ᠨᠠᠮ ᠳᠠᠭᠠᠨ ᠪᠣᠳᠠᠲᠤ ᠶᠠᠪᠤᠳᠠᠯ ᠬᠢᠵᠦ᠂ ᠤᠭ ᠵᠤᠷᠢᠯᠲᠠ ᠪᠠᠨ ᠥᠢᠯᠡᠲᠥᠯᠭᠡᠵᠢᠬᠦᠯᠤᠶ᠎ᠡ — ᠠᠷᠪᠠᠰ ᠰᠤᠮᠤ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/15
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠠᠷᠪᠠᠰ ᠰᠤᠮᠤ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠳᠤᠨ ᠳᠠᠭᠠᠵᠤ᠂ ᠴᠡᠷᠢᠭ ᠬᠥᠮᠦᠨ ᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠶᠯᠡᠴᠢᠯᠡᠬᠦ ᠭᠤᠤᠯᠯᠠᠭᠴᠢ ᠥᠷᠲᠡᠭ ᠤᠨ ᠦᠵᠡᠯᠲᠡ ᠶᠢ ᠦᠶᠯᠡᠳᠦᠯᠭᠡᠵᠢᠭᠦᠯᠵᠦ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠰᠢᠶᠳᠪᠦᠷᠢᠯᠡᠵᠦ᠂ ᠣᠯᠠᠨ ᠲᠦᠮᠡᠨ ᠤ ᠳᠡᠷᠭᠡᠳᠡᠬᠢ ︽ᠵᠠᠩᠭᠢᠯᠠᠭ᠎ᠠ ᠶᠢᠨ ᠪᠣᠳᠠᠲᠤ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃      ᠣᠶᠢᠷ᠎ᠠ ᠳᠤ᠂ ᠬᠥᠳᠡᠯᠮᠦᠷᠢ ᠬᠦᠴᠦ ᠳᠤᠲᠠᠭᠳᠠᠵᠤ ᠪᠠᠶᠢᠭ᠎ᠠ ᠮᠠᠯᠵᠢᠬᠤ ᠡᠷᠦᠬᠡ ᠶᠢ ᠨᠠᠩ ᠰᠠᠶᠢᠲᠤᠷ ᠬᠠᠪᠰᠤᠷᠤᠨ ᠮᠠᠰᠢᠨᠴᠢᠯᠠᠯᠲᠠ ᠶᠢᠨ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠠᠷᠪᠠᠰ ᠰᠤᠮᠤ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢᠨ ᠰᠠᠶᠢᠨ ᠳᠤᠷᠠᠴᠤᠳ ᠤᠯᠠᠭᠠᠨ ᠤᠰᠤ ᠭᠠᠴᠠᠭᠠᠨ ᠤ ᠮᠠᠯᠴᠢᠳ ᠤᠨ ᠬᠡᠷ ᠲᠤ ᠬᠦᠷᠴᠦ ᠮᠠᠰᠢᠨᠴᠢᠯᠠᠯᠲᠠ ᠶᠢᠨ ᠠᠵᠢᠯ᠂ ᠮᠠᠯ ᠤᠨ ᠡᠪᠡᠳᠴᠢᠨ ᠡᠮᠭᠡᠭ ᠢ ᠰᠡᠷᠭᠡᠶᠢᠯᠡᠬᠦ ᠠᠵᠢᠯᠯᠠᠭ᠎ᠠ ᠥᠷᠨᠢᠭᠦᠯᠪᠡ᠃      ᠤᠯᠠᠭᠠᠨ ᠤᠰᠤ ᠭᠠᠴᠠᠭ᠎ᠠ ᠶᠢᠨ ᠮᠠᠯᠴᠢᠨ ᠪᠠᠲᠤᠴᠢᠯᠠᠭᠤ᠄ ︽ᠡᠨᠡ ᠬᠤᠶᠠᠷ ᠡᠳᠦᠷ᠂ ᠲᠠᠳᠠ ᠮᠠᠨ ᠤ ᠬᠡᠷ ᠤᠨ ᠪᠣᠳᠠᠲᠠᠶ ᠲᠤᠯᠭᠠᠷᠠᠭᠰᠠᠨ ᠠᠰᠠᠭᠤᠳᠠᠯ ᠢ ᠬᠠᠪᠰᠤᠷᠤᠨ ᠵᠣᠬᠢᠴᠠᠭᠤᠯᠵᠤ ᠰᠢᠶᠳᠪᠦᠷᠢᠯᠡᠵᠦ᠂ ᠮᠠᠰᠢ ᠳᠣᠲᠣᠨᠣ ᠪᠠᠶᠢᠯ᠎ᠠ᠃ ᠲᠡᠳᠡᠨ ᠤ ᠳᠡᠮᠵᠢᠯᠭᠡ ᠪᠠ ᠬᠠᠪᠰᠤᠷᠤᠯᠭ᠎ᠠ ᠳᠤ ᠪᠠᠶᠠᠷᠯᠠᠯ᠎ᠠ᠃︾ ᠭᠡᠪᠡᠴᠦ ᠠᠷᠪᠠᠰ ᠰᠤᠮᠤ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠠᠩᠭᠢ ᠨᠢ ᠵᠥᠪᠬᠡᠨ ᠡᠳᠡᠭᠡᠷ ᠦᠶᠯᠡᠴᠢᠯᠡᠭᠡ ᠳᠤ ᠬᠢᠵᠠᠭᠠᠷᠯᠠᠭᠲᠠᠭ᠎ᠠ ᠥᠭᠡᠢ᠃      ᠠᠷᠪᠠᠰ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠵᠤ ᠦᠶᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠠᠵᠤ ᠠᠬᠤᠶᠢᠯᠠᠯ ᠠᠵᠢᠯᠯᠠᠭᠤᠯᠬᠤ᠂ ᠲᠥᠯᠥᠪᠦᠷᠢ ᠲᠠᠢ ᠦᠶᠯᠡᠴᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠵᠠᠷᠴᠢᠮ ᠶᠣᠰᠣᠭᠠᠷ᠂ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠠᠵᠢᠯᠯᠠᠭᠤᠯᠵᠤ᠂ 12 ᠦᠶᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠭᠤᠤᠯᠳᠠᠭᠤ ᠮᠠᠯᠴᠢᠨ ᠲᠠᠷᠢᠶᠠᠴᠢᠨ ᠳᠤ ᠢᠮᠠᠭᠠᠨ ᠨᠣᠯᠤᠤᠷ ᠪᠣᠷᠣᠯᠠᠭᠤᠯᠬᠤ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠦᠷᠡᠵᠢᠭᠦᠯᠦᠨ ᠠᠷᠴᠢᠯᠠᠬᠤ᠂ ᠲᠠᠷᠢᠶᠠᠯᠠᠩ ᠤᠨ ᠮᠠᠰᠢᠨ ᠤ ᠦᠶᠯᠡᠴᠢᠯᠡᠭᠡ ᠬᠠᠨᠭ᠍ᠭᠠᠬᠤ ᠵᠡᠷᠭᠡ ᠪᠤᠰᠤᠳ 30 ᠭᠠᠷᠤᠶ ᠵᠦᠶᠯ ᠤᠨ ᠲᠤᠰᠬᠠᠶᠢᠵᠢᠭᠰᠠᠨ ᠦᠶᠯᠡᠴᠢᠯᠡᠭᠡ ᠬᠠᠩᠭᠠᠵᠤ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠶᠢ ᠬᠠᠪᠰᠤᠷᠤᠨ ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠣᠶᠢᠷ᠎ᠠ ᠶᠢᠨ ᠵᠢᠯ ᠤᠳ ᠲᠤ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠮᠡᠳᠡᠯᠭᠡ ᠶᠢᠨ ᠪᠣᠯᠪᠠᠰᠤᠷᠠᠭᠤᠯᠤᠯ ᠢ ᠨᠡᠶᠢᠲᠡ 20 ᠭᠠᠷᠤᠶ ᠤᠳᠠᠭ᠎ᠠ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠦᠶᠯᠡᠴᠢᠯᠡᠭᠡ ᠶᠢ 170 ᠭᠠᠷᠤᠶ ᠤᠳᠠᠭ᠎ᠠ ᠬᠠᠩᠭᠠᠵᠤ᠂ ᠣᠯᠠᠨ ᠲᠦᠮᠡᠨ ᠳᠤ 300 ᠭᠠᠷᠤᠶ ᠬᠥᠮᠦᠨ ᠦᠶᠯᠡᠴᠢᠯᠡᠪᠡ᠃      ︽ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠪᠠᠶᠢᠭᠤᠯᠤᠭᠰᠠᠨ ᠨᠡᠶᠢᠭᠡᠮᠴᠢᠯᠡᠭᠰᠡᠨ ᠵᠣᠬᠢᠶᠠᠨ ᠪᠠᠶᠢᠭᠤᠯᠤᠯᠲᠠ ᠶᠢᠨ ᠦᠶᠯᠡᠴᠢᠯᠡᠭᠡᠨ ᠤ ᠠᠩᠭᠢ ᠪᠣᠯ ᠳᠠᠷᠤᠶ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠶᠳᠪᠦᠷᠢᠯᠡᠵᠦ᠂ ᠦᠨᠡᠨ ᠪᠣᠳᠠᠲᠠᠶ ᠪᠠᠷ ᠠᠵᠢᠯ ᠶᠠᠪᠤᠳᠠᠯ ᠬᠢᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠤᠨ᠎ᠠ︾ ᠭᠡᠵᠦ ᠠᠷᠪᠠᠰ ᠰᠤᠮᠤ ᠶᠢᠨ ᠨᠠᠮ ᠤᠨ ᠬᠤᠷᠢᠶᠠᠨ ᠤ ᠱᠦᠵᠢ ᠨᠠᠰᠤᠨᠳᠡᠯᠭᠡᠷ ᠬᠡᠯᠡᠪᠡ᠃      ᠲᠠᠷᠠᠭᠠᠴᠢ ᠶᠢᠨ ᠠᠯᠬᠤᠮ ᠳᠤ᠂ ᠠᠷᠪᠠᠰ ᠰᠤᠮᠤ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠠᠩᠭᠢ ᠦᠷᠭᠦᠯᠵᠢᠯᠡᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠶᠯᠡᠳᠦᠯᠭᠡ ᠶᠢᠨ ᠠᠵᠢᠯᠯᠠᠭ᠎ᠠ ᠶᠢ ᠦᠶᠯᠡᠳᠦᠯᠭᠡ ᠶᠢᠨ ᠬᠢᠴᠢᠶᠡᠯ ᠪᠣᠯᠭᠠᠵᠤ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷᠳᠡᠯ ᠢ ᠨᠢ ᠰᠢᠢᠳᠪᠤᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠥᠢᠯᠡᠲᠤᠯᠭᠡᠵᠢᠬᠦᠯᠪᠡ᠃
ᠢᠷᠡᠯᠲᠡ᠄ ᠣᠲᠤᠭ ᠬᠤᠰᠢᠭᠤᠨ ᠤ ᠠᠷᠪᠠᠰ ᠰᠤᠮᠤ