2021 ᠣᠨ ᠤ ᠪᠦᠬᠦ ᠬᠤᠰᠢᠭᠤᠨ ᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠥᠷᠨᠢᠭᠦᠯᠬᠦ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/6/17
                 ᠣᠳᠤᠭ ᠵᠡᠰᠠᠭ ᠠᠯᠪᠡᠨ ᠲᠡᠷᠬᠠᠭᠠᠭᠰᠡᠨ  ﹇2021﹈ 40 ᠳ᠋ᠦ᠋ᠭᠡᠷ ᠲᠣᠭᠠᠳᠣ            2021 ᠣᠨ ᠤ ᠪᠦᠬᠦ ᠬᠤᠰᠢᠭᠤᠨ ᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ ︾ ᠠᠵᠢᠯᠯᠠᠭ᠎ᠠ ᠥᠷᠨᠢᠭᠦᠯᠬᠦ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠡᠯ᠎ᠡ ᠠᠵᠤ ᠠᠬᠤᠢ ᠶᠢᠨ ᠨᠡᠭᠡᠭᠡᠯᠲᠡ ︵ᠬᠦᠷᠢᠶᠡᠯᠡᠩ ᠲᠣᠭᠤᠷᠢᠭ︶ ᠶᠢᠨ ᠬᠠᠮᠢᠶᠠᠷᠤᠯᠲᠠ ᠶᠢᠨ ᠵᠦᠪᠯᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠠ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠪᠠ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽2021 ᠣᠨ ᠤ ᠪᠦᠬᠦ ᠬᠤᠲᠠ ᠶᠢᠨ ︿ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠬᠤ﹀ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ﹇2021﹈ 10 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠳᠤ ᠦᠨᠳᠦᠰᠦᠯᠡᠵᠦ᠂ ᠪᠦᠬᠦ ᠬᠤᠰᠢᠭᠤᠨ ᠤ 2021 ᠣᠨ ᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠶᠢ ᠦᠨᠡᠨ ᠬᠦ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠳ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯᠯᠠᠭᠠᠨ ᠤ ᠭᠤᠣᠯ ᠰᠡᠳᠦᠪ      ᠨᠢᠭᠡ ᠡᠳᠦᠷ ᠤᠨ ᠣᠷᠣᠯᠭ᠎ᠠ ᠪᠠᠨ ᠬᠠᠨᠳᠢᠪᠯᠡᠵᠤ᠂ ᠰᠡᠳᠬᠢᠯ ᠢᠶᠠᠨ ᠢᠯᠡᠳᠬᠡᠶ᠎ᠡ᠃      ᠬᠤᠶᠠᠷ᠂ ᠣᠷᠣᠯᠴᠠᠬᠤ ᠬᠦᠷᠢᠶ᠎ᠡ ᠬᠡᠪᠴᠢᠶ᠎ᠡ      ᠪᠦᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠬᠢᠭᠡᠳ ᠨᠡᠶᠢᠭᠡᠮ ᠤᠨ ᠡᠯ᠎ᠡ ᠲᠠᠯ᠎ᠠ ᠶᠢᠨ ᠬᠢᠨ᠃      ᠭᠤᠷᠪᠠ᠂ ᠬᠠᠨᠳᠢᠪᠯᠡᠭ᠌ᠰᠠᠨ ᠵᠣᠭᠤᠰ ᠢ ᠬᠡᠷᠡᠭᠯᠡᠬᠦ ᠠᠷᠭ᠎ᠠ      ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠠᠷ ᠲᠤᠰᠠᠯᠠᠭᠰᠠᠨ ᠪᠡᠯᠡ ᠮᠥᠩᠭᠦᠨ ᠤ 20% ᠶᠢ ᠭᠠᠮᠰᠢᠭ ᠠᠴᠠ ᠠᠪᠤᠷᠠᠬᠤ ᠨᠥᠭᠡᠴᠡ ᠮᠥᠩᠭᠦ ᠪᠠᠷ ᠬᠡᠷᠡᠭᠯᠡᠨ᠎ᠡ︔ ᠪᠡᠯᠡ ᠮᠥᠩᠭᠦᠨ ᠤ 30% ᠶᠢ ᠣᠣᠯ ᠤᠨ ᠬᠥᠮᠦᠯᠢᠭ ᠦᠵᠡᠯ ᠤᠨ ᠬᠠᠶᠢᠷ᠎ᠠ ᠬᠠᠯᠠᠮᠵᠢ ᠦᠵᠡᠭᠦᠯᠵᠦ ᠠᠪᠤᠷᠠᠨ ᠲᠤᠰᠠᠯᠠᠬᠤ ᠨᠡᠷᠡᠲᠦ ᠲᠡᠮᠳᠡᠭᠲᠦ ᠶᠢᠨ ᠲᠥᠷᠥᠯ ᠵᠦᠢᠯ ᠢ ᠪᠠᠬᠢᠵᠢᠭᠦᠯᠬᠦ ᠳᠤ ᠬᠡᠷᠡᠭᠯᠡᠨ᠎ᠡ︔ ᠪᠡᠯᠡ ᠮᠥᠩᠭᠦᠨ ᠤ 50% ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠭᠰᠠᠨ ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠳᠤ ᠬᠡᠷᠡᠭᠯᠡᠨ᠎ᠡ᠃ ᠲᠤᠬᠠᠢ ᠶᠢᠨ ᠵᠢᠯ ᠤᠨ ᠲᠤᠰᠠᠯᠠᠭᠰᠠᠨ ᠮᠥᠩᠭᠦ ᠨᠢ 75 ᠲᠦᠮᠡᠨ ᠲᠦᠭᠦᠷᠢᠭ ᠢ ᠳᠠᠪᠠᠭᠰᠠᠨ ᠪᠣᠯ᠂ ᠪᠡᠯᠡ ᠮᠥᠩᠭᠦᠨ ᠤ ᠵᠠᠷᠤᠯᠭ᠎ᠠ ᠶᠢᠨ ᠪᠦᠲᠤᠴᠡ ᠳᠤ ᠲᠣᠬᠢᠷᠠᠭᠤᠯᠤᠯᠲᠠ ᠬᠢᠵᠤ ᠪᠣᠯᠣᠨ᠎ᠠ᠂ ᠳᠠᠷᠤᠢ ᠲᠤᠰᠠᠯᠠᠭᠰᠠᠨ ᠮᠥᠩᠭᠦᠨ ᠤ 30% ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠭᠰᠠᠨ ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠳᠤ ᠬᠡᠷᠡᠭᠯᠡᠵᠦ᠂ 50% ᠶᠢ ᠤᠤᠯ ᠤᠨ ᠬᠥᠮᠦᠯᠢᠭ ᠦᠵᠡᠯ ᠤᠨ ᠠᠪᠤᠷᠠᠨ ᠲᠤᠰᠠᠯᠠᠬᠤ ᠲᠥᠷᠥᠯ ᠵᠦᠢᠯ ᠢ ᠪᠠᠬᠢᠵᠢᠭᠦᠯᠬᠦ ᠳᠤ ᠬᠡᠷᠡᠭᠯᠡᠨ᠎ᠡ᠃      ᠳᠥᠷᠪᠡ᠂ ᠪᠤᠰᠤᠳ ᠵᠦᠢᠯᠡᠰ      ︵ᠨᠢᠭᠡ︶ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠣᠯ ᠨᠢᠭᠡ ᠲᠥᠷᠥᠯ ᠤᠨ ᠤᠷᠲᠤ ᠬᠤᠭᠤᠴᠠᠭᠠᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠬᠤᠰᠢᠭᠤᠨ ᠤ ︽ᠲᠠᠪᠤ ᠶᠢ ᠴᠣᠭᠴᠠᠵᠢᠭᠤᠯᠬᠤ︾ ᠶᠡᠷᠦᠩᠬᠡᠶᠢᠯᠡᠭᠰᠡᠨ ᠬᠢᠨᠠᠨ ᠰᠢᠯᠭᠠᠷᠠᠭᠤᠯᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠤᠭᠰᠠᠨ ᠠᠴᠠ ᠡᠯ᠎ᠡ ᠪᠠᠶᠢᠭᠤᠯᠭ᠎ᠠ ᠨᠢᠭᠡᠴᠢ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠢᠳᠡᠪᠬᠢᠲᠡᠢ ᠵᠣᠬᠢᠶᠠᠨ ᠪᠠᠶᠢᠭᠤᠯᠤᠨ᠂ ᠨᠢᠮᠪᠡᠢ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂  ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠣᠬᠢᠶᠠᠨ ᠪᠠᠶᠢᠭᠤᠯᠬᠤ᠂ ᠬᠠᠮᠢᠶᠠᠷᠬᠤ᠂ ᠬᠠᠷᠢᠭᠤᠴᠠᠬᠤ ᠵᠠᠷᠴᠢᠮ ᠢᠶᠠᠷ ᠵᠣᠬᠢᠶᠠᠨ ᠪᠠᠶᠢᠭᠤᠯᠤᠨ  ᠡᠷᠬᠢᠯᠡᠨ ᠬᠢᠨ᠎ᠡ᠃ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠪᠠᠶᠢᠭᠤᠯᠭ᠎ᠠ ᠵᠢᠴᠢ ᠨᠤᠲᠤᠭᠰᠢᠭᠰᠠᠨ ᠠᠵᠤ ᠠᠬᠤᠶᠢᠯᠠᠯ ᠲᠣᠰ ᠪᠠᠶᠢᠭᠤᠯᠭ᠎ᠠ ᠨᠢᠭᠡᠴᠢ ᠶᠢᠨ ᠢᠶᠠᠨ ᠠᠵᠢᠯᠲᠠᠨ ᠢ ᠵᠣᠬᠢᠶᠠᠨ ᠪᠠᠶᠢᠭᠤᠯᠵᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠶᠢᠨ ᠳᠠᠭᠠᠤ ᠲᠤᠰᠠᠯᠠᠭᠰᠠᠨ ᠮᠥᠩᠭᠦ ᠶᠢ ᠱᠠᠭᠠᠷᠳᠠᠯᠭ᠎ᠠ ᠶᠣᠰᠣᠭᠠᠷ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠲᠤᠰᠢᠶᠠᠵᠤ ᠨᠢᠭᠡᠳᠦᠯᠲᠡᠢ ᠲᠣᠬᠢᠷᠠᠭᠤᠯᠤᠨ ᠬᠡᠷᠡᠭᠯᠡᠵᠦ᠂ ᠳᠤᠮᠳᠠ ᠠᠴᠠ  ᠨᠢ ᠦᠯᠡᠳᠡᠭᠡᠵᠦ ᠪᠣᠯᠬᠤ ᠦᠭᠡᠢ᠃ 2021 ᠣᠨ ᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠶᠢ 2021 ᠣᠨ ᠤ 11 ᠰᠠᠷ᠎ᠠ ᠶᠢᠨ ᠰᠡᠭᠦᠯᠴᠢ ᠳᠤ ᠪᠡᠶᠡᠯᠡᠭᠦᠯᠦᠨ᠎ᠡ᠃      ︵ᠬᠤᠶᠠᠷ︶ ᠡᠯ᠎ᠡ ᠪᠠᠶᠢᠭᠤᠯᠭ᠎ᠠ᠂ ᠡᠯ᠎ᠡ ᠪᠠᠶᠢᠭᠤᠯᠭ᠎ᠠ ᠨᠢᠭᠡᠴᠢ ᠶᠡᠷᠦᠩᠬᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠳᠥᠷᠪᠡᠳᠦᠭᠡᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠣᠭᠤᠰᠢᠯᠭᠤᠯᠵᠤ ᠨᠠᠶᠢᠳᠠᠪᠤᠷᠢᠵᠢᠭᠤᠯᠤᠨ᠂ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠠᠷ ᠬᠥᠮᠦᠯᠢᠭ ᠦᠵᠡᠯ ᠤᠨ ᠬᠦᠴᠦᠨ ᠴᠢᠳᠠᠯ ᠢ ᠨᠢᠭᠲᠠᠷᠠᠭᠤᠯᠬᠤ᠂ ᠬᠢᠵᠢᠭ ᠢ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠬᠦ᠂ ᠠᠷᠠᠳ ᠤᠨ ᠠᠮᠢᠳᠤᠷᠠᠯ ᠤᠨ ᠳᠣᠲᠠᠭᠤᠳᠠᠯ ᠢ ᠨᠥᠬᠦᠪᠦᠷᠢᠯᠡᠬᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠵᠦ ᠦᠢᠯᠡᠳᠦᠯᠭᠡᠵᠢᠭᠦᠯᠬᠦ ᠵᠡᠷᠭᠡ ᠲᠠᠯ᠎ᠠ ᠳᠠᠬᠢ ᠴᠢᠬᠤᠯᠠ ᠦᠢᠯᠡᠳᠦᠯ ᠤᠨ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠤᠯᠠᠮ ᠨᠢᠭᠡᠳᠦᠭᠦᠯᠦᠨ᠂ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠶᠢ ᠠᠷᠠᠳ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠵᠢᠴᠢ ᠣᠶᠣᠨ ᠤ ᠪᠣᠯᠪᠠᠰᠤᠨ ᠤ ᠪᠠᠶᠢᠭᠤᠯᠤᠯᠲᠠ ᠶᠢ ᠪᠠᠲᠤᠲᠠᠢ ᠥᠷᠨᠢᠭᠦᠯᠬᠦ ᠪᠦᠲᠦᠮᠵᠢᠲᠡᠢ ᠠᠴᠢᠶᠠᠯᠠᠪᠤᠷᠢ ᠪᠠ ᠪᠣᠳᠠᠲᠠᠢ ᠦᠢᠯᠡᠳᠦᠯᠭᠡ ᠪᠣᠯᠭᠠᠨ᠎ᠠ᠃ ᠥᠷᠭᠡᠨ ᠣᠯᠠᠨ ᠤᠳᠤᠷᠢᠳᠬᠤ ᠺᠠᠳ᠋ᠷ ᠪᠣᠯᠣᠨ ᠨᠠᠮ ᠤᠨ ᠭᠡᠰᠢᠭᠦᠨ ᠪᠡᠶ᠎ᠡ  ᠪᠠᠷ ᠢᠶᠠᠨ ᠳᠠᠭᠤᠷᠢᠶᠠᠯ ᠦᠵᠡᠭᠦᠯᠦᠨ᠂ ᠲᠦᠷᠦᠭᠦᠯᠡᠨ ᠵᠣᠭᠤᠰ ᠬᠠᠨᠳᠢᠪᠯᠡᠵᠤ᠂ ᠬᠠᠨᠳᠢᠪᠯᠡᠬᠤ ᠠᠵᠢᠯᠯᠠᠭ᠎ᠠ ᠶᠢ ᠨᠢᠮᠪᠠᠢ ᠥᠷᠨᠢᠭᠦᠯᠦᠨ᠂ ᠬᠦᠴᠢᠷᠳᠡᠯᠲᠡᠢ ᠣᠯᠠᠨ ᠲᠦᠮᠡᠨ ᠤ ᠬᠦᠴᠢᠷ ᠵᠣᠪᠠᠭᠤᠷᠢ ᠶᠢ ᠨᠢ ᠦᠨᠡᠨ ᠬᠦ ᠰᠢᠢᠳᠪᠣᠷᠢᠯᠡᠨ᠎ᠡ᠃      ︵ᠭᠤᠷᠪᠠ︶ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠡᠯᠡ ᠮᠥᠩᠭᠦ ᠴᠤᠭᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯᠯᠠᠬᠤ ᠠᠷᠭ᠎ᠠ ᠪᠠᠷᠢᠯ ᠢᠶᠠᠨ ᠢᠳᠡᠪᠬᠢᠲᠡᠢ  ᠰᠢᠨᠡᠴᠢᠯᠡᠨ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠨ᠎ᠡ᠃ ᠣᠯᠠᠨ ᠨᠡᠶᠢᠲᠡ ᠶᠢ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠨᠳᠢᠪᠯᠡᠭ᠌ᠰᠠᠨ ᠵᠣᠭᠤᠰ ᠢ ᠬᠤᠷᠢᠶᠠᠵᠤ ᠠᠪᠬᠤ᠂ ᠬᠠᠮᠢᠶᠠᠷᠴᠤ ᠬᠡᠷᠡᠭᠯᠡᠬᠦ ᠠᠵᠢᠯ ᠢ ᠰᠠᠶᠢᠨ ᠬᠢᠵᠤ᠂ ᠬᠠᠨᠳᠢᠪᠯᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠳᠣᠲᠣᠭᠠᠳᠤ ᠠᠵᠢᠯ ᠬᠢᠨᠠᠯᠲᠠ ᠲᠠᠯᠪᠢᠬᠤ ᠵᠥᠪᠯᠡᠯ ᠠᠴᠠ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠠᠷ ᠬᠠᠨᠳᠢᠪᠯᠡᠭ᠌ᠰᠠᠨ ᠵᠣᠭᠤᠰ ᠢ ᠬᠢᠨᠠᠨ ᠪᠣᠳᠣᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠨᠳᠢᠪᠯᠠᠭᠰᠠᠨ ᠵᠣᠭᠤᠰ ᠢ ᠠᠮᠤᠷ ᠲᠦᠪᠰᠢᠨ ᠪᠦᠲᠦᠮᠵᠢᠲᠡᠢ ᠠᠰᠢᠭᠯᠠᠨ᠎ᠠ᠃ ᠢᠪᠡᠭᠡᠨ ᠬᠠᠨᠳᠢᠪᠯᠠᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠤᠨ ᠮᠡᠳᠡᠭᠡᠯᠡᠵᠤ᠂ ᠬᠠᠶᠢᠷ᠎ᠠ ᠬᠠᠯᠠᠮᠵᠢ ᠪᠠᠨ ᠬᠦᠷᠲᠡᠭᠡᠨ ᠬᠠᠷᠠᠮ ᠦᠭᠡᠢ ᠪᠠᠷ ᠵᠢᠳᠬᠦᠯ ᠦᠵᠡᠭᠦᠯᠬᠦ ᠠᠵᠢᠯᠯᠠᠭ᠎ᠠ ᠶᠢ ᠰᠠᠶᠢᠰᠢᠶᠡᠨ᠂ ᠪᠣᠯᠪᠠᠰᠤᠨ ᠰᠢᠨ᠎ᠡ ᠰᠤᠷᠲᠠᠯ ᠢ ᠪᠣᠢ ᠪᠣᠯᠭᠠᠨ᠎ᠠ᠃      ᠲᠠᠪᠤ᠂ ᠬᠠᠨᠳᠢᠪᠯᠡᠬᠤ ᠠᠷᠭ᠎ᠠ ᠬᠡᠯᠪᠡᠷᠢ      ︵ᠨᠢᠭᠡ︶ ᠠᠬᠤᠢ ᠲᠠᠯᠠᠪᠠᠢ ᠳᠤ ᠬᠠᠨᠳᠢᠪᠯᠡᠬᠤ      ᠬᠠᠶ᠋ᠢᠭ᠄ ᠤᠲᠤᠭ ᠬᠤᠰᠢᠭᠤᠨ ᠤ ᠵᠠᠰᠠᠭ ᠤᠨ ᠣᠷᠳᠣᠨ ᠤ ᠤᠤᠯ ᠤᠨ ᠠᠯᠪᠠᠯᠠᠬᠤ ᠠᠰᠠᠷ ︵ᠵᠠᠰᠠᠭ ᠤᠨ ᠣᠷᠳᠣᠨ ᠤ ᠬᠠᠭᠤᠴᠢᠨ ᠠᠰᠠᠷ︶ ᠤᠨ 108 ᠲᠠᠰᠤᠭ      ᠬᠠᠷᠢᠯᠴᠠᠬᠤ ᠤᠲᠠᠰᠤ᠄ 6212866        ᠢᠮᠧᠯ᠄ Hsz6222568@163.com      ︵ᠬᠤᠶᠠᠷ︶ ᠪᠠᠩᠬᠢ ᠪᠠᠷ ᠵᠣᠭᠤᠰ ᠭᠤᠪᠢᠭᠤᠯᠵᠤ ᠬᠠᠨᠳᠢᠪᠯᠡᠬᠤ ︵ᠬᠠᠨᠳᠢᠪᠯᠡᠭ᠌ᠰᠠᠨ ᠨᠢᠭᠡᠴᠢ ᠪᠠ ᠬᠠᠨᠳᠢᠪᠯᠠᠭᠰᠠᠨ ᠵᠣᠭᠤᠰᠤᠨ ᠤ ᠬᠡᠷᠡᠭᠴᠡᠭᠡ ᠶᠢ ᠲᠣᠳᠣᠷᠬᠠᠶᠢᠯᠠᠨ᠎ᠠ︶ᠬᠠᠨᠳᠢᠪᠯᠠᠬᠤ ᠮᠥᠩᠭᠦ ᠬᠤᠷᠢᠶᠠᠬᠤ ᠨᠢᠭᠡᠴᠢ ᠶᠢᠨ ᠨᠡᠷᠡᠶᠢᠳᠦᠯ᠄ ᠤᠲᠤᠭ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ      ᠬᠠᠨᠳᠢᠪᠯᠠᠬᠤ ᠮᠥᠩᠭᠦ ᠬᠤᠷᠢᠶᠠᠬᠤ ᠪᠠᠩᠬᠢ᠄ ᠥᠪᠥᠷ ᠮᠣᠩᠭᠤᠯ ᠤᠨ ᠣᠳᠤᠭ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠠᠷᠵᠠᠢ ᠵᠡᠭᠡᠯᠢ ᠳᠠᠬᠢ ᠰᠠᠯᠪᠤᠷᠢ ᠪᠠᠩᠬᠢ ︵ᠪᠠᠩᠭᠢᠨ ᠺᠠᠷᠲ ᠤᠨ ᠨᠤᠮᠧᠷ᠄ 402205544017︶      ᠬᠠᠨᠳᠢᠪᠯᠠᠬᠤ ᠮᠥᠩᠭᠦ ᠬᠤᠷᠢᠶᠠᠬᠤ ᠺᠠᠷᠲ ᠤᠨ ᠨᠤᠮᠧᠷ 7900 4012 2000 0000 0081 10ᠳᠠᠭᠠᠯᠳᠤᠭᠤᠯᠤᠯ᠄  2020 ᠣᠨ ᠤ ᠪᠦᠬᠦ ᠬᠤᠰᠢᠭᠤᠨ ᠤ ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠭᠰᠠᠨ ᠵᠢᠭᠰᠠᠭᠠᠯᠲᠠ                                                                          ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                            2017 ᠣᠨ ᠤ 6 ᠳ᠋ᠤᠭᠠᠷ ᠰᠠᠷ᠎ᠠ ᠶᠢᠨ 17 ᠤ ᠡᠳᠦᠷ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ