ᠰᠢ ᠶᠢᠨ ᠫᠢᠩ ᠬᠤᠪᠸᠢ ᠶᠢᠨ ᠱᠢ ᠶᠠᠨ ᠬᠤᠳᠠ ᠶᠢᠨ ᠵᠠᠩ ᠸᠠᠨ ᠲᠣᠭᠤᠷᠢᠭ ᠤᠨ ᠶᠠᠨ ᠬᠤ᠋ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠴᠢᠬᠤᠯᠠ ᠵᠢᠭᠠᠪᠤᠷᠢ ᠥᠭᠴᠤ ᠱᠠᠭᠠᠷᠲᠠᠬᠰᠠᠨ ᠨᠢ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠤᠭᠤᠬ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠭᠡᠷᠡᠭᠳᠠᠢ
ᠨᠡᠶᠢᠲᠡᠯᠡᠭᠰᠡᠨ ᠴᠠᠭ᠄
2021/6/17
ᠯᠢ ᠺᠧ ᠴᠢᠶᠠᠩ ᠠᠪᠤᠷᠠᠨ ᠲᠤᠰᠠᠯᠠᠬᠤ ᠠᠵᠢᠯ ᠳᠤ ᠴᠣᠬᠤᠯᠠᠪᠤᠷᠢ ᠦᠭᠴᠠᠢ 6 ᠰᠠᠷ᠎ᠠ ᠶᠢᠨ 13 ᠤ ᠡᠳᠦᠷ ᠤᠨ 6 ᠴᠠᠭ 40 ᠮᠢᠨᠦ᠋ᠲ ᠤᠨ ᠦᠶ᠎ᠡ ᠪᠠᠷ᠂ ᠬᠤᠪᠸᠢ ᠶᠢᠨ ᠱᠢ ᠶᠠᠨ ᠬᠤᠳᠠ ᠶᠢᠨ ᠵᠠᠩ ᠸᠠᠨ ᠲᠣᠭᠤᠷᠢᠭ ᠤᠨ ᠶᠠᠨ ᠬᠤ᠋ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠡᠭᠦᠰᠪᠡ᠃ ᠣᠳᠣᠬᠠᠨ ᠪᠣᠯᠲᠠᠯ᠎ᠠ 12 ᠬᠥᠮᠦᠨ ᠠᠳᠡᠵᠦ᠂ 37 ᠬᠥᠮᠦᠨ ᠬᠦᠨᠳᠦ ᠰᠢᠷᠬᠠᠲᠤᠵᠤ᠂ ᠬᠡᠰᠡᠭ ᠬᠦᠮᠦᠰ ᠠᠳᠠᠯᠢ ᠪᠤᠰᠤ ᠬᠡᠮᠵᠢᠶ᠎ᠡ ᠪᠠᠷ ᠰᠢᠷᠬᠠᠲᠤᠪᠠ᠃ ᠠᠳᠡᠯ ᠭᠠᠷᠤᠭᠰᠠᠨ ᠤ ᠳᠠᠷᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠡ ᠳᠠᠷᠤᠶ ᠳᠤᠨᠢ ᠴᠢᠬᠤᠯᠠ ᠵᠢᠭᠠᠪᠤᠷᠢ ᠥᠭᠴᠦ᠂ ᠬᠤᠪᠧᠶ ᠶᠢᠨ ᠱᠢ ᠶᠠᠨ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠠᠳᠡᠯ ᠳᠤ ᠬᠦᠨᠳᠦ ᠶᠡᠭᠡ ᠬᠥᠮᠦᠨ ᠬᠠᠷ᠎ᠠ ᠠᠳᠡᠵᠦ ᠰᠢᠷᠬᠠᠲᠤᠪᠠ᠂ ᠬᠦᠨᠵᠡᠭᠡᠢ ᠰᠤᠷᠭᠠᠮᠵᠢ ᠠᠪᠬᠤ ᠭᠡᠷᠡᠭᠲᠡᠢ︕ ᠰᠢᠷᠬᠠᠲᠤᠭᠰᠠᠳ ᠢ ᠪᠦᠬᠦ ᠬᠦᠴᠦᠨ ᠢᠶᠠᠷ ᠢᠶᠠᠨ ᠠᠪᠤᠷᠠᠵᠤ᠂ ᠠᠳᠡᠵᠤ ᠰᠢᠷᠬᠠᠲᠤᠭᠰᠠᠨ ᠬᠥᠮᠦᠰ ᠤᠨ ᠲᠦᠷᠦᠯ ᠰᠠᠳᠤᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠰᠠᠶᠢᠲᠤᠷ ᠬᠢᠵᠦ᠂ ᠰᠢᠯᠲᠠᠭᠠᠨ ᠢ ᠠᠯᠢ ᠲᠦᠷᠭᠡᠨ ᠢᠶᠠᠷ ᠪᠠᠶᠢᠴᠠᠭᠠᠨ ᠲᠤᠳᠤᠯᠠᠵᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ ᠬᠡᠪᠡ᠃ ᠰᠢ ᠶᠢᠨ ᠫᠢᠩ᠂ ᠤᠶᠢᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠤᠯᠠᠨ ᠭᠠᠵᠠᠷ ᠲᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠷᠡᠭ ᠡᠬᠦᠰᠪᠠ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠤᠭᠤᠬ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠬᠦ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠪᠣᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠨ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠠᠳᠡᠯ ᠰᠢᠷᠬᠠᠲᠤᠯ ᠢ ᠪᠠᠭᠠᠰᠬᠠᠵᠤ᠂ ᠠᠳᠡᠯ ᠤᠨ ᠰᠢᠯᠲᠠᠭᠠᠨ ᠢ ᠨᠠᠷᠢᠨ ᠬᠢᠨᠠᠮᠠᠭᠠᠢ ᠪᠠᠶᠢᠴᠠᠭᠠᠨ ᠲᠤᠳᠤᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠠᠮᠤᠷ ᠲᠦᠪᠰᠢᠨ ᠤ ᠠᠳᠡᠯ ᠮᠥᠨ ᠬᠦ ᠣᠯᠠᠨ ᠡᠭᠦᠰᠬᠦ ᠬᠠᠨᠳᠤᠰᠢ ᠲᠠᠢ ᠪᠠᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠦᠷᠢᠯᠡᠯ ᠤᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠡᠯ᠎ᠡ ᠭᠠᠵᠠᠷ ᠤᠨ ᠬᠢᠨ ᠢ ᠱᠠᠯᠠᠪᠳᠠᠭᠤᠯᠤᠨ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠡᠮ ᠰᠤᠭᠤᠬ ᠢ ᠵᠢᠭᠰᠠᠭᠠᠨ ᠪᠠᠶᠢᠴᠠᠭᠠᠬᠤ ᠠᠵᠢᠯ ᠢ ᠦᠨᠡᠨ ᠬᠦ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠬᠯᠠᠬᠤ ᠬᠡᠷᠡᠭᠲᠡᠶ ᠭᠡᠵᠤ ᠱᠠᠭᠠᠷᠳᠠᠪᠠ᠃ ᠰᠢ ᠶᠢᠨ ᠫᠢᠩ ᠤᠨ ᠵᠢᠭᠠᠪᠤᠷᠢ ᠪᠣᠯᠤᠨ ᠯᠢ ᠺᠧ ᠴᠢᠶᠠᠩ ᠤᠨ ᠱᠠᠭᠠᠷᠳᠠᠯᠭ᠎ᠠ ᠶᠤᠰᠤᠭᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠠᠳᠡᠯ ᠢ ᠰᠢᠢᠳᠪᠦᠷᠢᠯᠡᠬᠦ ᠠᠵᠢᠯ ᠢ ᠵᠢᠯᠣᠭᠤᠳᠴᠤ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠲᠦᠯᠡᠭᠳᠡᠭᠰᠡᠨ ᠰᠢᠷᠬ᠎ᠠ᠂ ᠰᠡᠳᠬᠢᠴᠡ ᠶᠢᠨ ᠵᠢᠯᠤᠭᠤᠳᠤᠯᠭ᠎ᠠ ᠶᠢᠨ ᠲᠤᠰᠬᠠᠶ ᠮᠡᠷᠭᠡᠵᠢᠯᠲᠡᠨ ᠵᠡᠷᠭᠡ ᠶᠢ ᠰᠢᠯᠵᠢᠬᠦᠯᠤᠨ ᠲᠤᠮᠢᠯᠠᠵᠤ ᠤᠯᠤᠰ ᠤᠨ ᠲᠠᠰ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠤᠨ ᠲᠤᠬᠠᠶ ᠶᠢᠨ ᠭᠠᠵᠠᠷ ᠲᠤ ᠬᠦᠷᠴᠦ ᠠᠳᠡᠯ ᠤᠨ ᠪᠠᠴᠢᠮ ᠠᠨᠠᠭᠠᠬᠤ ᠤᠬᠠᠭᠠᠨ ᠤ ᠠᠪᠤᠷᠠᠨ ᠲᠤᠰᠠᠯᠠᠯᠲᠠ ᠶᠢ ᠰᠠᠶᠢᠲᠤᠷ ᠬᠢᠬᠦ ᠶᠢ ᠵᠢᠯᠣᠭᠤᠳᠤᠭᠤᠯᠪᠠ᠃ ᠬᠤᠪᠸᠢ ᠮᠤᠵᠢ᠂ ᠱᠢ ᠶᠠᠨ ᠬᠤᠲᠠ ᠶᠢᠨ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ᠨᠢᠭᠡᠨᠲᠡ ᠲᠤᠬᠠᠶ ᠶᠢᠨ ᠲᠠᠯᠠᠪᠠᠶ ᠳᠤ ᠵᠢᠯᠣᠭᠤᠳᠤᠨ ᠰᠢᠢᠳᠪᠦᠷᠢᠯᠡᠵᠦ ᠪᠤᠢ᠃ ᠣᠳᠣᠬᠠᠨ ᠳᠤ᠂ ᠲᠤᠬᠠᠶ ᠶᠢᠨ ᠲᠠᠯᠠᠪᠠᠶ ᠶᠢᠨ ᠠᠪᠤᠷᠠᠨ ᠲᠤᠰᠠᠯᠠᠬᠤ᠂ ᠰᠢᠷᠬᠠᠲᠤᠭᠰᠠᠳ ᠢ ᠠᠪᠤᠷᠠᠨ ᠡᠮᠨᠡᠬᠦ ᠵᠡᠷᠭᠡ ᠠᠵᠢᠯ ᠶᠠᠭ ᠪᠠᠴᠢᠮ ᠶᠠᠭᠠᠷᠠᠯᠳᠠᠢ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号