ᠰᠢ ᠶᠢᠨ ᠫᠢᠩ ᠬᠥᠬᠡᠨᠠᠭᠤᠷ ᠲᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/6/9
ᠶᠡᠷᠦᠩᠬᠡᠶ ᠱᠦᠵᠢ ᠰᠢ ᠶᠢᠨ ᠫᠢᠩ 7 ᠤ ᠡᠳᠦᠷ ᠬᠥᠬᠡᠨᠠᠭᠤᠷ ᠲᠤ ᠬᠦᠷᠴᠦ ᠪᠠᠶᠢᠴᠠᠭᠠᠨ ᠰᠤᠳᠤᠯᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠲᠡᠷᠡ ᠰᠢᠨᠢᠩ ᠬᠤᠳᠠ ᠳᠤ ᠪᠠᠶᠢᠭ᠎ᠠ ᠬᠥᠬᠡᠨᠠᠭᠤᠷ ᠤᠨ ᠱᠧᠩ ᠶᠤᠸᠠᠨ ᠬᠡᠪᠢᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠲᠦᠭᠦᠬᠡᠢ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠵᠢᠷᠤᠭᠯᠠᠨ ᠲᠥᠯᠥᠪᠯᠡᠬᠦ ᠣᠨᠣᠯᠵᠢᠬᠤᠨ ᠢᠶᠠᠨ ᠰᠢᠨᠡᠴᠢᠯᠡᠵᠦ᠂ ᠦᠢᠯᠡᠳᠬᠦᠨ ᠤ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠢ ᠲᠠᠶᠢᠴᠢᠯᠠᠨ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠳᠠᠷᠠᠭ᠎ᠠ ᠳᠤ ᠨᠢ᠂ ᠰᠢ ᠶᠢᠨ ᠫᠢᠩ ᠸᠧᠨ ᠬᠤᠢ ᠵᠠᠮ ᠤᠨ ᠵᠡᠭᠡᠯᠢ ᠭᠤᠳᠤᠮᠵᠢ ᠶᠢᠨ ᠸᠧᠨ ᠲᠢᠩ ᠭᠤᠳᠤᠮᠵᠢ ᠶᠢᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠦᠭᠰᠡᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠪᠠ᠃ ︵ᠰᠤᠷᠪᠤᠯᠵᠢᠯᠠᠭᠴᠢ᠄ ᠵᠠᠩ ᠰᠢᠶᠤᠤ ᠰᠥᠩ᠂ ᠵᠦ ᠵᠢᠢ ᠴᠠᠶ︔ ᠬᠡᠷᠡᠯ ᠵᠢᠷᠤᠭ ᠤᠨ ᠰᠤᠷᠪᠤᠯᠵᠢᠯᠠᠭᠴᠢ᠄ ᠯᠢ ᠰᠢᠤᠸᠠᠢ ᠷᠧᠨ᠂ ᠰᠢᠶᠧ ᠬᠤᠸᠠᠨ ᡂᠢ᠂ ᠶᠠᠨ ᠶᠠᠨ᠂ ᠱᠧᠨ ᠬᠤᠩ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号