ᠮᠧᠩ ᠰᠢ ᠪᠠᠯᠭᠠᠰᠤ 2021 ᠣᠨ ᠤ ᠲᠤᠤᠷᠴᠢᠯᠠᠭᠰᠠᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ  ᠢ ᠠᠬᠢᠭᠤᠯᠬᠤ ᠬᠤᠷᠠᠯ ᠤᠨ ᠢᠷᠡᠯᠲᠡ ᠶᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/14
     7 ᠰᠠᠷ᠎ᠠ ᠶᠢᠨ 6 ᠤ ᠡᠳᠦᠷ᠂ ᠮᠧᠩ ᠰᠢ ᠪᠠᠯᠭᠠᠰᠤ 2021 ᠣᠨ ᠤ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠯᠢ ᠶᠣᠣ ᠵᠢᠶᠦ᠋ᠨ᠂ ᠮᠧᠩ ᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠬᠠᠰᠧᠴᠢᠷ᠂ ᠮᠧᠩ ᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠦ᠋ ᠴᠢᠶᠠᠩ ᠪᠣᠯᠤᠨ ᠮᠧᠩ ᠰᠢ ᠪᠠᠯᠭᠠᠰᠤᠨ ᠤ ᠭᠤᠷᠪᠠᠳᠤᠭᠠᠷ᠂ ᠳᠥᠷᠪᠡᠳᠦᠭᠡᠷ ᠳᠡᠰ ᠤᠨ ᠲᠤᠰᠬᠠᠶ ᠲᠤᠰᠢᠶᠠᠯᠲᠤ ᠰᠦᠯᠵᠢᠶᠡᠨ ᠤ ᠭᠡᠰᠢᠭᠦᠨ ᠣᠷᠣᠯᠴᠠᠪᠠ᠃      ᠬᠤᠷᠠᠯ ᠠᠴᠠ ᠮᠧᠩ ᠰᠢ ᠪᠠᠯᠭᠠᠰᠤᠨ ᠤ 2021 ᠣᠨ ᠤ ᠳᠡᠭᠡᠷ᠎ᠡ ᠬᠠᠭᠠᠰ ᠵᠢᠯ ᠤᠨ ᠲᠤᠤᠷᠴᠢᠯᠠᠭᠰᠠᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠳ᠋ᠦᠩᠨᠡᠵᠦ᠂ ᠣᠳᠣᠬᠠᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠳ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠲᠡᠭᠡᠭᠰᠢᠯᠡᠬᠦᠯᠤᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠪᠤᠢ ᠪᠣᠯᠭᠠᠵᠤ᠂ ᠰᠦᠯᠵᠢᠶᠡᠨ ᠤ ᠡᠩᠨᠡᠭᠡ ᠶᠢᠨ ᠦᠨᠡᠨᠴᠢ ᠰᠢᠳᠤᠷᠭᠤ ᠪᠠᠶᠢᠬᠤ ᠰᠦᠭ ᠰᠦᠨᠡᠰᠦ ᠶᠢ ᠪᠠᠬᠢᠵᠢᠭᠦᠯᠬᠦ ᠬᠡᠷᠡᠭᠲᠡᠢ︔ ᠲᠤᠤᠷᠴᠢᠯᠠᠯ ᠤᠨ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠰᠡᠳᠬᠢᠯ ᠲᠠᠯᠪᠢᠨ ᠰᠡᠳᠬᠢᠯᠭᠡ ᠲᠠᠢ ᠪᠠᠷ ᠬᠦᠴᠦᠯᠡᠨ ᠬᠢᠬᠦ ᠬᠡᠷᠡᠭᠲᠡᠢ︔ ᠲᠤᠤᠷᠴᠢᠯᠠᠭᠰᠠᠨ ᠬᠠᠮᠢᠶᠠᠷᠤᠯᠲᠠ ᠶᠢ ᠠᠬᠢᠭᠤᠯᠵᠤ᠂ ᠦᠢᠯᠡᠴᠢᠯᠡᠭᠡᠨ ᠤ ᠰᠢᠨ᠎ᠡ ᠲᠣᠭᠲᠠᠴᠠ ᠶᠢ ᠪᠦᠷᠢᠨᠰᠢᠬᠦᠯᠤᠨ᠂ ᠡᠩᠨᠡᠭᠡ ᠶᠢ ᠰᠠᠬᠢᠯᠭ᠎ᠠ ᠪᠠᠲᠤ ᠪᠠᠷ  ᠬᠢᠵᠠᠭᠠᠷᠯᠠᠵᠤ᠂ ᠲᠦᠷᠢᠮ ᠳᠤ ᠬᠠᠷᠢᠶᠠᠯᠠᠭᠤᠯᠤᠨ᠂ ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠥᠷᠭᠡᠨ ᠤᠯᠠᠨ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠳᠠᠨ ᠲᠡᠷᠢᠭᠦᠨ ᠤ ᠬᠢ ᠪᠠᠷ ᠬᠡᠪ ᠳᠠᠭᠤᠷᠢᠶᠠᠯ ᠪᠣᠯᠭᠠᠵᠤ᠂ ᠲᠡᠷᠢᠭᠦᠨ ᠤ ᠬᠢ ᠪᠠᠷ ᠵᠣᠷᠢᠭᠵᠢᠭᠤᠯᠤᠯ ᠪᠤᠯᠭᠠᠨ᠂ ᠲᠤᠤᠷᠴᠢᠯᠠᠭᠰᠠᠨ ᠨᠡᠶᠢᠭᠡᠮ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠴᠣᠭᠴᠠᠯᠠᠬᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠣᠷᠣᠨᠠᠳᠠᠬᠢᠨ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠡᠯ᠎ᠡ ᠱᠠᠲᠤᠨ ᠤ ᠲᠤᠤᠷᠴᠢᠯᠠᠯ ᠤᠨ ᠬᠠᠮᠢᠶᠠᠷᠤᠯᠲᠠ ᠶᠢᠨ ᠠᠵᠢᠯᠲᠠᠳ ᠢ ᠲᠠᠶᠢᠴᠢᠯᠡᠨ ᠢᠳᠡᠪᠬᠢᠲᠡᠢ ᠬᠠᠮᠵᠢᠯᠴᠠᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠨ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠡᠰᠡᠷᠭᠦᠴᠡᠵᠦ᠂ ᠬᠠᠤᠯᠢ ᠠᠴᠠ ᠵᠥᠷᠢᠴᠡᠨ ᠳᠡᠭᠡᠭᠰᠢ ᠰᠤᠷᠪᠤᠯᠵᠢᠯᠠᠬᠤ ᠶᠢ ᠡᠷᠡᠰ ᠬᠤᠷᠢᠭᠯᠠᠪᠠ᠃      ᠠᠮᠤᠷ ᠲᠠᠶᠢᠪᠤᠩ ᠪᠣᠯ ᠠᠷᠠᠳ ᠤᠨ ᠠᠮᠢᠳᠤᠷᠠᠯ ᠤᠨ ᠬᠡᠷᠡᠭᠴᠡᠭᠡ ᠮᠥᠨ᠂ ᠲᠣᠭᠲᠠᠭᠤᠨ ᠪᠠᠶᠢᠬᠤ ᠪᠣᠯ ᠬᠥᠭᠵᠢᠯᠲᠡ ᠶᠢᠨ ᠰᠠᠭᠤᠷᠢ ᠮᠥᠨ᠃ ᠠᠮᠤᠷ ᠠᠮᠤᠭᠤᠯᠠᠩ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠠᠶᠠᠨ ᠳᠤ ᠮᠧᠩ ᠰᠢ ᠪᠠᠯᠭᠠᠰᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ ᠤᠶᠢᠯᠠᠭᠠᠨ᠂ ᠣᠨᠣᠪᠴᠢᠲᠠᠶ ᠡᠵᠡᠮᠳᠡᠵᠦ᠂ ᠨᠠᠩ ᠥᠨᠳᠥᠷ ᠲᠠᠰ ᠳᠠᠪᠬᠤᠷᠭ᠎ᠠ ᠠᠴᠠ ᠠᠮᠤᠷ ᠠᠮᠤᠭᠤᠯᠠᠩ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠠᠨᠢᠵᠤ  ᠬᠥᠨᠵᠡᠭᠡᠶᠢᠷᠡᠬᠦᠯᠬᠦ ᠪᠤᠯᠤᠨ᠎ᠠ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ