ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠲᠠᠷᠢᠭᠡᠷᠡᠯ
ᠨᠡᠶᠢᠲᠡᠯᠡᠭᠰᠡᠨ ᠴᠠᠭ᠄
2021/6/17
     ᠲᠠᠷᠢᠭᠡᠷᠡᠯ᠂ ᠡᠮᠡᠭᠳᠡᠢ᠂ ᠮᠤᠩᠭᠤᠯ ᠦᠨᠳᠦᠰᠦᠳᠡᠨ᠃ 1951 ᠤᠨ ᠤ 12 ᠰᠠᠷ᠎ᠠ ᠶᠢᠨ 15 ᠳᠤ ᠤᠷᠳᠤᠰ ᠬᠤᠳᠠ ᠶᠢᠨ ᠤᠳᠤᠭ ᠬᠤᠰᠢᠭᠤᠨ ᠤ ᠤᠤᠯ ᠤᠨ ᠡᠷᠭᠡᠳᠥ ᠰᠤᠮᠤᠨ ᠤ ᠰᠡᠪᠭᠦᠯ ᠭᠠᠴᠠᠭ᠎ᠠ ᠳᠤ ᠲᠦᠷᠦᠵᠡᠢ᠃ 1960 ᠤᠨ ᠠᠴᠠ 1966 ᠤᠨ ᠪᠤᠯᠳᠠᠯ᠎ᠠ ᠡᠷᠭᠡᠳᠥ ᠰᠤᠮᠤᠨ ᠤ ᠪᠠᠭ᠎ᠠ ᠰᠤᠷᠭᠠᠭᠤᠯᠢ ᠳᠤ ᠰᠤᠷᠤᠯᠴᠠᠵᠤ᠂ 1966 ᠤᠨ ᠠᠴᠠ 1969 ᠤᠨ ᠪᠤᠯᠳᠠᠯ᠎ᠠ ᠤᠳᠤᠭ ᠬᠤᠰᠢᠭᠤᠨ ᠤ ᠵᠢᠷᠨ ᠳᠠᠬᠢ ᠪᠠᠭᠰᠢ ᠶᠢᠨ ᠰᠤᠷᠭᠠᠭᠤᠯᠢ ᠳᠤ ᠰᠤᠷᠤᠯᠴᠠᠪᠠ᠃ 1969 ᠤᠨ ᠠᠴᠠ 1989 ᠤᠨ ᠪᠤᠯᠳᠠᠯ᠎ᠠ ᠡᠷᠭᠡᠳᠥ ᠰᠤᠮᠤᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠪᠠ ᠠᠯᠪᠠᠨ ᠤ ᠰᠤᠷᠭᠠᠭᠤᠯᠢ ᠳᠤ ᠪᠠᠭᠰᠢᠯᠠᠵᠤ᠂ ᠰᠤᠷᠭᠠᠭᠤᠯᠢ ᠶᠢᠨ ᠵᠠᠭᠢᠷᠤᠯ ᠪᠠ ᠵᠢᠭᠠᠨ ᠵᠢᠯᠤᠭᠤᠳᠤᠭᠴᠢ ᠶᠢᠨ ᠠᠵᠢᠯ ᠢ ᠤᠷᠢᠳ ᠬᠤᠵᠢᠳ ᠬᠠᠷᠢᠭᠤᠴᠠᠵᠤ ᠦᠡᠭᠭᠡᠷᠡᠪᠡ᠃ 1989 ᠤᠨ ᠠᠴᠠ 1996 ᠤᠨ ᠪᠤᠯᠳᠠᠯ᠎ᠠ ᠤᠳᠤᠭ ᠬᠤᠰᠢᠭᠤᠨ ᠤ ᠶᠡᠷᠦᠩᠭᠡᠶᠢᠯᠡᠭᠰᠡᠨ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠳᠤ ᠠᠵᠢᠯᠯᠠᠵᠤ ᠪᠠᠶᠢᠭᠠᠳ ᠠᠵᠢᠯ ᠤᠨ ᠠᠮᠠᠷᠠᠯᠳᠠ ᠪᠠᠨ ᠠᠪᠴᠠᠢ᠃ ᠪᠠᠭ᠎ᠠ ᠰᠤᠷᠭᠠᠭᠤᠯᠢ ᠶᠢᠨ ᠦᠨᠳᠦᠷ ᠲᠡᠰ ᠤᠨ ᠪᠠᠭᠰᠢ ᠶᠢᠨ ᠴᠤᠯᠨ ᠲᠠᠢ᠃      1998 ᠤᠨ ᠠᠴᠠ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠠᠯᠠᠯ ᠢ ᠡᠭᠢᠯᠡᠨ ᠭᠢᠵᠤ᠂ 2006 ᠤᠨ ᠳᠤ ᠦᠪᠦᠷ ᠮᠤᠩᠭᠤᠯ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠬᠤᠪᠴᠠᠰᠤᠨ ᠦᠵᠡᠭᠦᠯᠦᠯᠭᠡ ᠭᠢᠭᠰᠡᠨ ᠪᠠ 2007᠂ 2008᠂ 2009 ᠤᠨ ᠳᠤ ᠤᠷᠢᠳ ᠬᠤᠵᠢᠳ ᠤᠷᠤᠨ ᠨᠤᠳᠤᠭ ᠤᠨ ᠴᠠᠭᠠᠨ ᠰᠠᠷ᠎ᠠ  ᠶᠢᠨ ᠦᠳᠡᠰᠢᠯᠡᠭᠡ ᠪᠠ ᠴᠢᠬᠤᠯᠨ ᠶᠡᠭᠡ ᠲᠤᠭᠯᠠᠯᠳᠠ ᠳᠤ ᠮᠤᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠶᠢ ᠭᠢᠵᠤ ᠦᠡᠭᠭᠡᠷᠡᠪᠡ᠃      2006 ᠤᠨ ᠳᠤ ︽ᠴᠠᠭᠠᠨ ᠰᠦᠯᠳᠡ ᠬᠤᠨᠳᠠᠭᠠᠳᠤ︾ ᠤᠯᠠᠨ ᠤᠯᠤᠰ ᠤᠨ ᠮᠤᠩᠭᠤᠯ ᠬᠤᠪᠴᠠᠰᠤ ᠵᠠᠰᠠᠯ  ᠤᠨ ᠮᠦᠷᠦᠶᠢᠴᠡᠭᠡᠨ ᠤ ᠤᠯᠠᠮᠵᠢᠯᠠᠯᠳᠤ ᠬᠤᠪᠴᠠᠰᠤᠨ ᠤ ᠨᠢᠭᠡᠳᠦᠭᠷ ᠲᠡᠰ ᠤᠨ ᠱᠠᠩᠨᠠᠯ ᠭᠦᠷᠳᠡᠪᠡ᠃      2006 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠭᠢᠮ ᠠᠴᠠ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠠᠯᠢᠭ ᠤᠨ ᠤᠯᠠᠮᠵᠢᠯᠠᠭᠴᠢ ᠪᠠᠷ ᠰᠤᠩᠭᠤᠭᠳᠠᠪᠠ᠃      2007 ᠤᠨ ᠳᠤ ᠤᠷᠳᠤᠰ ᠬᠤᠳᠠ ᠶᠢᠨ ᠠᠩᠬᠠᠳᠠᠭᠴᠢ ᠬᠤᠭᠤᠴᠠᠭᠠᠨ ᠤ ᠮᠤᠩᠭᠤᠯ ᠦᠨᠳᠦᠰᠦᠳᠡᠨ ᠤ ᠤᠯᠠᠮᠵᠢᠯᠠᠯᠳᠤ ᠬᠤᠪᠴᠠᠰᠤ ᠵᠠᠰᠠᠯ ᠤᠨ ᠤᠷᠤᠯᠳᠤᠭᠠᠨ ᠳᠤ ᠬᠤᠪᠴᠠᠰᠤ ᠦᠢᠯᠡᠳᠦᠭᠰᠡᠨ ᠨᠢᠭᠡᠳᠦᠭᠡᠷ ᠲᠡᠰ ᠤᠨ ᠱᠠᠩᠨᠠᠯ᠂ ᠲᠤᠰ ᠤᠷᠤᠯᠳᠤᠭᠠᠨ ᠤ ᠬᠤᠪᠴᠠᠰᠤ ᠤᠷᠠᠯᠠᠨ ᠲᠦᠰᠦᠪᠯᠡᠭᠴᠢ ᠶᠢᠨ ᠬᠤᠶᠠᠳᠤᠭᠠᠷ ᠲᠡᠰ ᠤᠨ ᠱᠠᠩᠨᠠᠯ ᠪᠠ ᠤᠷᠤᠯᠳᠤᠭᠠᠨ ᠤ ᠦᠵᠡᠭᠦᠯᠦᠯᠭᠡ ᠶᠢᠨ ᠲᠤᠭᠯᠠᠯᠳᠠ ᠶᠢᠨ ᠱᠠᠩᠨᠠᠯ ᠵᠡᠷᠭᠡ ᠶᠢᠨ ᠱᠠᠩᠨᠠᠯ ᠤᠳ ᠢ ᠭᠦᠷᠳᠡᠪᠡ᠃      2007 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 60 ᠵᠢᠯ  ᠤᠨ ᠤᠢ ᠳᠤ ᠤᠷᠳᠤᠰ ᠬᠤᠳᠠ ᠶᠢ ᠲᠦᠯᠦᠭᠡᠯᠡᠨ ᠮᠤᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠭᠢᠪᠡ᠃      2007 ᠤᠨ ᠳᠤ ᠱᠠᠩᠬᠠᠢ ᠳᠤ ᠪᠤᠯᠤᠭᠰᠠᠨ ᠤᠯᠠᠨ ᠤᠯᠤᠰ ᠤᠨ ᠲᠠᠯ᠎ᠠ ᠨᠤᠳᠤᠭ ᠤᠨ ᠰᠤᠶᠤᠯ ᠤᠨ ᠨᠠᠶᠢᠷ  ᠲᠤ ᠤᠷᠳᠤᠰ ᠬᠤᠳᠠ ᠶᠢ ᠲᠦᠯᠦᠭᠡᠯᠡᠨ ᠤᠷᠤᠯᠴᠠᠪᠠ᠃      2009 ᠤᠨ ᠳᠤ ᠤᠷᠳᠤᠰ ᠬᠤᠳᠠ ᠶᠢᠨ ᠤᠳᠤᠭ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠨ ᠠᠴᠠ ᠡᠮᠡᠭᠳᠡᠢ ᠴᠢᠳᠠᠪᠤᠷᠢᠳᠠᠨ ᠢᠶᠠᠷ ᠴᠤᠯᠠᠯᠠᠪᠠ᠃      2011 ᠤᠨ ᠳᠤ ᠤᠷᠳᠤᠰ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠤᠷᠳᠤᠰ ᠬᠤᠳᠠ  ᠶᠢᠨ ᠠᠷᠠᠳ ᠤᠨ ᠤᠷᠠᠯᠢᠭᠴᠢᠳ ᠤᠨ ᠨᠡᠶᠢᠭᠡᠮᠯᠢᠭ ᠠᠴᠠ ᠤᠷᠳᠤᠰ ᠬᠤᠳᠠ ᠶᠢᠨ ᠠᠷᠠᠳ ᠤᠨ ᠰᠤᠳᠤᠨ ᠤᠷᠠᠯᠢᠭᠴᠢᠨ  ᠢᠶᠠᠷ ᠴᠤᠯᠠᠯᠠᠪᠠ᠃      ᠲᠠᠷᠢᠭᠡᠷᠡᠯ᠂ ᠬᠤᠷᠢᠭᠠᠳ ᠵᠢᠯ ᠤᠨ ᠲᠤᠷᠰᠢ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠠᠯᠠᠯ ᠢ ᠭᠢᠵᠤ᠂ ᠤᠯᠠᠨ ᠠᠷᠪᠢᠨ ᠱᠠᠩᠨᠠᠯ ᠭᠦᠭᠢᠭᠦᠯᠦᠯ ᠢ ᠤᠯᠤᠭᠰᠠᠨ ᠪᠤᠯᠪᠠᠴᠤ᠂ ᠡᠭᠦᠨ ᠳᠡᠭᠡᠨ ᠤᠮᠤᠭᠰᠢᠭᠰᠠᠨ ᠦᠭᠡᠢ ᠦᠷᠭᠦᠯᠵᠢᠯᠡᠨ ᠮᠤᠩᠭᠤᠯ ᠤᠷᠠᠯᠢᠭᠴᠢᠨ ᠢ ᠭᠦᠮᠦᠵᠢᠭᠦᠯᠵᠤ᠂ ᠲᠡᠳᠡᠨ ᠳᠤ ᠦᠪᠡᠷ ᠤᠨ ᠢᠶᠠᠨ ᠤᠷ᠎ᠠ ᠮᠡᠷᠭᠡᠵᠢᠯ ᠢᠶᠠᠨ ᠬᠠᠷᠠᠮ ᠦᠭᠡᠢ ᠵᠢᠭᠠᠨ ᠰᠤᠷᠭᠠᠵᠤ᠂ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠠᠯᠠᠯ ᠢ ᠲᠡᠯᠡᠭᠡᠢ ᠶᠢᠨ ᠭᠡᠮᠵᠢᠶᠡᠨ ᠳᠤ ᠭᠦᠷᠭᠡᠭᠦ ᠪᠠᠷ ᠦᠷᠭᠦᠯᠵᠢᠯᠡᠨ ᠴᠢᠷᠮᠠᠶᠢᠭᠰᠠᠭᠠᠷ᠃                                    ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠣᠳᠠᠰ ᠤᠨ ᠪᠤᠰᠤ ᠰᠤᠶᠤᠯ ᠤᠨ ᠥᠪ︾  ᠪᠠᠢ ᠭᠡᠷᠡᠯᠲᠦ ᠭᠤᠤᠯᠯᠠᠨ ᠨᠠᠶᠢᠷᠠᠭᠤᠯᠪᠠ   ︵ᠤᠲᠤᠭ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ︶
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ