶᠢᠨ ᠮᠠᠲ᠋ᠧᠷᠢᠶᠠᠯ ᠤᠨ ᠦᠨ᠎ᠡ ᠶᠡᠬᠡᠪᠡᠷ ᠥᠰᠬᠦ ᠠᠴᠠ ᠪᠣᠯᠣᠭᠰᠠᠨ ᠠᠵᠢᠯ ᠤᠨ ᠬᠤᠭᠤᠴᠠᠭ᠎ᠠ ᠶᠢ ᠪᠠᠭᠠᠰᠬᠠᠵᠤ ᠠᠮᠤᠷ ᠲᠦᠪᠰᠢᠨ ᠤ ᠣᠷᠤᠭᠤᠯᠤᠯᠲᠠ ᠶᠢ ᠰᠢᠬᠠᠨ ᠡᠵᠡᠯᠡᠬᠦ ᠵᠡᠷᠭᠡ ᠠᠮᠤᠷ ᠲᠦᠪᠰᠢᠨ ᠤ ᠲᠣᠪᠣᠶᠢᠮ᠎ᠠ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠬᠡᠷᠰᠡᠦᠯᠡᠵᠦ᠂ ᠵᠠᠰᠠᠮᠠᠯ ᠵᠠᠮ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ᠂ ᠠᠵᠦ ᠦᠢᠯᠡᠳᠪᠦᠷᠢ ᠶᠢᠨ ᠲᠥᠷᠥᠯ ᠵᠦᠢᠯ ᠵᠡᠷᠭᠡ ᠲᠣᠮᠣ ᠬᠡᠯᠪᠡᠷᠢ ᠶᠢᠨ ᠢᠨᠵᠧᠨᠧᠷᠢᠩ ᠢ ᠲᠣᠪᠣᠶᠢᠯᠭᠠᠵᠤ ᠪᠠᠶᠢᠴᠠᠭᠠᠨ᠂ ᠪᠠᠷᠢᠯᠭ᠎ᠠ ᠶᠢᠨ ᠠᠵᠦ ᠠᠬᠤᠶᠢᠯᠠᠯ ᠤᠨ ᠬᠠᠮᠢᠶᠠᠷᠤᠭᠴᠢ ᠪᠠ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ ᠳᠡᠭᠡᠷ᠎ᠡ ᠪᠠᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠭᠠᠷᠳᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠬᠠᠮᠢᠶᠠᠷᠬᠤ ᠪᠠ ᠮᠠᠰᠢᠨ ᠲᠣᠨᠣᠭᠯᠠᠯ ᠢ ᠰᠢᠯᠭᠠᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ ᠠᠵᠢᠯ ᠢ ᠴᠢᠩᠭᠠᠳᠬᠠᠨ᠎ᠠ︔ ᠤᠯᠠᠷᠢᠯ ᠤᠨ ᠣᠨᠴᠠᠯᠢᠭ ᠲᠤ ᠴᠢᠭᠯᠡᠭᠦᠯᠦᠨ᠂ ᠨᠤᠷᠠᠬᠤ ᠶᠢ ᠰᠡᠷᠭᠡᠶᠢᠯᠡᠬᠦ᠂ ᠤᠨᠠᠬᠤ ᠶᠢ ᠰᠡᠷᠭᠡᠶᠢᠯᠡᠬᠦ ᠂ ᠬᠤᠣᠷᠳᠠᠭᠳᠠᠵᠤ ᠠᠮᠢᠰᠬᠤᠯ ᠪᠦᠲᠡᠬᠦ ᠶᠢ ᠰᠡᠷᠭᠡᠶᠢᠯᠡᠬᠦ ᠵᠡᠷᠭᠡ ᠳᠠᠯᠳᠠ ᠭᠡᠮ ᠢ ᠨᠠᠷᠢᠨ ᠪᠠᠶᠢᠴᠠᠭᠠᠵᠤ ᠴᠡᠭᠴᠡᠯᠡᠭᠰᠡᠨ ᠪᠠᠶᠢᠳᠠᠯ ᠢ ᠲᠣᠪᠣᠶᠢᠯᠭᠠᠨ᠎ᠠ︔ ᠥᠨᠳᠥᠷ ᠳᠡᠭᠡᠷ᠎ᠡ ᠠᠵᠢᠯᠯᠠᠬᠤ ᠲᠠᠪᠴᠠᠩ᠂ ᠣᠨᠴᠠ ᠬᠦᠨᠳᠦ ᠮᠠᠰᠢᠨ ᠲᠣᠨᠣᠭᠯᠠᠯ᠂ ᠲᠠᠯᠪᠢᠭᠤᠷ ᠵᠡᠷᠭᠡ ᠲᠦᠭᠰᠢᠭᠦᠷᠢ ᠶᠡᠬᠡᠲᠡᠢ ᠠᠵᠢᠯᠯᠠᠭ᠎ᠠ ᠶᠢ ᠴᠡᠭᠴᠡᠯᠡᠨ᠎ᠡ︔ ᠬᠠᠤᠯᠢ ᠵᠥᠷᠢᠴᠡᠵᠦ ᠬᠤᠪᠢᠶᠠᠨ ᠳᠠᠭᠠᠭᠠᠴᠢᠯᠠᠬᠤ᠂ ᠰᠢᠯᠵᠢᠭᠦᠯᠦᠨ ᠳᠠᠭᠠᠭᠠᠴᠢᠯᠠᠬᠤ ᠵᠡᠷᠭᠡ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃      ᠵᠠᠮ ᠬᠠᠷᠢᠯᠴᠠᠭᠠᠨ ᠤ ᠬᠦᠷᠢᠶ᠎ᠡ ᠬᠡᠪᠴᠢᠶ᠎ᠡ᠄ ︽ᠠᠶᠠᠨᠴᠢᠨ ᠤ ᠲᠡᠷᠭᠡ ᠵᠢᠭᠤᠯᠴᠢᠯᠠᠯ ᠤᠨ ᠠᠶᠠᠨᠴᠢᠨ ᠤ ᠲᠡᠷᠭᠡ᠂ ᠠᠶᠤᠯᠲᠠᠢ ᠪᠣᠳᠠᠰ ᠲᠡᠭᠡᠭᠡᠪᠦᠷᠢᠯᠡᠬᠦ ᠲᠡᠷᠭᠡ ᠪᠠ ᠪᠠᠷᠠᠭᠠᠨ ᠤ ᠲᠡᠷᠭᠡ︾ ᠶᠢᠨ ᠠᠮᠤᠷ ᠲᠦᠪᠰᠢᠨ ᠢ ᠬᠢᠨᠠᠨ ᠪᠠᠶᠢᠴᠠᠭᠠᠨ᠎ᠠ︔ ︽ᠬᠦᠮᠥᠨ ᠤ ᠲᠤᠭ᠎ᠠ ᠶᠢ ᠬᠡᠲᠦᠷᠡᠭᠦᠯᠬᠦ ᠬᠤᠷᠳᠤᠴᠠ ᠬᠡᠲᠦᠷᠡᠭᠦᠯᠬᠦ ᠳᠠᠭᠠᠭᠠᠴᠠ ᠠᠴᠠ ᠬᠡᠲᠦᠷᠡᠭᠦᠯᠬᠦ ᠪᠠ ᠶᠠᠳᠠᠷᠠᠵᠤ ᠪᠠᠶᠢᠭᠠᠳ ᠲᠡᠷᠭᠡ ᠵᠢᠯᠣᠭᠤᠳᠬᠤ︾᠂ ᠬᠠᠤᠯᠢ ᠪᠤᠰᠤ ᠪᠠᠷ ᠠᠶᠠᠨᠴᠢᠨ ᠲᠡᠭᠡᠭᠡᠪᠦᠷᠢᠯᠡᠬᠦ᠂ ᠪᠠᠷᠠᠭᠠᠠ ᠤ ᠲᠡᠷᠭᠡᠨ ᠳᠤ ᠬᠦᠮᠦᠨ ᠰᠠᠭᠤᠯᠭᠠᠬᠤ ᠵᠡᠷᠭᠡ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠡᠯ᠎ᠡ ᠲᠥᠷᠥᠯ ᠤᠨ ᠠᠶᠠᠨᠴᠢᠨ ᠤ ᠲᠡᠭᠡᠭᠡᠪᠦᠷᠢ᠂ ᠪᠠᠷᠠᠭᠠᠠ ᠤ ᠲᠡᠭᠡᠭᠡᠪᠦᠷᠢ ᠵᠢᠴᠢ ᠨᠡᠶᠢᠲᠡ ᠶᠢᠨ ᠲᠦᠷᠢᠶᠡᠰᠦᠨ ᠮᠠᠰᠢᠨ ᠤ ᠵᠢᠯᠣᠭᠤᠴᠢ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠷᠭᠡᠵᠢᠯ ᠤᠨ ᠪᠣᠯᠪᠠᠰᠤᠷᠠᠯ ᠬᠢᠭᠰᠡᠨ ᠪᠠᠶᠢᠳᠠᠯ︔ ᠭᠤᠣᠯ ᠵᠠᠮ᠂ ᠠᠶᠤᠯᠲᠠᠢ ᠵᠠᠮ᠂ ᠪᠠᠷᠢᠯᠭ᠎ᠠ ᠶᠢᠨ ᠵᠠᠮ ᠵᠢᠴᠢ ᠠᠭᠤᠷᠬᠠᠢ ᠶᠢᠨ ᠣᠷᠣᠨ ᠤ ᠬᠦᠷᠢᠶᠡᠯᠡᠩ ᠲᠣᠭᠤᠷᠢᠭ ᠤᠨ ᠵᠠᠮ᠂ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠠᠮᠤᠷ ᠲᠦᠪᠰᠢᠨ ᠢ ᠬᠠᠮᠢᠶᠠᠷᠤᠭᠰᠠᠨ ᠪᠠᠶᠢᠳᠠᠯ᠃      ᠭᠠᠯ ᠤᠨᠲᠠᠷᠠᠭᠠᠬᠤ ᠠᠮᠤᠷ ᠲᠦᠪᠰᠢᠨ ᠤ ᠬᠦᠷᠢᠶ᠎ᠡ ᠬᠡᠪᠴᠢᠶ᠎ᠡ᠄ ᠬᠤᠳᠠᠯᠳᠤᠭᠠᠨ ᠤ ᠲᠠᠯᠠᠪᠤᠷ ᠲᠢᠶᠠᠲᠷ᠂ ᠪᠠᠭᠤᠳᠠᠯ ᠬᠤᠭᠤᠯᠠᠨ ᠭᠡᠷ᠂ ᠰᠤᠷᠭᠠᠭᠤᠯᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠣᠯᠳᠠᠯᠭᠠᠲᠤ ᠣᠷᠣᠨ ᠲᠣᠭᠤᠷᠢᠭ ᠤᠨ ᠭᠠᠯ ᠤᠨ ᠠᠶᠤᠯ ᠤᠨ ᠳᠠᠯᠳᠠ ᠭᠡᠮ ᠢ ᠨᠠᠷᠢᠨ ᠪᠠᠶᠢᠴᠠᠭᠠᠵᠤ ᠴᠡᠭᠴᠡᠯᠡᠭᠰᠡᠨ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠬᠠᠤᠯᠢ ᠵᠥᠷᠢᠴᠡᠵᠦ ᠴᠠᠬᠢᠯᠭᠠᠨ ᠬᠡᠷᠡᠭᠯᠡᠭᠰᠡᠨ᠂ ᠠᠮᠤᠷ ᠲᠦᠪᠰᠢᠨ ᠢᠶᠠᠷ ᠭᠠᠷᠬᠤ ᠡᠭᠦᠳᠡ ᠶᠢ ᠬᠠᠰᠢᠭᠰᠠᠨ ᠵᠡᠷᠭᠡ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ︔ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠤᠬᠠᠭᠤᠯᠭ᠎ᠠ ᠪᠠ ᠥᠨᠳᠥᠷ ᠠᠰᠠᠷ ᠤᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠭᠰᠡᠨ ᠵᠡᠷᠭᠡ ᠪᠠᠶᠢᠳᠠᠯ᠃      ᠣᠨᠴᠠ ᠲᠥᠬᠦᠭᠡᠷᠦᠮᠵᠢ᠂ ᠨᠡᠭᠦᠷᠡᠰᠦᠨ ᠤ ᠪᠤᠰᠤ ᠠᠭᠤᠷᠬᠠᠢ᠂ ᠲᠡᠮᠦᠷᠯᠢᠭ ᠬᠠᠶᠢᠯᠤᠭᠤᠯᠬᠤ ᠦᠢᠯᠡᠳᠪᠦᠷᠢ ᠠᠷᠠᠯᠵᠢᠶ᠎ᠠ᠂᠂ ᠰᠣᠶᠣᠯ ᠵᠢᠭᠤᠯᠴᠢᠯᠠᠯ᠂ ᠴᠠᠬᠢᠯᠭᠠᠨ ᠬᠦᠴᠦᠨ᠂ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠠᠵᠢᠯ ᠲᠥᠷᠥᠯ ᠴᠤ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠴᠢᠭᠯᠡᠯᠲᠦ ᠴᠢᠨᠠᠷ ᠢᠶᠠᠷ ᠴᠢᠩᠭ᠎ᠠ ᠠᠮᠤᠷ ᠲᠦᠪᠰᠢᠨ ᠤ ᠳᠠᠯᠳᠠ ᠭᠡᠮ ᠢ ᠨᠠᠷᠢᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠪᠠ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠬᠠᠮᠢᠶᠠᠷᠴᠤ᠂ ᠠᠮᠤᠷ ᠲᠦᠪᠰᠢᠨ ᠢ ᠪᠠᠲᠤᠯᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠳᠠᠷᠤᠶᠢᠬᠠᠨ ᠬᠥᠳᠡᠯᠦᠯᠴᠡᠵᠦ᠂ ᠡᠮᠦᠨ᠎ᠡ ᠹᠷᠣᠨᠲ ᠲᠤ ᠵᠢᠯᠣᠭᠤᠳᠤᠨ᠎ᠠ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠲᠤᠰ ᠤᠳᠠᠭᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ ᠢ ᠰᠡᠷᠭᠡᠶᠢᠯᠡᠬᠦ ᠬᠦᠴᠦᠲᠡᠢ ᠠᠷᠭ᠎ᠠ ᠪᠠᠷᠢᠯ ᠪᠣᠯᠭᠠᠵᠤ᠂ ᠬᠠᠷᠢᠶ᠎ᠠ ᠣᠷᠣᠨ ᠪᠠ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠣᠲᠣᠷ᠎ᠠ ᠣᠷᠣᠰᠢᠵᠤ ᠪᠠᠶᠢᠭ᠎ᠠ ᠲᠣᠪᠣᠶᠢᠮ᠎ᠠ ᠲᠦᠭᠰᠢᠭᠦᠷᠢ ᠶᠢᠨ ᠳᠠᠯᠳᠠ ᠭᠡᠮ ᠢ ᠭᠦᠨᠵᠡᠭᠡᠢ ᠵᠠᠳᠠᠯᠵᠤ ᠪᠠᠶᠢᠴᠠᠭᠠᠨ᠂ ᠲᠡᠷᠢᠭᠦᠨ ᠬᠠᠷᠢᠭᠤᠴᠠᠯᠭᠠᠲᠠᠨ ᠳᠠᠷᠤᠶᠢᠬᠠᠨ ᠳᠠᠶᠢᠴᠢᠯᠠᠨ ᠪᠠᠶᠢᠷᠢᠯᠠᠭᠤᠯᠵᠤ᠂ ᠠᠩᠭᠢ ᠳᠠᠭᠠᠭᠤᠯᠤᠨ ᠦᠨᠳᠦᠰᠦᠨ ᠱᠠᠲᠤ ᠪᠠ ᠠᠵᠦ ᠠᠬᠤᠶᠢᠯᠠᠯ ᠤᠨ ᠡᠮᠦᠨ᠎ᠡ ᠹᠷᠣᠨᠲ ᠲᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠨ᠎ᠡ᠃ ᠪᠠᠶᠢᠴᠠᠭᠠᠯᠲᠠ ᠳᠤ ᠪᠣᠳᠠᠲᠤ ᠪᠦᠲᠦᠮᠵᠢ ᠶᠢ ᠴᠢᠬᠤᠯᠠᠴᠢᠯᠠᠵᠤ᠂ ᠭᠤᠣᠯᠳᠠᠯᠭᠠᠲᠤ ᠪᠠᠭᠤᠷᠠᠢ ᠭᠤᠭᠴᠤᠭ᠎ᠠ ᠶᠢ ᠲᠣᠪᠣᠶᠢᠯᠭᠠᠨ᠂ ᠥᠩᠭᠡᠷᠡᠭᠰᠡᠨ ᠤ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠴᠡᠭᠴᠡᠯᠡᠭᠰᠡᠨ ᠪᠠᠶᠢᠳᠠᠯ ᠢ ᠳᠠᠬᠢᠵᠤ ᠪᠠᠶᠢᠴᠠᠭᠠᠬᠤ ᠶᠢᠨ ᠳᠠᠭᠠᠤ ᠰᠢᠨ᠎ᠡ ᠳᠠᠯᠳᠠ ᠭᠡᠮ ᠪᠠ ᠠᠰᠠᠭᠤᠳᠠᠯ ᠢ ᠴᠢᠩᠭ᠎ᠠ ᠪᠠᠶᠢᠴᠠᠭᠠᠨ᠂ ᠢᠯᠠᠩᠭᠤᠶ᠎ᠠ ᠰᠠᠨᠠᠭ᠎ᠠ ᠠᠮᠤᠷ ᠦᠭᠡᠢ ᠭᠠᠵᠠᠷ ᠣᠷᠣᠨ ᠪᠠ ᠠᠵᠦ ᠠᠬᠤᠶᠢᠯᠠᠯ ᠢ ᠨᠢᠭᠲᠠ ᠠᠩᠬᠠᠷᠴᠤ᠂ ᠬᠠᠮᠢᠶᠠᠷᠬᠤ ᠦᠭᠡᠢ ᠬᠠᠶᠠᠭᠳᠠᠬᠤ ᠶᠢ ᠴᠢᠩᠭ᠎ᠠ ᠰᠡᠷᠭᠡᠶᠢᠯᠡᠨ᠎ᠡ᠃      ︵ᠬᠤᠶᠠᠷ︶ ᠪᠦᠬᠦ ᠲᠠᠯ᠎ᠠ ᠶᠢ ᠬᠠᠮᠤᠷᠴᠤ᠂ ᠭᠡᠭᠡᠭᠳᠡᠭᠦᠯᠵᠦ ᠣᠷᠬᠢᠭᠳᠠᠭᠤᠯᠬᠤ ᠶᠢ ᠴᠢᠩᠭ᠎ᠠ ᠰᠡᠷᠭᠡᠶᠢᠯᠡᠨ᠎ᠡ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠶᠢᠨ ᠬᠢᠨ ᠠᠳᠡᠯ ᠬᠡᠷᠡᠭ ᠤᠨ ᠵᠢᠮ᠎ᠡ ᠶᠣᠰᠣ ᠪᠠ ᠣᠨᠴᠠᠯᠢᠭ ᠢ ᠭᠦᠨᠵᠡᠭᠡᠢ ᠵᠠᠳᠠᠯᠤᠨ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠤᠨ ᠴᠢᠬᠤᠯᠠ ᠶᠡᠭᠡ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠠᠶᠢᠴᠠᠭᠠᠵᠤ ᠴᠡᠭᠴᠡᠯᠡᠨ᠂ ᠡᠯ᠎ᠡ ᠲᠥᠷᠥᠯ ᠤᠨ ᠠᠮᠤᠷ ᠲᠦᠪᠰᠢᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠶᠢ ᠠᠳᠬᠤᠬᠤ᠂ ᠪᠠᠭᠤᠷᠠᠢ ᠭᠤᠭᠴᠤᠭ᠎ᠠ ᠶᠢ ᠠᠳᠬᠤᠬᠤ ᠠᠵᠢᠯ ᠤᠨ ᠰᠡᠳᠬᠢᠴᠡ ᠶᠢ ᠪᠠᠷᠢᠮᠲᠠᠯᠠᠨ᠂ ᠬᠢᠨᠠᠨ ᠬᠠᠮᠢᠶᠠᠷᠴᠤ ᠪᠠᠶᠢᠭ᠎ᠠ ᠭᠤᠣᠯᠳᠠᠯᠭᠠᠲᠤ ᠠᠵᠦ ᠠᠬᠤᠶᠢᠯᠠᠯ ᠪᠠ ᠠᠮᠤᠷ ᠲᠦᠪᠰᠢᠨ ᠤ ᠰᠠᠭᠤᠷᠢ ᠪᠠᠭᠤᠷᠠᠢ ᠠᠵᠦ ᠠᠬᠤᠶᠢᠯᠠᠯ ᠤᠨ ᠰᠠᠭᠤᠷᠢ ᠲᠤᠭ᠎ᠠ ᠶᠢ ᠨᠠᠷᠢᠨ ᠪᠠᠶᠢᠴᠠᠭᠠᠵᠤ᠂ ᠬᠢᠨᠠᠨ ᠬᠠᠮᠢᠶᠠᠷᠬᠤ ᠠᠵᠦ ᠠᠬᠤᠶᠢᠯᠠᠯ ᠤᠨ ᠨᠠᠷᠢᠨ ᠳᠠᠩᠰᠠ ᠪᠠ ︽ᠨᠢᠭᠡ ᠭᠠᠵᠠᠷ ᠣᠷᠣᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠢᠭᠡ ᠠᠵᠢᠯ ᠲᠥᠷᠥᠯ ᠳᠤ ᠨᠢᠭᠡ ᠵᠢᠷᠤᠮᠵᠢᠯ ᠭᠠᠷᠭᠠᠬᠤ︾ ᠪᠠᠶᠢᠴᠠᠭᠠᠯᠲᠠ ᠶᠢᠨ ᠵᠢᠯᠣᠭᠤᠳᠤᠯᠭ᠎ᠠ ᠶᠢᠨ ᠵᠢᠷᠤᠮᠵᠢᠯ ᠳᠤ ᠦᠨᠳᠦᠰᠦᠯᠡᠨ ᠪᠠᠶᠢᠴᠠᠭᠠᠬᠤ ᠠᠵᠢᠯ ᠢ ᠥᠷᠨᠢᠭᠦᠯᠵᠦ᠂ ᠴᠢᠬᠤᠯᠠ ᠠᠷᠬᠠᠭ ᠬᠡᠮ ᠢ ᠠᠷᠢᠯᠭᠠᠨ᠂ ᠣᠨᠣᠪᠴᠢᠲᠠᠢ ᠪᠠᠷ ᠬᠠᠤᠯᠢ ᠬᠡᠷᠡᠭᠵᠢᠭᠦᠯᠵᠦ᠂ ᠥᠨᠴᠥᠭ ᠪᠤᠯᠤᠩ ᠦᠯᠡᠳᠡᠭᠡᠯ ᠦᠭᠡᠢ ᠪᠠᠷ ᠪᠦᠬᠦ ᠲᠠᠯ᠎ᠠ ᠪᠠᠷ ᠪᠠᠶᠢᠴᠠᠭᠠᠬᠤ ᠶᠢ ᠪᠠᠲᠤᠯᠠᠨ᠂ ᠲᠤᠰ ᠤᠳᠠᠭᠠᠨ ᠤ ᠪᠠᠶᠢᠴᠠᠭᠠᠯᠲᠠ ᠳᠤ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠨ᠎ᠠ᠃      ︵ᠭᠤᠷᠪᠠ︶ ᠴᠢᠩᠭ᠎ᠠ ᠪᠠᠷ ᠬᠠᠤᠯᠢ ᠬᠡᠷᠡᠭᠵᠢᠭᠦᠯᠵᠦ᠂ ᠥᠨᠳᠥᠷ ᠳᠠᠷᠤᠯᠲᠠᠲᠤ ᠪᠠᠶᠢᠳᠠᠯ ᠢ ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠪᠠᠶᠢᠴᠠᠭᠠᠯᠲᠠ ᠪᠠᠷ ᠢᠯᠡᠷᠡᠭᠦᠯᠦᠭᠰᠡᠨ ᠳᠠᠯᠳᠠ ᠭᠡᠮ ᠪᠠ ᠠᠰᠠᠭᠤᠳᠠᠯ ᠳᠤ ᠲᠤᠬᠠᠢ ᠶᠢᠨ ᠲᠠᠯᠠᠪᠠᠢ ᠳᠤ ᠬᠠᠤᠯᠢ ᠶᠣᠰᠣᠭᠠᠷ ᠰᠢᠢᠳᠪᠦᠷᠢᠯᠡᠬᠦ ᠰᠠᠨᠠᠯ ᠳᠤᠷᠠᠳᠤᠨ᠂ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠳᠡᠯ ᠬᠡᠷᠡᠭ ᠤᠨ ᠳᠠᠯᠳᠠ ᠭᠡᠮ ᠢ ᠠᠷᠢᠯᠭᠠᠨ᠎ᠠ᠃ ᠠᠵᠦ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠪᠣᠳᠠᠲᠤ ᠡᠵᠡᠮᠳᠡᠭᠴᠢ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠴᠢᠩᠭ᠎ᠠ ᠠᠳᠬᠤᠨ᠂ ᠠᠮᠤᠷ ᠲᠦᠪᠰᠢᠨ ᠤ ᠲᠤᠬᠠᠢ ᠪᠣᠯᠵᠣᠨ ᠶᠠᠷᠢᠯᠴᠠᠬᠤ᠂ ᠰᠡᠷᠡᠮᠵᠢᠯᠡᠭᠦᠯᠦᠨ ᠮᠡᠳᠡᠭᠡᠯᠡᠬᠦ᠂ ᠲᠣᠷᠭᠠᠬᠤ᠂ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠬᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ ᠠᠵᠦ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠭᠠᠷᠳᠠᠨ᠎ᠠ᠃      ︵ᠳᠥᠷᠪᠡ︶ ᠤᠬᠠᠭᠤᠯᠭ᠎ᠠ ᠶᠢ ᠴᠢᠩᠭᠠᠳᠬᠠᠵᠤ᠂ ᠣᠷᠴᠢᠨ ᠠᠬᠤᠢ ᠶᠢ ᠪᠣᠢ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠡᠯ᠎ᠡ ᠲᠥᠷᠥᠯ ᠤᠨ ᠵᠠᠭᠤᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠭᠡᠨ ᠬᠡᠪᠴᠢᠶ᠎ᠡ ᠪᠠᠷ ᠤᠬᠠᠭᠤᠯᠤᠨ᠂ ᠬᠦᠴᠦᠷᠬᠡᠭ ᠶᠡᠭᠡ ᠤᠬᠠᠭᠤᠯᠭ᠎ᠠ ᠶᠢᠨ ᠰᠦᠷ ᠬᠦᠴᠦᠨ ᠢ ᠪᠣᠢ ᠪᠣᠯᠭᠠᠵᠤ᠂ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠣᠷᠴᠢᠨ ᠠᠬᠤᠢ ᠶᠢ ᠪᠦᠷᠢᠯᠳᠦᠭᠦᠯᠦᠨ᠎ᠡ᠃ ᠠᠵᠦ ᠠᠬᠤᠶᠢᠯᠠᠯ ᠤᠨ ᠠᠵᠢᠯᠲᠠᠨ᠂ ᠢᠯᠠᠩᠭᠤᠶ᠎ᠠ ᠭᠤᠣᠯᠳᠠᠯᠭᠠᠲᠤ ᠠᠵᠢᠯ ᠤᠨ ᠪᠠᠶᠢᠷᠢ ᠳᠡᠭᠡᠷᠡᠬᠢ ᠠᠵᠢᠯᠲᠠᠨ᠂ ᠰᠢᠨ᠎ᠡ ᠪᠠᠷ ᠠᠵᠢᠯ ᠤᠨ ᠪᠠᠶᠢᠷᠢ ᠳᠤ ᠭᠠᠷᠴᠤ ᠪᠠᠶᠢᠭ᠎ᠠ ᠠᠵᠢᠯᠲᠠᠨ ᠤ ᠠᠮᠤᠷ ᠲᠦᠪᠰᠢᠨ ᠤ ᠬᠠᠮᠢᠶᠠᠷᠤᠯᠲᠠ ᠪᠠ ᠬᠥᠮᠥᠵᠢᠯ ᠪᠣᠯᠪᠠᠰᠤᠷᠠᠯ ᠤᠨ ᠠᠵᠢᠯ ᠢ ᠴᠢᠩᠭᠠᠳᠬᠠᠨ᠎ᠠ᠃ ᠴᠠᠭ ᠠᠭᠤᠷ ᠤᠨ ᠪᠠᠶᠢᠭᠤᠯᠭ᠎ᠠ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠯᠬᠢ ᠰᠢᠭᠤᠷᠭ᠎ᠠ᠂ ᠠᠭᠠᠳᠠᠷ ᠪᠣᠷᠤᠭ᠎ᠠ ᠵᠡᠷᠭᠡ ᠮᠠᠭᠤ ᠴᠠᠭ ᠠᠭᠤᠷ ᠢ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠠᠭ ᠳᠠᠷᠤᠢ ᠳᠤᠨᠢ ᠨᠡᠶᠢᠲᠡᠯᠡᠨ ᠂ ᠲᠦᠭᠰᠢᠭᠦᠷᠢ ᠶᠢ ᠰᠡᠷᠭᠡᠶᠢᠯᠡᠬᠦ᠂ ᠲᠦᠭᠰᠢᠭᠦᠷᠢ ᠠᠴᠠ ᠵᠠᠶᠢᠯᠠᠬᠤ ᠮᠡᠳᠡᠯᠭᠡ ᠮᠡᠷᠭᠡᠵᠢᠯ ᠢ ᠥᠷᠭᠡᠨ ᠢᠶᠠᠷ ᠤᠬᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠠ ᠨᠡᠶᠢᠭᠡᠮ ᠨᠡᠶᠢᠲᠡ ᠶᠢᠨ ᠬᠢᠨ ᠢ ᠵᠢᠯᠣᠭᠤᠳᠤᠨ᠂ ᠤᠷᠢᠳᠴᠢᠯᠠᠨ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠨ ᠬᠢᠨ᠎ᠡ᠃      ︵ᠲᠠᠪᠤ︶ ᠵᠢᠵᠢᠭᠦᠷᠯᠡᠬᠦ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠬᠦ ᠠᠵᠢᠯ ᠢ ᠴᠢᠩᠭᠠᠳᠬᠠᠵᠤ᠂ ᠴᠢᠬᠤᠯᠠ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠠᠵᠦ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠪᠣᠳᠠᠲᠤ ᠡᠵᠡᠮᠳᠡᠭᠴᠢ ᠪᠤᠶᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠨᠢᠭᠡ ᠨᠢ ᠡᠷᠬᠡᠪᠰᠢ ᠠᠵᠢᠯ ᠤᠨ ᠪᠠᠶᠢᠷᠢ ᠳᠡᠭᠡᠷ᠎ᠡ ᠡᠭᠡᠯᠵᠢ ᠳᠠᠭᠠᠭᠤᠯᠬᠤ ᠳᠦᠷᠢᠮ ᠢ ᠡᠷᠡᠰ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠬᠦ ᠳᠤ ᠪᠡᠯᠡᠳᠬᠡᠬᠦ ᠠᠵᠢᠯ ᠢ ᠴᠢᠩᠭᠠᠳᠬᠠᠨ᠂ ᠴᠠᠭ ᠢᠮᠠᠭᠲᠠ ᠪᠠᠴᠢᠮ ᠪᠠᠶᠢᠳᠠᠯ ᠢ ᠠᠷᠭᠠᠴᠠᠭᠠᠬᠤ ᠪᠠᠷ ᠪᠡᠯᠡᠬᠡᠨ ᠪᠠᠶᠢᠵᠤ᠂ ᠪᠠᠴᠢᠮ ᠪᠠᠶᠢᠳᠠᠯ ᠪᠠ ᠭᠡᠨᠡᠳᠲᠡ ᠶᠢᠨ ᠠᠳᠡᠯ ᠬᠡᠷᠡᠭ ᠲᠣᠬᠢᠶᠠᠯᠳᠤᠪᠠᠯ᠂ ᠴᠠᠭ ᠳᠠᠷᠤᠢ ᠳᠤᠨᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠰᠢᠢᠳᠪᠦᠷᠢᠯᠡᠨ᠎ᠡ᠃      ︵ᠵᠢᠷᠭᠤᠭ᠎ᠠ︶ ᠨᠠᠷᠢᠨ ᠬᠢᠨᠠᠮᠠᠭᠠᠢ ᠳ᠋ᠦᠩᠨᠡᠵᠦ᠂ ᠴᠠᠭ ᠳᠠᠷᠤᠢ ᠳᠤᠨᠢ ᠮᠡᠳᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠪᠠᠶᠢᠴᠠᠭᠠᠬᠤ ᠬᠡᠯᠪᠡᠷᠢ ᠪᠠ ᠠᠷᠭ᠎ᠠ ᠬᠡᠮᠵᠢᠶ᠎ᠡ ᠶᠢ ᠢᠳᠡᠪᠬᠢᠲᠡᠢ ᠰᠢᠨᠡᠴᠢᠯᠡᠨ᠂ ᠲᠤᠰᠬᠠᠢ ᠮᠡᠷᠭᠡᠵᠢᠯ ᠤᠨ ᠬᠦᠴᠦᠨ ᠢ ᠠᠰᠢᠭᠯᠠᠵᠤ᠂ ᠲᠤᠰ ᠤᠳᠠᠭᠠᠨ ᠤ ᠶᠡᠭᠡ ᠪᠠᠶᠢᠴᠠᠭᠠᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃      ᠡᠯ᠎ᠡ ᠭᠠᠵᠠᠷ ᠣᠷᠣᠨ᠂ ᠡᠯ᠎ᠡ ᠪᠠᠶᠢᠭᠤᠯᠭ᠎ᠠ ᠭᠠᠷᠠᠭ ᠪᠣᠯᠭᠠᠨ ᠤ ᠦᠳᠡ ᠶᠢᠨ ᠬᠤᠶᠢᠨ᠎ᠠ ᠶᠢᠨ 15 ᠴᠠᠭ ᠠᠴᠠ ᠡᠮᠦᠨ᠎ᠡ ᠲᠤᠰ ᠭᠠᠷᠠᠭ ᠤᠨ ᠪᠠᠶᠢᠴᠠᠭᠠᠯᠲᠠ ᠶᠢ ᠥᠷᠨᠢᠭᠦᠯᠦᠭᠰᠡᠨ ᠪᠠᠶᠢᠳᠠᠯ ᠵᠢᠴᠢ ᠳᠠᠯᠳᠠ ᠭᠡᠮ ᠢ ᠴᠡᠭᠴᠡᠯᠡᠭᠰᠡᠨ ᠪᠠᠶᠢᠳᠠᠯ ᠢ ᠮᠡᠳᠡᠭᠦᠯᠵᠦ᠂ 7 ᠰᠠᠷ᠎ᠠ ᠶᠢᠨ 27 ᠤ ᠡᠳᠦᠷ ᠠᠴᠠ ᠡᠮᠦᠨ᠎ᠡ ᠪᠠᠶᠢᠴᠠᠭᠠᠯᠲᠠ ᠶᠢᠨ ᠠᠵᠢᠯ ᠢ ᠬᠤᠷᠢᠶᠠᠩᠭᠤᠶᠢᠯᠠᠵᠤ ᠮᠡᠳᠡᠭᠦᠯᠦᠨ᠎ᠡ᠃ ︵ᠬᠤᠰᠢᠭᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠤᠨ ᠬᠠᠷᠢᠯᠴᠠᠭᠴᠢ᠄ ᠡᠾᠧ ᠰᠢᠶᠣᠣ ᠯᠢᠩ᠂ ᠬᠠᠷᠢᠯᠴᠠᠬᠤ ᠤᠲᠠᠰᠤ᠄ 6222065︔ ᠢᠮᠧᠯ᠄ 873460425@qq.com                            ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2021 ᠣᠨ ᠤ 6 ᠰᠠᠷ᠎ᠠ ᠶᠢᠨ 14 ᠤ ᠡᠳᠦᠷᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2021 ᠣᠨ ᠤ 6 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ