6 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ | ᠰᠠᠭᠤᠷᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠫᠠᠶᠢᠰᠠ ᠰᠡᠬᠦᠬᠦ ᠶᠢᠨ ᠬᠠᠮᠳᠤ ᠰᠤᠳᠤᠯᠤᠨ | ᠶᠠᠷᠢᠯᠴᠠᠬᠤ ᠬᠤᠷᠠᠯ ᠬᠢᠪᠡ᠃ ᠰᠤᠳᠤᠯᠭᠠᠨ ᠤ ᠰᠠᠭᠤᠷᠢᠨ ᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠪᠣᠯᠤᠨ ᠥᠪᠥᠷ ᠮᠣᠩᠭᠤᠯ ᠤᠨ ᠯᠢ ᠰᠢᠨ ᠬᠡᠷ ᠪᠦᠯᠢ ᠶᠢᠨ ᠰᠤᠷᠭᠠᠨ | ᠬᠥᠮᠦᠵᠢᠯ ᠤᠨ ᠰᠤᠳᠤᠯᠭᠠᠨ ᠤ ᠬᠦᠷᠢᠶᠡᠯᠡᠩ ᠬᠠᠮᠲᠤᠷᠠᠨ ᠡᠷᠬᠢᠯᠡᠨ᠎ᠡ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠪᠣᠯᠤᠨ | ᠥᠪᠥᠷ ᠮᠣᠩᠭᠤᠯ ᠤᠨ ᠯᠢ ᠰᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠬᠠᠮᠲᠤᠷᠠᠨ᠂ | ᠥᠪᠥᠷ ᠮᠣᠩᠭᠤᠯ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠪᠠᠶᠢᠭᠤᠯᠬᠤ ᠪᠠᠷ ᠳᠠᠮᠵᠢᠭᠤᠯᠤᠨ | ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠵᠦ᠂ | ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠠᠭᠤᠰᠤᠯᠴᠠᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠵᠤ᠂ ᠭᠡᠷ ᠪᠦᠯᠢ᠂ ᠰᠤᠷᠭᠠᠭᠤᠯᠢ ᠪᠣᠯᠤᠨ ᠨᠡᠶᠢᠭᠡᠮ ᠨᠡᠶᠢᠳᠡ ᠪᠠᠷ ᠢᠶᠠᠨ ᠬᠤᠶᠢᠴᠢ ᠦᠶ᠎ᠡ ᠶᠢᠨ ᠬᠢᠨ ᠢ | ᠰᠤᠷᠭᠠᠨ ᠬᠥᠮᠦᠵᠢᠭᠦᠯᠬᠦ ᠡᠭᠦᠷᠭᠡ ᠶᠢ ᠬᠠᠮᠲᠤ ᠳᠤᠨᠢ ᠡᠭᠦᠷᠭᠡᠯᠡᠭᠦᠯᠬᠦ ᠶᠢ ᠵᠤᠷᠢᠵᠠᠢ᠃ | ᠣᠳᠣᠬᠠᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠪᠠᠶᠢᠭᠤᠯᠤᠮᠵᠢ ᠪᠠ ᠲᠤᠰᠬᠠᠶ ᠮᠡᠷᠭᠡᠵᠢᠯ ᠤᠨ | ᠠᠵᠢᠯᠲᠠᠨ ᠬᠠᠷᠢᠴᠠᠩᠭᠤᠶ ᠪᠠᠷ ᠳᠤᠲᠠᠭᠳᠠᠵᠤ ᠪᠠᠶᠢᠬᠤ ᠪᠠᠶᠢᠳᠠᠯ ᠳᠤ ᠴᠢᠭᠯᠡᠭᠦᠯᠦᠨ᠂ ᠵᠢᠯᠣᠭᠤᠳᠤᠨ ᠦᠢᠯᠡᠴᠢᠯᠡᠬᠦ | ᠴᠢᠳᠠᠪᠤᠷᠢ ᠨᠢ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠦᠭᠡᠢ ᠪᠠᠶᠢᠭ᠎ᠠ ᠣᠳᠣᠬᠢ ᠪᠠᠶᠢᠳᠠᠯ ᠳᠤᠤᠷ᠎ᠠ ᠭᠡᠷ | ᠪᠦᠯᠢ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠥᠪᠥᠷ ᠮᠣᠩᠭᠤᠯ ᠤᠨ ᠭᠡᠷ ᠪᠦᠯᠢ ᠶᠢᠨ | ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠢ ᠬᠠᠮᠲᠤ ᠪᠠᠷ ᠪᠠᠶᠢᠭᠤᠯᠤᠭᠰᠠᠨ ᠨᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠶᠡᠭᠡ ᠳᠡᠭᠡᠳᠦ ᠰᠤᠷᠭᠠᠭᠤᠯᠢ ᠬᠠᠮᠲᠤᠷᠠᠨ ᠠᠵᠢᠯᠯᠠᠬᠰᠠᠨ ᠠᠰᠢᠭ ᠲᠠᠢ ᠲᠤᠷᠰᠢᠴᠠ ᠮᠥᠨ᠃ | ᠰᠢᠨ᠎ᠡ ᠪᠠᠷ ᠪᠠᠶᠢᠭᠤᠯᠤᠭᠳᠠᠭᠰᠠᠨ ᠰᠤᠳᠤᠯᠭᠠᠨ ᠤ ᠰᠠᠭᠤᠷᠢᠨ ᠨᠢ ᠬᠦᠴᠦᠷᠬᠡᠭ ᠶᠡᠭᠡ ᠡᠮᠡᠭᠲᠡᠶᠢᠴᠦᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠳᠤ ᠲᠦᠰᠢᠭᠯᠡᠨ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ | ᠴᠡᠴᠡᠷᠯᠢᠭ᠂ ᠭᠡᠷ ᠤᠨ ᠠᠬᠠᠮᠠᠳ ᠤᠨ ᠰᠤᠷᠭᠠᠭᠤᠯᠢ ᠪᠣᠯᠤᠨ ᠨᠡᠶᠢᠭᠡᠮ ᠤᠨ ᠰᠣᠶᠣᠯ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ | ᠡᠷᠡᠭᠦᠯᠵᠢᠯ ᠵᠡᠷᠭᠡ ᠪᠠᠶᠢᠭᠤᠯᠤᠮᠵᠢ ᠲᠠᠢ ᠬᠠᠮᠲᠤᠷᠠᠨ ᠭᠡᠷ ᠪᠦᠯᠢ ᠶᠢᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠬᠤᠯᠪᠣᠭ᠎ᠠ | ᠪᠠᠶᠢᠭᠤᠯᠵᠤ᠂ ᠬᠦᠴᠦᠨ ᠴᠢᠳᠠᠯ ᠢ ᠨᠢᠭᠳᠠᠷᠠᠭᠤᠯᠤᠨ ᠠᠭᠤᠰᠤᠯᠴᠠᠭᠤᠯᠤᠨ ᠬᠦᠭᠵᠢᠬᠦᠯᠦᠨ᠎ᠡ ᠬᠡᠵᠦ ᠥᠪᠥᠷ ᠮᠣᠩᠭᠤᠯ ᠤᠨ ᠯᠢ | ᠰᠢᠨ ᠭᠡᠷ ᠪᠦᠯᠢ ᠶᠢᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ᠸᠠᠩ ᠯᠢ ᠬᠡᠯᠡᠪᠡ᠃ ᠦᠪᠦᠷ | ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠬᠡᠳᠤ ᠰᠤᠷᠭᠠᠭᠤᠯᠢ ᠶᠢᠨ ᠵᠠᠬᠢᠷᠤᠯ ᠮᠢ | ᠵᠢᠶᠦ᠋ᠨ ᠺᠦᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠳᠡᠬᠡᠳᠤ | ᠰᠤᠷᠭᠠᠭᠤᠯᠢ ᠨᠢ ᠦᠨᠳᠦᠷ ᠲᠦᠪᠰᠢᠨ ᠪᠦᠬᠦᠢ ᠬᠡᠷ ᠪᠦᠯᠢ ᠶᠢᠨ ᠰᠤᠷᠭᠠᠨ ᠬᠦᠮᠦᠵᠢᠯ ᠤᠨ ᠰᠤᠳᠤᠯᠭᠠᠨ ᠤ ᠳᠠᠪᠴᠠᠩ ᠪᠠ | ᠴᠢᠳᠠᠪᠤᠷᠢᠳᠠᠨ ᠢ ᠬᠦᠮᠦᠵᠢᠬᠦᠯᠬᠦ ᠰᠠᠭᠤᠷᠢᠨ ᠢ ᠬᠦᠴᠦ ᠬᠠᠮᠳᠤᠳᠬᠠᠨ ᠪᠠᠶᠢᠭᠤᠯᠵᠤ᠂ ᠬᠡᠷ ᠪᠦᠯᠢ ᠶᠢᠨ ᠰᠤᠷᠭᠠᠨ | ᠬᠦᠮᠦᠵᠢᠯ ᠤᠨ ᠤᠨᠤᠯ ᠤᠨ ᠰᠤᠳᠤᠯᠭᠠᠨ ᠪᠠ ᠦᠢᠯᠡᠳᠦᠯᠬᠡ ᠶᠢᠨ ᠰᠢᠨ᠎ᠡ ᠶᠢ ᠡᠬᠦᠳᠴᠦ᠂ ᠬᠤᠶᠢᠴᠢ ᠨᠢᠬᠡ ᠦᠶ᠎ᠠ ᠶᠢᠨ ᠬᠢᠨ ᠤ | ᠡᠷᠡᠬᠦᠯ ᠴᠢᠬᠢᠷᠠᠭ ᠦᠰᠦᠨ ᠪᠤᠶᠢᠵᠢᠯᠳᠠ ᠳᠤ ᠬᠤᠪᠢ ᠨᠡᠮᠡᠷᠢ ᠦᠵᠡᠬᠦᠯᠦᠨ᠎ᠡ ᠬᠡᠪᠡ᠃ |