ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 15 ᠤ ᠴᠠᠬᠢᠯᠭᠠᠨ ᠮᠡᠳᠡᠭᠡ 6 ᠰᠠᠷ᠎ᠠ ᠶᠢᠨ 16 ᠤ | ᠡᠳᠦᠷ ᠬᠡᠪᠯᠡᠭᠳᠡᠭᠰᠡᠨ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠤᠨ ︽ᠲᠡᠦᠬᠡ ᠪᠠᠷ ᠲᠤᠯᠢ ᠪᠣᠯᠭᠠᠵᠤ᠂ ᠲᠡᠦᠬᠡ ᠪᠠᠷ ᠵᠤᠷᠢᠭ ᠢᠶᠠᠨ ᠬᠦᠪᠴᠢᠯᠠᠵᠤ᠂ ᠲᠡᠦᠬᠡ ᠶᠢ | ᠤᠶᠢᠢᠯᠠᠭᠠᠨ ᠨᠠᠮ ᠢᠶᠠᠨ ᠬᠠᠶᠢᠷᠠᠯᠠᠵᠤ᠂ ᠲᠡᠦᠬᠡ ᠶᠢ ᠤᠶᠢᠢᠯᠠᠭᠠᠨ ᠤᠯᠤᠰ ᠢᠶᠠᠨ ᠬᠠᠶᠢᠷᠠᠯᠠᠶ᠎ᠠ︾ ᠭᠡᠬᠦ ᠴᠢᠬᠤᠯᠠ | ᠵᠣᠬᠢᠶᠠᠯ ᠢ ᠨᠡᠶᠢᠲᠡᠯᠡᠪᠡ᠃ ᠵᠣᠬᠢᠶᠠᠯ ᠳᠤ᠂ ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠃ ᠮᠠᠨ ᠤ ᠨᠠᠮ | ᠪᠠ ᠤᠯᠤᠰ ᠤᠨ ᠠᠵᠢᠯ ᠦᠢᠯᠡᠰ ᠤᠨ ᠦᠩᠭᠡᠷᠡᠭᠰᠡᠨ ᠤᠳᠤ ᠢᠷᠡᠭᠡᠳᠦᠢ ᠶᠢ ᠣᠶᠢᠯᠠᠭᠠᠵᠤ᠂ ᠮᠠᠨ ᠤ ᠨᠠᠮ ᠪᠠ | ᠤᠯᠤᠰ ᠤᠨ ᠲᠡᠦᠬᠡᠨ ᠲᠤᠷᠰᠢᠯᠭ᠎ᠠ ᠶᠢ ᠰᠢᠩᠭᠡᠭᠡᠨ ᠠᠪᠴᠤ᠂ ᠨᠠᠮ ᠪᠠ ᠤᠯᠤᠰ ᠤᠨ ᠲᠡᠦᠬᠡᠨ ᠳᠡᠭᠡᠷᠡᠬᠢ ᠴᠢᠬᠤᠯᠠ | ᠶᠡᠭᠡ ᠬᠡᠷᠡᠭ ᠶᠠᠪᠤᠳᠠᠯ ᠪᠠ ᠴᠢᠬᠤᠯᠠ ᠬᠥᠮᠦᠰ ᠢ ᠵᠥᠪ ᠣᠶᠢᠯᠠᠭᠠᠬᠤ ᠬᠡᠷᠡᠭᠲᠡᠢ᠃ ᠡᠨᠡ ᠨᠢ ᠨᠠᠮ ᠤᠨ ᠪᠠᠶᠢᠳᠠᠯ᠂ | ᠤᠯᠤᠰ ᠤᠨ ᠪᠠᠶᠢᠳᠠᠯ ᠢ ᠵᠥᠪ ᠢᠶᠠᠷ ᠲᠠᠨᠢᠬᠤ ᠳᠤ ᠲᠦᠢᠯ ᠤᠨ ᠴᠢᠬᠤᠯᠨ ᠪᠥᠭᠡᠳ ᠢᠷᠡᠭᠡᠳᠦᠢ ᠶᠢ ᠴᠤᠬᠴᠠᠯᠠᠬᠤ ᠳᠤ | ᠴᠦ ᠲᠦᠢᠯ ᠤᠨ ᠴᠢᠬᠤᠯᠠ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠤᠨ ᠤ ᠤᠴᠢᠷ ᠠᠴᠠ ︽ᠲᠠᠶᠢᠯᠬᠦ︾ | ᠂ ᠮᠠᠷᠺᠰ ᠤᠨ ᠦᠵᠡᠯ ᠶᠠᠭᠤᠨ ᠤ ᠤᠴᠢᠷ ᠠᠴᠠ ︽ᠪᠣᠯᠬᠤ︾᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠶᠠᠭᠤᠨ ᠤ ᠤᠴᠢᠷ ᠠᠴᠠ ︽ᠰᠠᠶᠢᠨ︾ ᠪᠠᠶᠢᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠤᠭᠤᠷᠢᠨ ᠳᠤ᠂ | ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ | ᠵᠢᠯᠤᠭᠤᠳᠤᠯᠭ᠎ᠠ ᠶᠢ ᠴᠢᠩᠭᠠᠳᠬᠠᠨ᠂ ᠥᠷᠭᠡᠨ ᠤᠯᠠᠨ ᠺᠠᠳ᠋ᠷ ᠤᠯᠠᠨ ᠲᠦᠮᠡᠨ ᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ | ᠰᠣᠶᠣᠯ ᠤᠨ ᠢᠲᠡᠭᠡᠯ ᠢ ᠨᠢ ᠪᠠᠲᠤᠳᠬᠠᠵᠤ᠂ ᠪᠦᠬᠦ ᠠᠷᠠᠳ ᠲᠦᠮᠡᠨ ᠤ ᠨᠠᠮ ᠢᠶᠠᠨ ᠬᠠᠶᠢᠷᠠᠯᠠᠬᠤ᠂ ᠤᠯᠤᠰ ᠢᠶᠠᠨ | ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠤᠯᠠᠮ ᠴᠢᠨᠠᠬᠰᠢᠳᠠ | ᠬᠥᠭᠵᠢᠭᠡᠬᠦ ᠬᠡᠷᠡᠭᠲᠡᠢ ᠭᠡᠵᠤ ᠴᠢᠬᠤᠯᠠᠴᠢᠯᠠᠪᠠ᠃ ᠵᠣᠬᠢᠶᠠᠯ ᠳᠤ᠂ ᠳᠤᠮᠳᠠᠳᠤ ᠤᠯᠤᠰ ᠲᠤ ᠳᠤᠮᠳᠠᠳᠤ ᠤᠯᠤᠰ ᠤᠨ ᠡᠪ | ᠬᠠᠮᠲᠤ ᠨᠠᠮ ᠲᠦᠷᠦ ᠪᠠᠷᠢᠭᠰᠠᠨ ᠨᠢ ᠳᠤᠮᠳᠠᠳᠤ ᠤᠯᠤᠰ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ | ᠦᠨᠳᠦᠰᠦᠲᠡᠨ ᠤ ᠨᠢᠭᠡᠨ ᠠᠵᠠ ᠲᠠᠢ ᠶᠠᠪᠤᠳᠠᠯ ᠪᠣᠯᠤᠨ᠎ᠠ᠃ | ᠪᠢᠳᠠ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡ᠂ ᠳᠤᠮᠳᠠᠳᠤ ᠤᠯᠤᠰ ᠤᠨ ᠤᠳᠦ ᠦᠶ᠎ᠡ ᠶᠢᠨ | ᠲᠡᠦᠬᠡ᠂ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠶᠢ ᠭᠦᠨᠵᠡᠭᠡᠢ ᠣᠶᠢᠯᠠᠭᠠᠳᠠᠭ ᠯᠠ ᠶᠤᠮ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠭᠰᠠᠨ ᠤᠶᠢᠭᠡᠢ ᠪᠣᠯ ᠮᠠᠨ ᠤ ᠤᠯᠤᠰ᠂ ᠮᠠᠨ ᠤ | ᠦᠨᠳᠦᠰᠦᠲᠡᠨ ᠥᠨᠥᠳᠦᠷ ᠤᠨ ᠰᠢᠭ ᠡᠶᠢᠮᠦ ᠠᠮᠵᠢᠯᠲᠠ ᠪᠦᠲᠦᠮᠵᠢ ᠣᠯᠵᠤ ᠴᠢᠳᠠᠬᠤ ᠤᠶᠢᠭᠡᠢ᠂ ᠥᠨᠥᠳᠦᠷ ᠤᠨ | ᠰᠢᠭ ᠡᠶᠢᠮᠦ ᠳᠡᠯᠡᠬᠡᠢ ᠶᠢᠨ ᠪᠠᠶᠢᠷᠢ ᠰᠠᠭᠤᠷᠢ ᠲᠠᠢ ᠪᠠᠶᠢᠵᠤ ᠴᠤ ᠴᠢᠳᠠᠬᠤ ᠤᠶᠢᠭᠡᠢ ᠭᠡᠳᠡᠭ ᠢ ᠠᠮᠠᠷᠬᠠᠨ ᠮᠡᠳᠡᠵᠦ | ᠪᠣᠯᠤᠨ᠎ᠠ᠃ ᠨᠠᠮ ᠤᠨ ᠶᠠᠪᠤᠵᠤ ᠥᠩᠭᠡᠷᠡᠭᠰᠡᠨ ᠤᠷᠪᠠᠭᠠᠨ ᠬᠥᠷᠪᠡᠭᠡᠨ ᠲᠠᠢ ᠲᠡᠦᠬᠡ ᠶᠢᠨ ᠳᠤᠮᠳᠠ ᠠᠴᠠ᠂ ᠨᠠᠮ ᠤᠨ | ᠡᠭᠦᠳᠦᠨ ᠨᠡᠭᠡᠭᠡᠭᠰᠡᠨ ᠪᠠ ᠲᠡᠰᠦᠷᠡᠯᠳᠠ ᠤᠶᠢᠭᠡᠢ ᠠᠬᠢᠭᠤᠯᠤᠭᠰᠠᠨ ᠠᠭᠤᠤ ᠶᠡᠭᠡ ᠦᠢᠯᠡᠰ ᠤᠨ ᠳᠤᠮᠳᠠ ᠠᠴᠠ᠂ | ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ | ᠪᠣᠯᠤᠨ ᠤᠷᠳᠦ ᠬᠤᠭᠤᠴᠠᠭᠠᠨ ᠤ ᠦᠢᠯᠡᠳᠦᠯᠭᠡ ᠶᠢᠨ ᠳᠤᠮᠳᠠ ᠠᠴᠠ ᠨᠠᠮ ᠤᠨ ᠲᠤᠬᠠᠢ ᠢᠲᠡᠭᠡᠯ ᠨᠠᠶᠢᠳᠠᠪᠤᠷᠢ ᠪᠠᠨ | ᠭᠦᠨᠵᠡᠭᠡᠶᠢᠷᠡᠭᠦᠯᠵᠦ᠂ ᠨᠠᠮ ᠤᠨ ᠤᠳᠤᠷᠢᠳᠤᠯᠭ᠎ᠠ ᠶᠢᠨ ᠲᠤᠬᠠᠢ ᠢᠲᠡᠭᠡᠯ ᠵᠣᠷᠢᠭ ᠢᠶᠠᠨ ᠪᠠᠲᠤᠳᠬᠠᠬᠤ ᠪᠠᠷ ᠴᠢᠷᠮᠠᠶᠢᠬᠤ | ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠡᠨᠡ ᠬᠦ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ | ᠂ ᠪᠢᠳᠡ ᠲᠠᠷᠢᠬᠢ ᠲᠣᠯᠣᠭᠠᠢ ᠪᠠᠨ ᠣᠨᠴᠠᠭᠠᠢ ᠰᠡᠷᠭᠡᠭ ᠪᠠᠶᠢᠯᠭᠠᠵᠤ᠂ ᠨᠢᠳᠦ ᠪᠠᠨ ᠣᠨᠴᠠᠭᠠᠢ ᠬᠢᠷᠠᠬᠠᠢ ᠪᠠᠶᠢᠯᠭᠠᠵᠤ᠂ | ᠵᠣᠭᠰᠣᠯᠲᠠ ᠪᠠᠨ ᠣᠨᠴᠠᠭᠠᠢ ᠡᠷᠡᠰ ᠪᠠᠲᠤ ᠪᠠᠶᠢᠯᠭᠠᠬᠤ ᠬᠡᠷᠡᠭᠲᠡᠢ᠂ ᠶᠠᠭᠠᠬᠢᠭᠰᠠᠨ ᠴᠤ ᠬᠠᠰᠢ ᠶᠠᠰᠢ ᠪᠠᠶᠢᠵᠤ ᠪᠣᠯᠬᠤ | ᠦᠭᠡᠢ ᠪᠥᠭᠡᠳ ᠭᠤᠶᠢᠪᠢᠯᠵᠠᠵᠤ ᠪᠣᠯᠬᠤ ᠦᠭᠡᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠲᠡᠦᠬᠡ | ᠪᠠ ᠠᠷᠠᠳ ᠲᠦᠮᠡᠨ ᠶᠠᠭᠤᠨ ᠤ ᠤᠴᠢᠷ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠭᠰᠠᠨ᠂ | ᠶᠠᠭᠤᠨ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ | ᠬᠥᠮᠦᠰ ᠲᠤ ᠭᠦᠨᠵᠡᠭᠡᠢ ᠤᠶᠢᠢᠯᠠᠭᠠᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠠᠷᠠᠳ | ᠤᠯᠠᠨ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ ᠶᠢ ᠰᠠᠶᠢᠲᠤᠷ ᠰᠤᠷᠤᠯᠴᠠᠨ ᠣᠶᠢᠯᠠᠭᠠᠵᠤ᠂ | ᠨᠠᠮ ᠠᠴᠠ ᠠᠷᠠᠳ ᠲᠦᠮᠡᠨ ᠢ ᠤᠳᠤᠷᠢᠳᠤᠨ ᠡᠭᠦᠳᠦᠨ ᠪᠠᠶᠢᠭᠤᠯᠤᠭᠰᠠᠨ ᠨᠡᠶᠢᠭᠡᠮ ᠵᠢᠷᠤᠮ ᠤᠨ ᠠᠭᠤᠤ ᠶᠡᠭᠡ | ᠦᠢᠯᠡᠰ ᠢ ᠰᠠᠬᠢᠨ ᠬᠠᠮᠠᠭᠠᠯᠠᠵᠤ᠂ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠭᠡᠵᠤ ᠵᠢᠭᠠᠵᠤ | ᠭᠠᠷᠭᠠᠪᠠ᠃ | |