ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠤᠷᠤᠢ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ | ᠤᠲᠠᠰᠤ ᠪᠠᠷ ᠶᠠᠷᠢᠯᠴᠠᠪᠠ᠃ ᠰᠢ ᠶᠢᠨ ᠫᠢᠩ᠂ ᠨᠢᠳᠤᠨᠤᠨ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠶᠡᠭᠡ ᠪᠠᠷ ᠦᠷᠪᠢᠰᠦᠨ ᠳᠡᠯᠭᠡᠷᠡᠪᠠ᠂ ᠳᠤᠮᠳᠠᠳᠤ | ᠠᠽᠧᠷᠪᠠᠶᠢᠵᠠᠨ ᠬᠤᠶᠠᠷ ᠲᠠᠯ᠎ᠠ ᠪᠠᠷ ᠢᠶᠠᠨ ᠬᠠᠷᠢᠯᠴᠠᠨ ᠲᠡᠮᠵᠢᠵᠥ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ | ᠵᠢᠩᠬᠢᠨᠢ ᠨᠥᠬᠦᠷᠰᠡᠭ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ | ᠦᠭᠡᠢ ᠵᠠᠭᠤᠨ ᠵᠢᠯ ᠤᠨ ᠤᠢ ᠪᠠᠨ ᠤᠭᠲᠤᠵᠤ᠂ ᠳᠤᠮᠳᠠᠳᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ | ᠠᠽᠧᠷᠪᠠᠶᠢᠵᠠᠨ ᠤ ᠬᠠᠷᠢᠯᠴᠠᠭ᠎ᠠ ᠰᠢᠨ᠎ᠡ ᠲᠡᠦᠬᠡ ᠶᠢᠨ ᠭᠠᠷᠤᠭ᠎ᠠ ᠳᠤ ᠬᠦᠷᠦᠯ᠎ᠡ᠃ ᠬᠤᠶᠠᠷ ᠲᠠᠯ᠎ᠠ ᠪᠠᠷ ᠢᠶᠠᠨ | ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠢᠷᠡᠬᠦ ᠵᠢᠯ ᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 | ᠵᠢᠯ ᠤᠨ ᠣᠢ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠬᠤᠶᠠᠷ ᠤᠯᠤᠰ ᠤᠨ ᠬᠠᠷᠢᠯᠴᠠᠭ᠎ᠠ ᠨᠡᠩ ᠶᠡᠭᠡ | ᠬᠥᠭᠵᠢᠯᠲᠡ ᠲᠠᠢ ᠪᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ | ᠦᠢᠯᠡᠳᠦᠶ᠎ᠡ ᠭᠡᠵᠦ ᠵᠢᠭᠠᠵᠦ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠠᠽᠧᠷᠪᠠᠶᠢᠵᠠᠨ ᠤ ᠠᠷᠠᠳ | ᠲᠦᠮᠡᠨ ᠤ ᠲᠣᠰ ᠤᠯᠤᠰ ᠤᠨ ᠢᠶᠠᠨ ᠪᠠᠶᠢᠳᠠᠯ ᠢ ᠦᠨᠳᠦᠰᠦᠯᠡᠨ ᠰᠣᠩᠭᠤᠭᠰᠠᠨ ᠬᠥᠭᠵᠢᠯᠲᠡ ᠶᠢᠨ ᠵᠠᠮ ᠢ ᠳᠡᠮᠵᠢᠵᠦ᠂ | ᠠᠽᠧᠷᠪᠠᠶᠢᠵᠠᠨ ᠤ ᠬᠢᠨ ᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠬᠤᠯᠠ | ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ ᠪᠤᠢ᠃ ᠬᠤᠶᠠᠷ ᠲᠠᠯ᠎ᠠ ᠪᠠᠷ ᠢᠶᠠᠨ ᠠᠵᠠ ᠲᠣᠬᠢᠶᠠᠯ ᠢ ᠬᠠᠮᠲᠤ ᠪᠠᠷ | ᠡᠳ᠋ᠯᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ | ᠪᠠᠶᠢᠭᠤᠯᠬᠤ ᠬᠠᠮᠲᠤᠷᠠᠯᠴᠠᠭ᠎ᠠ ᠶᠢ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠤᠶ᠎ᠠ᠃ ᠳᠤᠮᠳᠠᠳᠤ ᠤᠯᠤᠰ | ᠳᠤᠷᠠᠲᠠᠶ᠎ᠠ ᠠᠽᠧᠷᠪᠠᠶᠢᠵᠠᠨ ᠠᠴᠠ ᠨᠡᠩ ᠤᠯᠠᠨ ᠴᠢᠨᠠᠷ ᠰᠠᠶᠢᠲᠠᠢ ᠤᠨᠴᠠᠯᠢᠬᠳᠤ ᠪᠦᠲᠦᠭᠡᠭᠳᠡᠬᠦᠨ ᠢ ᠣᠷᠣᠭᠤᠯᠵᠤ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠽᠧᠷᠪᠠᠶᠢᠵᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ | ᠬᠦᠭᠵᠢᠬᠦᠯᠬᠦ ᠶᠢ ᠲᠡᠮᠵᠢᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠤ | ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠲᠡᠭᠡᠭᠡᠪᠦᠷᠢ ᠪᠣᠯᠤᠨ | ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠡᠸᠦ᠋ᠷᠦᠫᠡ ᠶᠢᠨ ᠲᠡᠭᠡᠭᠡᠪᠦᠷᠢ ᠶᠢᠨ | ᠬᠤᠩᠬᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ | ᠲᠦᠪᠰᠢᠨ ᠢ ᠳᠡᠭᠡᠭᠰᠢᠯᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠠᠽᠧᠷᠪᠠᠶᠢᠵᠠᠨ ᠤ ᠲᠠᠯ᠎ᠠ ᠲᠠᠢ ᠠᠨᠠᠭᠠᠬᠤ | ᠤᠬᠠᠭᠠᠨ ᠤ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠽᠧᠷᠪᠠᠶᠢᠵᠠᠨ ᠤ ᠬᠢᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠸᠠᠺᠼᠢᠨ ᠵᠡᠷᠭᠡ | ᠬᠠᠪᠰᠤᠷᠤᠯᠭ᠎ᠠ ᠬᠠᠩᠭᠠᠨ᠎ᠠ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠂ ᠳᠤᠷᠠᠲᠠᠶ᠎ᠠ ᠠᠽᠧᠷᠪᠠᠶᠢᠵᠠᠨ ᠤ ᠬᠢᠨ ᠲᠠᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠬᠡᠬᠦ ᠦᠢᠯᠡᠰ ᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃ ᠠᠯᠢᠶᠧᠹ᠂ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ | ᠠᠽᠧᠷᠪᠠᠶᠢᠵᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠶᠢᠨ ᠲᠠᠯ᠎ᠠ | ᠡᠮᠴᠢᠯᠡᠭᠡᠨ ᠤ ᠡᠳ᠋ ᠪᠣᠳᠠᠰ᠂ ᠸᠠᠺᠼᠢᠨ ᠵᠡᠷᠭᠡ ᠡᠷᠬᠢᠮ ᠨᠠᠨᠳᠢᠨ ᠲᠤᠰᠠᠯᠠᠮᠵᠢ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ | ᠠᠽᠧᠷᠪᠠᠶᠢᠵᠠᠨ ᠳᠤᠮᠳᠠᠳᠤ ᠬᠤᠶᠠᠷ ᠤᠯᠤᠰ ᠤᠨ ᠤᠯᠤᠰ ᠲᠦᠷᠦ᠂ ᠠᠵᠤ ᠠᠬᠤᠢ᠂ ᠵᠠᠮ ᠲᠡᠭᠡᠭᠡᠪᠦᠷᠢ ᠵᠡᠷᠭᠡ ᠡᠯ᠎ᠡ | ᠬᠦᠷᠢᠶᠡᠨ ᠤ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ ᠠᠽᠧᠷᠪᠠᠶᠢᠵᠠᠨ ᠤ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠠᠽᠧᠷᠪᠠᠶᠢᠵᠠᠨ ᠤ ᠲᠠᠯ᠎ᠠ ᠳᠤᠮᠳᠠᠳᠤ ᠤᠯᠤᠰ ᠤᠨ ᠨᠡᠩ | ᠤᠯᠠᠨ ᠠᠵᠤ ᠠᠬᠤᠶᠢᠯᠠᠯ ᠠᠽᠧᠷᠪᠠᠶᠢᠵᠠᠨ ᠳᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠭᠠᠵᠠᠷ ᠣᠷᠣᠨ ᠤ ᠬᠡᠷᠡᠭ ᠶᠠᠪᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠨ᠎ᠠ᠃ ᠳᠤᠮᠳᠠᠳᠤ ᠤᠯᠤᠰ ᠪᠣᠯ ᠠᠽᠧᠷᠪᠠᠶᠢᠵᠠᠨ ᠤ ᠵᠢᠩᠬᠢᠨᠢ ᠬᠠᠨᠢᠲᠠᠨ ᠮᠥᠨ᠂ ᠠᠽᠧᠷᠪᠠᠶᠢᠵᠠᠨ | ᠥᠩᠭᠡᠷᠡᠭᠰᠡᠨ᠂ ᠣᠲᠣ᠂ ᠢᠷᠡᠭᠡᠳᠦᠶ ᠳᠤ ᠴᠥᠮ ᠳᠤᠮᠳᠠᠳᠤ ᠶᠢᠨ ᠲᠠᠯ᠎ᠠ ᠶᠢᠨ ᠲᠠᠶᠢᠸᠠᠨ ᠲᠠᠢ ᠬᠤᠯᠪᠣᠭᠳᠠᠭᠰᠠᠨ᠂ | ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠠᠰᠠᠭᠤᠳᠠᠯ ᠳᠡᠭᠡᠷᠡᠬᠢ ᠵᠣᠭᠰᠣᠯᠲᠠ ᠶᠢ | ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠴᠢᠷᠮᠠᠶᠢᠵᠤ᠂ ᠠᠽᠧᠷᠪᠠᠶᠢᠵᠠᠨ | ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ | ᠬᠥᠭᠵᠢᠬᠦ ᠶᠢ ᠠᠬᠢᠭᠤᠯᠤᠨ᠎ᠠ᠃ ᠠᠽᠧᠷᠪᠠᠶᠢᠵᠠᠨ ᠤ ᠲᠠᠯ᠎ᠠ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ | ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠡ ᠭᠡᠵᠦ ᠢᠯᠡᠳᠬᠡᠪᠡ᠃ | |