ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠤᠷᠤᠢ ᠺᠠᠽᠠᠭᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ | ᠤᠲᠠᠰᠤ ᠪᠠᠷ ᠶᠠᠷᠢᠯᠴᠠᠪᠠ᠃ ᠰᠢ ᠶᠢᠨ ᠫᠢᠩ᠂ ᠳᠤᠮᠳᠠᠳᠤ ᠺᠠᠽᠠᠭᠰᠲ᠋ᠠᠨ ᠪᠣᠯ ᠥᠨᠢᠳᠡ ᠶᠢᠨ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠳᠤᠮᠳᠠᠳᠤ ᠺᠠᠽᠠᠭᠰᠲ᠋ᠠᠨ ᠤ ᠨᠥᠬᠦᠷᠯᠡᠯ ᠭᠦᠨ ᠵᠤᠵᠠᠭᠠᠨ ᠰᠠᠭᠤᠷᠢ | ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠲᠠᠢ ᠶᠤᠮ᠃ ᠡᠨᠡ ᠵᠢᠯ ᠪᠣᠯ ᠳᠤᠮᠳᠠᠳᠤ ᠺᠠᠽᠠᠭᠰᠲ᠋ᠠᠨ ᠬᠤᠶᠠᠷ | ᠤᠯᠤᠰ ᠲᠤ ᠴᠥᠮ ᠣᠨᠴᠠᠭᠠᠢ ᠤᠳᠬ᠎ᠠ ᠠᠭᠤᠯᠭ᠎ᠠ ᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ | ᠵᠠᠭᠤᠨ ᠵᠢᠯ ᠤᠨ ᠤᠢ ᠪᠠᠨ ᠤᠭᠲᠤᠵᠤ᠂ ᠺᠠᠽᠠᠭᠰᠲ᠋ᠠᠨ ᠲᠤᠰᠠᠭᠠᠷ ᠲᠣᠭᠲᠠᠨᠢᠭᠰᠠᠨ 30 ᠵᠢᠯ ᠤᠨ ᠤᠢ ᠪᠠᠨ | ᠤᠭᠲᠤᠬᠤ ᠪᠣᠯᠤᠨ᠎ᠠ᠃ | ᠳᠤᠮᠳᠠᠳᠤ ᠶᠢᠨ ᠲᠠᠯ᠎ᠠ ᠳᠤᠷᠠᠲᠠᠶ᠎ᠠ ᠺᠠᠽᠠᠭᠰᠲ᠋ᠠᠨ ᠤ ᠲᠠᠯ᠎ᠠ ᠲᠠᠢ ᠭᠠᠷ ᠬᠤᠯᠪᠣᠨ ᠮᠥᠷᠥ ᠵᠡᠷᠭᠡᠴᠡᠨ | ᠤᠷᠤᠭᠰᠢᠯᠠᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ᠂ | ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠳᠤᠮᠳᠠᠳᠤ | ᠺᠠᠽᠠᠭᠰᠲ᠋ᠠᠨ ᠤ ᠬᠠᠷᠢᠯᠴᠠᠭ᠎ᠠ ᠶᠢ ᠨᠡᠩ ᠰᠠᠶᠢᠨ ᠪᠣᠯᠭᠠᠵᠤ᠂ ᠬᠤᠶᠠᠷ ᠤᠯᠤᠰ ᠤᠨ ᠠᠷᠠᠳ ᠲᠦᠮᠡᠨ ᠢ ᠨᠡᠩ ᠳᠣᠲᠣᠨᠣ | ᠪᠣᠯᠭᠠᠵᠤ᠂ ᠬᠤᠶᠠᠷ ᠤᠯᠤᠰ ᠤᠨ ᠬᠥᠭᠵᠢᠯᠲᠡ ᠶᠢ ᠨᠡᠩ ᠰᠠᠶᠢᠨ ᠰᠠᠶᠢᠬᠠᠨ ᠠᠯᠤᠰ ᠢᠷᠡᠭᠡᠳᠦᠢ ᠲᠠᠢ ᠪᠣᠯᠭᠠᠨ᠎ᠠ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠺᠠᠽᠠᠭᠰᠲ᠋ᠠᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠪᠣᠷᠣ ᠲᠥᠯᠥᠪ ᠤᠨ ᠳᠣᠣᠷᠠᠬᠢ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ | ᠲᠦᠮᠡᠨ ᠳᠤ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠭᠰᠠᠨ ᠪᠥᠭᠡᠳ ᠳᠡᠯᠡᠬᠡᠢ ᠨᠡᠶᠢᠭᠡᠮ ᠳᠤ ᠦᠯᠢᠬᠡᠷ ᠳᠠᠭᠤᠷᠢᠶᠠᠯ | ᠪᠣᠯᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠦᠳᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ᠂ ᠠᠷᠠᠯᠵᠢᠶ᠎ᠠ᠂ ᠬᠥᠳᠡᠭᠡ | ᠠᠵᠤ ᠠᠬᠤᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠬᠠᠮᠲᠤ ᠪᠣᠬᠢᠷᠲᠤᠯ ᠦᠭᠡᠢ | ᠡᠨᠧᠷᠭᠢ᠂ ᠵᠣᠬᠢᠶᠠᠮᠠᠯ ᠤᠶᠤᠨ ᠴᠢᠳᠠᠪᠤᠷᠢ᠂ ᠡᠯᠧᠺᠳ᠋ᠷᠣᠨ ᠬᠤᠳᠠᠯᠳᠤᠭ᠎ᠠ᠂ ᠲᠣᠭᠠᠴᠢᠯᠠᠭᠰᠠᠨ ᠮᠥᠩᠭᠦᠨ ᠭᠦᠢᠯᠭᠡᠭᠡ | ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠵᠤ᠂ ︽ᠪᠣᠬᠢᠷᠲᠤᠯ | ᠦᠭᠡᠢ ᠲᠣᠷᠭᠠᠨ ᠵᠠᠮ︾᠂ ︽ᠡᠷᠡᠭᠦᠯ ᠡᠩᠬᠡ ᠲᠣᠷᠭᠠᠨ ᠵᠠᠮ︾᠂ ︽ᠲᠣᠭᠠᠴᠢᠯᠠᠭᠰᠠᠨ ᠲᠣᠷᠭᠠᠨ ᠵᠠᠮ︾ ᠢ | ᠬᠠᠮᠲᠤ ᠪᠠᠷ ᠴᠣᠭᠴᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠺᠠᠽᠠᠭᠰᠲ᠋ᠠᠨ ᠯᠤᠭ᠎ᠠ ᠠᠯᠤᠰ ᠡᠵᠡᠮᠰᠢᠯᠳᠤ ᠡᠮᠴᠢᠯᠡᠭᠡ᠂ | ᠤᠯᠠᠮᠵᠢᠯᠠᠯᠲᠤ ᠠᠨᠠᠭᠠᠬᠤ ᠤᠬᠠᠭᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠠᠽᠠᠭᠰᠲ᠋ᠠᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠬᠠᠪᠰᠤᠷᠤᠯᠭ᠎ᠠ ᠪᠠ | ᠳᠡᠮᠵᠢᠯᠭᠡ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠪᠠᠰᠠ ᠬᠠᠤᠯᠢ ᠬᠡᠷᠡᠭᠵᠢᠭᠦᠯᠬᠦ᠂ ᠠᠮᠤᠷ ᠲᠦᠪᠰᠢᠨ᠂ | ᠰᠡᠷᠭᠡᠶᠢᠯᠡᠯᠳᠠ ᠶᠢᠨ ᠶᠠᠪᠤᠳᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ | ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ ᠭᠡᠵᠦ ᠴᠢᠬᠤᠯᠠᠴᠢᠯᠠᠪᠠ᠃ ᠲᠦᠸᠧᠺᠠᠶᠧᠹ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ | ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠡᠷᠡᠰ | ᠪᠠᠲᠤ ᠠᠯᠬᠤᠭ᠎ᠠ ᠪᠠᠷ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠵᠠᠮ ᠳᠠᠭᠠᠨ ᠤᠷᠤᠭᠰᠢᠯᠠᠵᠦ ᠪᠠᠶᠢᠨ᠎ᠠ᠃ ᠳᠤᠮᠳᠠᠳᠤ ᠶᠢᠨ | ᠲᠠᠯ᠎ᠠ ᠶᠢᠨ ᠳᠤᠷᠠᠳᠤᠭᠰᠠᠨ ᠠᠯᠢ ᠤᠯᠠᠨ ᠴᠢᠬᠤᠯᠠ ᠶᠡᠭᠡ ᠰᠠᠨᠠᠭᠠᠴᠢᠯᠠᠭ᠎ᠠ ᠵᠤᠷᠢᠯᠳᠠ ᠨᠢ ᠳᠡᠯᠡᠬᠡᠢ ᠨᠡᠶᠢᠭᠡᠮ ᠤᠨ | ᠮᠠᠭᠲᠠᠭᠠᠯ ᠪᠠ ᠳᠡᠮᠵᠢᠯᠭᠡ ᠶᠢ ᠣᠯᠪᠠ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠨᠢ ᠳᠤᠮᠳᠠᠳᠤ ᠶᠢᠨ ᠲᠠᠯ᠎ᠠ ᠶᠢᠨ ᠰᠠᠨᠠᠭᠠᠴᠢᠯᠠᠬᠰᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ | ᠴᠣᠭᠴᠠ ᠶᠢ ᠪᠠᠶᠢᠭᠤᠯᠬᠤ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠢ ᠤᠯᠠᠮ ᠴᠢᠨᠠᠭᠰᠢᠳᠠ ᠭᠡᠷᠡᠴᠢᠯᠡᠭᠰᠡᠨ | ᠪᠥᠭᠡᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠪᠠᠶᠠᠯᠢᠭ ᠴᠠᠭ | ᠦᠶ᠎ᠡ ᠶᠢᠨ ᠠᠭᠤᠯᠤᠭᠳᠠᠬᠤᠨ ᠲᠠᠢ ᠪᠤᠯᠭᠠᠪᠠ᠃ ᠺᠠᠽᠠᠭᠰᠲ᠋ᠠᠨ ᠳᠤᠮᠳᠠᠳᠤ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ | ᠦᠨᠢᠳᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠶᠠᠮᠠᠷᠪᠠ ᠪᠠᠶᠢᠳᠠᠯ ᠳᠣᠣᠷ᠎ᠠ ᠴᠤ | ᠭᠡᠰᠡᠨ ᠺᠠᠽᠠᠭᠰᠲ᠋ᠠᠨ ᠤ ᠬᠢᠨ ᠳᠤᠮᠳᠠᠳᠤ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠬᠢᠬᠦ ᠦᠭᠡᠢ | ᠶᠤᠮ᠃ ᠺᠠᠽᠠᠭᠰᠲ᠋ᠠᠨ ᠤ ᠬᠢᠨ ᠬᠢᠵᠢᠭ ᠲᠠᠢ ᠲᠡᠮᠡᠴᠡᠬᠦ ᠳᠤ ᠸᠠᠺᠼᠢᠨ ᠵᠡᠷᠭᠡ ᠲᠠᠯ᠎ᠠ ᠪᠠᠷ ᠳᠤᠮᠳᠠᠳᠤ ᠤᠯᠤᠰ ᠡᠷᠬᠢᠮ | ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠺᠠᠽᠠᠭᠰᠲ᠋ᠠᠨ | ᠳᠤᠮᠳᠠᠳᠤ ᠶᠢᠨ ᠬᠠᠷᠢᠯᠴᠠᠭ᠎ᠠ ᠶᠢ ᠲᠠᠰᠤᠷᠠᠯᠳᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠠᠷᠠᠯᠵᠢᠶ᠎ᠠ᠂ | ᠰᠠᠭᠤᠷᠢ ᠲᠥᠬᠦᠭᠡᠷᠦᠮᠵᠢ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ | ᠢᠲᠡᠭᠡᠯᠴᠡᠬᠦ ᠠᠷᠭ᠎ᠠ ᠬᠡᠮᠵᠢᠶ᠎ᠡ ᠶᠢᠨ ᠬᠤᠷᠠᠯ ᠵᠡᠷᠭᠡ ᠭᠠᠵᠠᠷ ᠣᠷᠣᠨ ᠪᠣᠯᠤᠨ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠪᠣᠷᠣ ᠲᠥᠯᠥᠪ ᠤᠨ ᠳᠣᠣᠷᠠᠬᠢ ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠭᠡᠵᠦ | ᠢᠯᠡᠳᠬᠡᠪᠡ᠃ | |