ᠯᠢ ᠺᠧ ᠴᠢᠶᠠᠩ ᠪᠦᠬᠦ ᠤᠯᠤᠰ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠵᠢᠴᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠲᠧᠯᠸᠢᠰ ᠤᠲᠠᠰᠤ ᠬᠤᠷᠠᠯ ᠳᠤ ᠴᠢᠬᠤᠯᠠ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2021/6/7
     ᠯᠢ ᠺᠧ ᠴᠢᠶᠠᠩ ᠪᠦᠬᠦ ᠤᠯᠤᠰ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠵᠢᠴᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠲᠧᠯᠸᠢᠰ ᠤᠲᠠᠰᠤ ᠬᠤᠷᠠᠯ ᠳᠤ ᠴᠢᠬᠤᠯᠠ ᠴᠣᠬᠤᠯᠠᠪᠤᠷᠢ ᠥᠭᠴᠦ ᠴᠢᠬᠤᠯᠠᠴᠢᠯᠠᠭᠰᠠᠨ ᠨᠢ ᠨᠡᠩ ᠤᠯᠠᠨ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠠ ᠲᠣᠬᠢᠶᠠᠯ ᠬᠠᠩᠭᠠᠵᠤ ᠠᠵᠢᠯ ᠣᠯᠭᠤᠬᠤ ᠰᠢᠨ᠎ᠡ ᠬᠡᠯᠪᠡᠷᠢ ᠪᠠᠶᠢᠳᠠᠯ ᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠵᠦ ᠪᠦᠬᠦ ᠵᠢᠯ ᠤᠨ ᠠᠵᠢᠯ ᠣᠯᠭᠤᠬᠤ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠰᠦᠨ ᠴᠦᠨ ᠯᠠᠨ ᠬᠤ᠋ ᠴᠦᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠪᠥᠬᠦ ᠤᠯᠤᠰ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠵᠢᠴᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠤᠨ ᠲᠧᠯᠸᠢᠰ ᠤᠲᠠᠰᠤ ᠬᠤᠷᠠᠯ ᠢ 6 ᠳ᠋ᠤᠭᠠᠷ ᠰᠠᠷ᠎ᠠ ᠶᠢᠨ 3 ᠤ ᠡᠳᠦᠷ ᠪᠡᠭᠡᠵᠢᠩ ᠳᠤ ᠬᠤᠷᠠᠯᠳᠤᠭᠤᠯᠪᠠ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠴᠣᠬᠤᠯᠠᠪᠤᠷᠢ ᠥᠭᠴᠡᠢ᠃ ᠴᠣᠬᠤᠯᠠᠪᠤᠷᠢ ᠳᠤ ᠪᠠᠨ ᠵᠢᠭᠠᠵᠤ ᠭᠠᠷᠭᠠᠭᠰᠠᠨ ᠨᠢ᠄ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠪᠠᠶᠢᠵᠤ᠂ ᠨᠡᠶᠢᠭᠡᠮ ᠤᠨ ᠡᠳ᠋ ᠪᠠᠶᠠᠯᠢᠭ ᠢ ᠡᠭᠦᠳᠦᠨ ᠪᠦᠲᠦᠭᠡᠬᠦ ᠢᠷᠡᠯᠲᠡ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠴᠢᠬᠤᠯᠠ ᠲᠦᠰᠢᠭ ᠲᠤᠯᠭᠠᠭᠤᠷᠢ ᠮᠥᠨ᠃ ᠡᠨᠡ ᠵᠢᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠬᠦ ᠡᠭᠦᠷᠭᠡ ᠪᠡᠷᠬᠡ ᠬᠠᠲᠠᠭᠤᠵᠢᠯᠲᠠᠶ ᠪᠥᠭᠡᠳ ᠨᠦᠰᠡᠷ ᠬᠦᠨᠳᠦ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠠᠵᠤ ᠠᠬᠤᠢ ᠶᠢᠨ ᠬᠥᠭᠵᠢᠯᠲᠡ ᠪᠠᠷ ᠠᠵᠢᠯ ᠣᠯᠭᠤᠬᠤ ᠤᠳᠤᠷᠢᠳᠤᠮᠵᠢ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠶᠢᠨ ᠠᠯᠪᠠ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠳᠣᠪᠤᠶᠢᠯᠭᠠᠨ ᠰᠠᠶᠢᠲᠤᠷ ᠠᠳᠬᠤᠬᠤ ᠬᠡᠷᠡᠭᠲᠡᠢ᠃      ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠬᠡᠬᠦ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠡᠮᠵᠢᠵᠦ ᠬᠦᠴᠢᠷᠳᠡᠯ ᠢ ᠨᠢ ᠤᠯᠠᠮ ᠴᠢᠨᠠᠭᠰᠢᠳᠠ ᠰᠢᠢᠳᠪᠦᠷᠢᠯᠡᠬᠦ ᠪᠠ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠢ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠨᠡᠩ ᠤᠯᠠᠨ ᠠᠵᠠ ᠲᠣᠬᠢᠶᠠᠯ ᠢ ᠬᠠᠩᠭᠠᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠳᠡᠮᠵᠢᠨ ᠵᠢᠷᠤᠮᠵᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ᠃ ᠡᠷᠬᠢᠯᠡᠭᠰᠡᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠪᠠ ᠠᠵᠢᠯ ᠣᠯᠭᠤᠬᠤ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠯᠮᠦᠷᠢ ᠬᠦᠴᠦ᠂ ᠴᠢᠳᠠᠪᠤᠷᠢᠲᠠᠨ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠨᠡᠩ ᠰᠠᠶᠢᠲᠤᠷ ᠬᠥᠭᠵᠢᠬᠦ ᠶᠢ ᠳᠡᠮᠵᠢᠵᠦ᠂ ᠠᠵᠢᠯ ᠣᠯᠤᠭᠰᠠᠳ ᠤᠨ ᠦᠨᠳᠦᠰᠦᠨ ᠡᠷᠬᠡ ᠠᠰᠢᠭ ᠢ ᠠᠮᠢᠳᠤᠯᠢᠭ ᠢᠶᠠᠷ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠠᠵᠢᠯ ᠤᠯᠬᠤ ᠶᠢ ᠳᠡᠮᠵᠢᠵᠦ᠂ ᠠᠵᠢᠯ ᠤᠯᠬᠤ ᠳᠤ ᠬᠦᠴᠢᠷᠲᠡᠢ ᠬᠥᠮᠦᠰ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠂ ᠪᠦᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ︕ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠬᠤᠷᠠᠯ ᠳᠤ ᠣᠷᠣᠯᠴᠠᠵᠤ ᠦᠭᠡ ᠬᠡᠯᠡᠪᠡ᠃ ᠬᠤᠷᠠᠯ ᠳᠤ ᠴᠢᠬᠤᠯᠠᠴᠢᠯᠠᠬᠤ ᠳᠤ ᠪᠠᠨ᠂ ᠠᠵᠤ ᠠᠬᠤᠢ ᠶᠢᠨ ᠬᠥᠭᠵᠢᠯᠲᠡ ᠪᠠᠷ ᠠᠵᠢᠯ ᠣᠯᠭᠤᠬᠤ ᠤᠳᠤᠷᠢᠳᠤᠮᠵᠢ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠢᠶᠠᠷ ᠬᠥᠭᠵᠢᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠵᠦ᠂ ᠰᠢᠨ᠎ᠡ ᠠᠵᠢᠯ ᠤᠨ ᠪᠠᠶᠢᠷᠢ ᠶᠢ ᠢᠳᠡᠪᠬᠢᠲᠡᠢ ᠡᠭᠦᠳᠦᠨ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠶᠡᠭᠡ ᠪᠠᠷ ᠳᠡᠮᠵᠢᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠡᠯ᠎ᠡ ᠲᠥᠷᠥᠯ ᠤᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠪᠠ ᠰᠠᠭᠤᠷᠢ ᠶᠢ ᠪᠠᠲᠤᠯᠠᠬᠤ ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠬ᠎ᠠ ᠳᠡᠯᠭᠡᠭᠦᠷᠴᠢᠯᠡᠭᠰᠡᠨ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠣᠯᠭᠤᠬᠤ ᠦᠢᠯᠡᠴᠢᠯᠡᠭᠡᠨ ᠳᠤ ᠥᠷᠭᠡᠨ ᠢᠶᠠᠷ ᠣᠷᠣᠯᠴᠠᠬᠤ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠶ᠃ ᠡᠷᠬᠢᠯᠡᠭᠰᠡᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠡᠷᠬᠢᠯᠡᠭᠰᠡᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠣᠰᠣᠭᠠᠷ ᠪᠠᠲᠤᠯᠠᠨ ᠪᠡᠶᠡᠯᠡᠭᠦᠯᠵᠦ᠂ ᠡᠯ᠎ᠡ ᠲᠥᠷᠥᠯ ᠤᠨ ᠪᠣᠯᠪᠠᠰᠤᠷᠠᠯ ᠤᠨ ᠨᠢᠭᠡᠴᠢ ᠶᠢᠨ ᠢᠳᠡᠪᠬᠢᠵᠢᠯ ᠢ ᠪᠦᠲᠦᠮᠵᠢᠲᠡᠶ ᠳᠠᠶᠢᠴᠢᠯᠠᠨ᠂ ᠡᠷᠬᠢᠯᠡᠭᠰᠡᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠭᠠᠭᠤᠯᠢ ᠠᠴᠠ ᠪᠠᠨ ᠰᠠᠯᠬᠤ ᠠᠴᠠ ᠡᠮᠦᠨ᠎ᠡ ᠬᠤᠶᠢᠨᠠᠬᠢ ᠦᠢᠯᠡᠴᠢᠯᠡᠭᠡ ᠶᠢ ᠰᠠᠶᠢᠲᠤᠷ ᠵᠣᠯᠭᠠᠭᠤᠯᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢᠨ ᠮᠡᠳᠡᠭᠡ ᠵᠠᠩᠭᠢ ᠶᠢᠨ ᠵᠣᠯᠭᠠᠯᠴᠠᠭ᠎ᠠ ᠶᠢ ᠠᠬᠢᠭᠤᠯᠤᠨ᠂ ᠲᠡᠭᠦᠰᠬᠦ ᠣᠶᠤᠲᠠᠳ ᠲᠤ ᠠᠵᠢᠯ ᠣᠯᠭᠤᠬᠤ ᠠᠵᠢᠯ ᠤᠨ ᠪᠠᠶᠢᠷᠢ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠶ ᠭᠡᠵᠡᠢ᠃       ᠬᠤᠷᠠᠯ ᠳᠤ ᠵᠢᠭᠠᠵᠤ ᠭᠠᠷᠭᠠᠭᠰᠠᠨ ᠨᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢᠨ ᠵᠢᠯᠣᠭᠤᠳᠣᠯᠭ᠎ᠠ ᠦᠢᠯᠡᠴᠢᠯᠡᠭᠡᠨ ᠤ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠂ ᠲᠡᠭᠦᠰᠬᠦ ᠣᠶᠤᠲᠠᠳ ᠤᠨ ᠵᠥᠪ ᠣᠨᠣᠪᠴᠢᠲᠠᠶ ᠠᠵᠢᠯ ᠤᠯᠬᠤ ᠦᠵᠡᠯᠲᠡ ᠢ ᠪᠤᠢ ᠪᠣᠯᠭᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠴᠦ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠴᠤ᠂ ᠲᠡᠳᠡᠨ ᠢ ᠬᠠᠪᠰᠤᠷᠤᠨ ᠠᠵᠢᠯ ᠡᠷᠢᠬᠦ ᠶᠠᠪᠤᠴᠠ ᠳᠤ ᠲᠣᠬᠢᠶᠠᠯᠳᠤᠭᠰᠠᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠰᠤᠷᠭᠠᠭᠤᠯᠢ ᠠᠴᠠ ᠰᠠᠯᠬᠤ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠠᠵᠢᠯ ᠤᠨ ᠡᠷᠴᠢᠮ ᠢ ᠪᠠᠭᠤᠷᠠᠭᠤᠯᠬᠤ ᠥᠬᠡᠶ᠂ ᠰᠤᠷᠭᠠᠭᠤᠯᠢ ᠠᠴᠠ ᠰᠠᠯᠤᠭᠰᠠᠨ ᠤ ᠳᠠᠷᠠᠭ᠎ᠠ ᠠᠵᠢᠯ ᠣᠯᠭᠤᠬᠤ ᠦᠢᠯᠡᠴᠢᠯᠡᠭᠡ ᠶᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠰᠢᠩᠭᠡᠭᠡᠨ ᠠᠪᠬᠤ ᠦᠢᠯᠡᠳᠦᠯ ᠢ ᠪᠠᠳᠠᠷᠠᠭᠤᠯᠵᠤ᠂ ᠪᠠᠭᠰᠢ᠂ ᠡᠮᠨᠡᠯᠭᠡ ᠶᠢᠨ ᠠᠵᠢᠯᠲᠠᠨ ᠵᠡᠷᠭᠡ ᠠᠵᠢᠯ ᠤᠨ ᠪᠠᠶᠢᠷᠢ ᠶᠢᠨ ᠡᠯᠰᠡᠨ ᠬᠡᠷᠡᠭᠯᠡᠬᠦ ᠴᠠᠭ ᠢ ᠰᠢᠯᠢᠳᠡᠭᠵᠢᠭᠦᠯᠦᠨ ᠳᠣᠭᠢᠷᠠᠭᠤᠯᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾᠂ ︽ᠪᠠᠷᠠᠭᠤᠨ ᠣᠷᠣᠨ ᠤ ᠲᠥᠯᠥᠪᠯᠡᠭᠡ︾ ᠵᠡᠷᠭᠡ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠳᠠᠷᠤᠭᠠᠰᠤ ᠶᠢ ᠨᠢ ᠬᠥᠩᠭᠡᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠥᠷᠭᠡᠳᠬᠡᠬᠦ ᠤᠯᠤᠰ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠰᠢᠩᠭᠡᠭᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠵᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠵᠡᠷᠭᠡ ᠲᠦᠷᠦ ᠶᠢᠨ ᠪᠤᠳᠤᠯᠭ᠎ᠠ ᠪᠠᠷ ᠳᠠᠮᠵᠢᠭᠤᠯᠤᠨ ᠲᠡᠭᠦᠰᠬᠦ ᠣᠶᠤᠲᠠᠳ ᠤᠨ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠲᠡᠭᠦᠰᠬᠦ ᠣᠶᠤᠲᠠᠳ ᠤᠨ ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠤᠯᠬᠤ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号