ᠯᠢ ᠺᠧ ᠴᠢᠶᠠᠩ ᠭᠢᠷᠢᠨ ᠳᠤ ᠬᠦᠷᠴᠦ᠄ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ ᠨᠢ ᠳᠠᠷᠤᠢ ᠱᠠᠨᠠᠭ᠎ᠠ ᠪᠣᠭᠤᠮᠲᠠ ᠶᠢ ᠳᠠᠪᠠᠵᠤ ᠴᠢᠳᠠᠨ᠎ᠠ ᠭᠡᠵᠡᠢ
ᠨᠡᠶᠢᠲᠡᠯᠡᠭᠰᠡᠨ ᠴᠠᠭ᠄
2021/6/17
ᠯᠢ ᠺᠧ ᠴᠢᠶᠠᠩ 6 ᠳ᠋ᠤᠭᠠᠷ ᠰᠠᠷ᠎ᠠ ᠶᠢᠨ 15 ᠤ ᠡᠳᠦᠷ ᠭᠢᠷᠢᠨ ᠮᠤᠵᠢ ᠶᠢᠨ ᠰᠦᠩᠶᠤᠸᠠᠨ ᠬᠤᠲᠠ ᠳᠤ ᠭᠢᠷᠢᠨ ᠮᠤᠵᠢ ᠶᠢᠨ ᠫᠠᠨ ᠫᠠᠨ ᠢᠳᠡᠭᠡᠨ ᠤ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃ ᠲᠣᠰ ᠺᠣᠮᠫᠠᠨᠢ ᠪᠣᠯ ᠹᠦᠵᠢᠶᠠᠨ ᠤ ᠫᠠᠨ ᠫᠠᠨ ᠪᠦᠯᠦᠭᠯᠡᠯ ᠤᠨ 2013 ᠣᠨ ᠳᠤ ᠪᠠᠶᠢᠭᠤᠯᠤᠭᠰᠠᠨ ᠪᠦᠬᠦ ᠬᠥᠷᠥᠩᠭᠡ ᠶᠢᠨ ᠣᠷᠣᠭᠤᠯᠤᠯᠲᠤ ᠳᠠᠭᠠᠯᠲᠠ ᠺᠣᠮᠫᠠᠨᠢ ᠪᠠᠶᠢᠵᠤ᠂ 2019 ᠣᠨ ᠳᠤ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠰᠢᠨ᠎ᠡ ᠪᠠᠷ ᠣᠷᠣᠭᠤᠯᠵᠤ᠂ ᠣᠲᠣ ᠶᠠᠭ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠳᠤ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠪᠦᠯᠦᠭᠯᠡᠯ ᠤᠨ ᠬᠠᠷᠢᠭᠤᠴᠠᠯᠭᠠᠲᠠᠨ ᠶᠡᠷᠦᠩᠬᠡᠶ ᠰᠠᠶᠢᠳ ᠲᠤ ᠬᠡᠯᠡᠬᠦ ᠳᠤ ᠪᠠᠨ᠂ ᠵᠠᠷᠢᠮ ᠬᠥᠮᠦᠨ ︽ᠪᠠᠯᠠ ᠣᠷᠣᠭᠤᠯᠤᠯᠲᠠ ᠨᠢ ᠱᠠᠨᠠᠭ᠎ᠠ ᠪᠣᠭᠤᠮᠲᠠ ᠶᠢ ᠳᠠᠪᠠᠵᠤ ᠴᠢᠳᠠᠬᠤ ᠦᠭᠡᠢ︾ ᠭᠡᠵᠦ ᠬᠡᠯᠡᠳᠡᠭ᠃ ᠭᠡᠲᠡᠯ᠎ᠡ ᠫᠠᠨ ᠫᠠᠨ ᠢᠳᠡᠭᠡᠨ ᠤ ᠪᠠᠯᠠ ᠣᠷᠣᠭᠤᠯᠤᠯᠲᠠ ᠨᠢ ᠱᠠᠨᠠᠭ᠎ᠠ ᠪᠣᠭᠤᠮᠲᠠ ᠶᠢ ᠳᠠᠪᠠᠭᠰᠠᠨ ᠢᠶᠠᠷ ᠪᠠᠷᠠᠬᠤ ᠥᠬᠡᠶ᠂ ᠶᠠᠪᠤᠬᠤ ᠲᠤᠲᠤᠮ ᠤᠯᠠᠮ ᠤᠷᠤᠭᠰᠢᠲᠠᠶ ᠪᠣᠯᠵᠣ᠂ ᠪᠠᠯᠠ ᠣᠷᠣᠭᠤᠯᠬᠤ ᠲᠤᠲᠤᠮ ᠤᠯᠠᠮ ᠢᠲᠡᠭᠡᠯ ᠲᠡᠭᠦᠯᠳᠡᠷ ᠪᠣᠯᠵᠤ ᠪᠠᠶᠢᠨ᠎ᠠ ᠭᠡᠵᠡᠢ᠃ ᠶᠡᠷᠦᠩᠬᠡᠶ ᠰᠠᠶᠢᠳ ᠬᠡᠯᠡᠬᠦ ᠳᠤ ᠪᠠᠨ᠂ ᠲᠠ ᠨᠠᠷ ᠵᠡᠭᠦᠨ ᠡᠮᠦᠨᠡᠲᠦ ᠶᠢᠨ ᠳᠠᠯᠠᠶ ᠳᠠᠭᠠᠤ ᠣᠷᠣᠨ ᠠᠴᠠ ᠭᠢᠷᠢᠨ ᠮᠤᠵᠢ ᠶᠢᠨ ᠰᠦᠩᠶᠤᠸᠠᠨ ᠳᠤ ᠢᠷᠡᠵᠦ ᠪᠡᠯᠡ ᠣᠷᠣᠭᠤᠯᠤᠨ ᠦᠢᠯᠡᠳᠪᠦᠷᠢ ᠪᠠᠶᠢᠭᠤᠯᠤᠭᠰᠠᠨ ᠮᠥᠷᠲᠡᠭᠡᠨ ᠪᠡᠯᠡ ᠣᠷᠣᠭᠤᠯᠤᠯᠲᠠ ᠶᠢᠨ ᠬᠡᠮᠵᠢᠶ᠎ᠡ ᠪᠠᠨ ᠤᠯᠠᠮ ᠶᠡᠬᠡᠰᠬᠡᠵᠦ ᠪᠠᠶᠢᠨ᠎ᠠ᠃ ᠡᠨᠡ ᠨᠢ ᠠᠳᠡᠬᠢ ᠡᠳ᠋ ᠭᠠᠷᠤᠯᠲᠠ ᠡᠯᠪᠡᠭ ᠳᠡᠯᠪᠡᠭ ᠢᠶᠠᠷ ᠪᠠᠷᠠᠬᠤ ᠦᠭᠡᠶ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠴᠦ ᠬᠢᠷᠢ ᠲᠡᠩᠴᠡᠭᠰᠡᠨ ᠢ ᠬᠠᠷᠠᠭᠤᠯᠵᠤ ᠪᠠᠶᠢᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ ᠨᠢ ᠳᠠᠷᠤᠢ ᠱᠠᠨᠠᠭ᠎ᠠ ᠪᠣᠭᠤᠮᠲᠠ ᠶᠢ ᠳᠠᠪᠠᠵᠤ ᠴᠢᠳᠠᠨ᠎ᠠ᠃ ᠲᠠ ᠨᠠᠷ ᠤᠨ ᠢᠲᠡᠭᠡᠯ ᠵᠣᠷᠢᠭ ᠢᠶᠠᠨ ᠪᠣᠭᠤᠮᠲᠠ ᠶᠢᠨ ᠳᠣᠲᠣᠷᠠᠬᠢ ᠨᠡᠩ ᠣᠯᠠᠨ ᠠᠵᠤ ᠠᠬᠤᠶᠢᠯᠠᠯ ᠳᠤ ᠳᠠᠮᠵᠢᠭᠤᠯᠵᠤ᠂ ᠪᠣᠭᠤᠮᠲᠠ ᠶᠢᠨ ᠭᠠᠳᠠᠨ᠎ᠠ ᠪᠡᠯᠡ ᠣᠷᠣᠭᠤᠯᠬᠤ ᠰᠠᠶᠢᠨ ᠰᠠᠶᠢᠬᠠᠨ ᠣᠷᠴᠢᠨ ᠨᠥᠬᠦᠴᠡᠯ ᠲᠠᠢ᠂ ᠬᠥᠭᠵᠢᠯᠲᠡ ᠶᠢᠨ ᠠᠯᠤᠰ ᠢᠷᠡᠭᠡᠳᠦᠢ ᠲᠠᠢ ᠪᠠᠶᠢᠬᠤ ᠶᠢ ᠣᠯᠠᠨ ᠳᠤ ᠮᠡᠳᠡᠭᠦᠯᠵᠦ᠂ ᠨᠡᠩ ᠤᠯᠠᠨ ᠪᠡᠯᠡ ᠣᠷᠣᠭᠤᠯᠤᠯᠲᠠ ᠶᠢᠨ ᠱᠠᠨᠠᠭ᠎ᠠ ᠪᠣᠭᠤᠮᠲᠠ ᠶᠢ ᠳᠠᠪᠠᠨ ᠣᠷᠣᠵᠤ ᠢᠷᠡᠬᠦ ᠶᠢ ᠬᠦᠰᠡᠵᠦ ᠪᠠᠶᠢᠨ᠎ᠠ ᠭᠡᠪᠡ᠃ ᠰᠢᠨᠵᠢᠯᠡᠨ ᠪᠠᠶᠢᠴᠠᠭᠠᠬᠤ ᠳᠤ ᠪᠠᠨ᠂ ᠯᠢ ᠺᠧ ᠴᠢᠶᠠᠩ ᠲᠤᠰ ᠺᠣᠮᠫᠠᠨᠢ ᠶᠢᠨ ᠢᠳᠡᠭᠡᠨ ᠤᠮᠳᠠᠭᠠᠨ ᠤ ᠦᠢᠯᠡᠳᠪᠦᠷᠢᠯᠡᠯ ᠤᠨ ᠱᠤᠭᠤᠮ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠬᠦᠨ ᠤ ᠰᠤᠳᠤᠯᠤᠨ ᠨᠡᠭᠡᠭᠡᠯᠲᠡ ᠬᠢᠭᠰᠡᠨ ᠵᠡᠷᠭᠡ ᠪᠠᠶᠢᠳᠠᠯ ᠢ ᠣᠶᠢᠯᠠᠭᠠᠵᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠲᠤᠬᠠᠢ ᠯᠠᠪᠯᠠᠨ ᠠᠰᠠᠭᠤᠪᠠ᠃ ᠶᠡᠷᠦᠩᠬᠡᠶ ᠰᠠᠶᠢᠳ ᠠᠵᠢᠯᠲᠠᠳ ᠲᠤ ᠬᠡᠯᠡᠬᠦ ᠳᠤ ᠪᠠᠨ᠂ ᠢᠳᠡᠭᠡᠨ ᠤ ᠠᠵᠢᠯ ᠲᠥᠷᠥᠯ ᠪᠣᠯ ᠥᠨᠢ ᠡᠭᠦᠷᠢᠳᠡ ᠶᠢᠨ ᠥᠭᠡᠳᠡᠷᠬᠡᠭ ᠠᠵᠤ ᠦᠢᠯᠡᠰ ᠮᠥᠨ᠃ ᠠᠷᠠᠳ ᠣᠯᠠᠨ ᠤ ᠣᠯᠠᠨ ᠶᠠᠩᠵᠤ ᠶᠢᠨ ᠡᠷᠡᠭᠦᠯ ᠮᠡᠨᠳᠦ ᠶᠢᠨ ᠬᠡᠷᠡᠭᠴᠡᠭᠡ ᠳᠤ ᠵᠣᠬᠢᠴᠠᠭᠤᠯᠤᠨ᠂ ᠲᠠᠰᠤᠷᠠᠯᠲᠠ ᠥᠬᠡᠶ ᠰᠢᠨ᠎ᠡ ᠦᠢᠯᠡᠳᠬᠦᠨ ᠢ ᠰᠤᠳᠤᠯᠤᠨ ᠭᠠᠷᠭᠠᠬᠤ ᠬᠡᠷᠡᠭᠲᠡᠶ᠃ ᠫᠠᠨ ᠫᠠᠨ ᠺᠣᠮᠫᠠᠨᠢ ᠶᠢᠨ ᠢᠷᠡᠭᠡᠳᠦᠢ ᠶᠢᠨ ᠵᠠᠮ ᠮᠠᠰᠢ ᠥᠷᠭᠡᠨ ᠪᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号