ᠣᠲᠤᠭ ᠬᠤᠰᠢᠭᠤᠨ ᠤ ᠮᠧᠩ ᠰᠢ ᠪᠠᠯᠭᠠᠰᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠭᠤᠷᠪᠠᠨ ᠬᠢᠴᠢᠶᠡᠯ ᠤᠨ ᠲᠠᠩᠬᠢᠮ︾ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠤᠷᠮ᠎ᠠ ᠵᠣᠷᠢᠭ ᠢ ᠬᠥᠭᠵᠢᠭᠡᠪᠡ
ᠨᠡᠶᠢᠲᠡᠯᠡᠭᠰᠡᠨ ᠴᠠᠭ᠄
2021/7/16
     ᠣᠲᠤᠭ ᠬᠤᠰᠢᠭᠤᠨ ᠤ ᠮᠧᠩ ᠰᠢ ᠪᠠᠯᠭᠠᠰᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠡᠯᠪᠡᠷᠢ ᠶᠢ ᠢᠳᠡᠪᠬᠢᠲᠡᠶ ᠰᠦᠪᠡᠭᠴᠢᠯᠡᠨ ᠪᠠᠶᠠᠯᠢᠭᠵᠢᠭᠤᠯᠵᠤ᠂ ︽ᠬᠡᠷ ᠳᠣᠲᠣᠷᠠᠬᠢ ᠬᠢᠴᠢᠶᠡᠯ ᠤᠨ ᠲᠠᠩᠬᠢᠮ︾᠂ ︽ᠠᠬᠤᠶ ᠲᠠᠯᠠᠪᠠᠶ ᠶᠢᠨ ᠬᠢᠴᠢᠶᠡᠯ ᠤᠨ ᠲᠠᠩᠬᠢᠮ︾ ᠵᠢᠴᠢ ︽ᠰᠥᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ︾ ᠬᠡᠬᠦ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ ᠨᠠᠮ ᠤᠨ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠡᠪ ᠬᠠᠮᠲᠤᠴᠤᠳ ᠤᠨ ᠵᠣᠷᠢᠭ ᠰᠠᠨᠠᠭᠠᠨ ᠤ ᠠᠮᠢᠨ ᠰᠥᠨᠡᠰᠤ ᠶᠢ ᠦᠷᠭᠦᠯᠵᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠦᠨᠡᠨ ᠬᠦ ︽ᠠᠮᠢᠳᠤᠯᠢᠭ︾ ᠪᠤᠯᠭᠠᠵᠠᠢ᠃ ︽ᠭᠡᠷ ᠳᠣᠲᠣᠷᠠᠬᠢ ᠬᠢᠴᠢᠶᠡᠯ ᠤᠨ ᠲᠠᠩᠬᠢᠮ︾ ᠢ ᠰᠠᠶᠢᠲᠤᠷ ᠬᠡᠷᠡᠭᠯᠡᠵᠦ᠂ ︽ᠰᠠᠭᠤᠵᠤ ᠪᠠᠶᠢᠭᠠᠳ︾ ᠨᠠᠮ ᠤᠨ ᠲᠡᠦᠬᠡ ᠶᠢ  ᠰᠤᠷᠤᠯᠴᠠᠵᠠᠢ᠃ ᠨᠢᠭᠡ ᠳᠤ᠂ ᠲᠤᠰᠬᠠᠢ ᠮᠡᠷᠭᠡᠵᠢᠯᠲᠡᠨ ᠢ ᠤᠷᠢᠵᠤ ᠨᠠᠮ ᠤᠨ ᠬᠢᠴᠢᠶᠡᠯ ᠤᠷᠤᠭᠤᠯᠪᠠ᠃ ᠣᠯᠠᠨ ᠶᠠᠩᠵᠤ ᠬᠡᠯᠪᠡᠷᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ︽ᠰᠠᠭᠤᠵᠤ︾ ᠨᠠᠮ ᠤᠨ ᠲᠡᠦᠬᠡ ᠶᠢ ᠰᠤᠷᠤᠯᠴᠠᠬᠤ ᠶᠢ  ᠠᠬᠢᠭᠤᠯᠵᠠᠢ᠃ ︽ᠱᠦᠵᠢ ᠶᠢᠨ ᠬᠢᠴᠢᠶᠡᠯ ᠤᠨ ᠲᠠᠩᠬᠢᠮ︾᠂ ︽ᠲᠤᠰᠬᠠᠶ ᠮᠡᠷᠭᠡᠵᠢᠯᠲᠡᠨ ᠤ ᠬᠢᠴᠢᠶᠡᠯ ᠤᠨ ᠲᠠᠩᠬᠢᠮ︾ ᠢ ᠰᠠᠶᠢᠲᠤᠷ ᠠᠰᠢᠭᠯᠠᠵᠤ᠂ ᠬᠤᠯᠪᠣᠭᠠᠯᠠᠨ ᠵᠢᠭᠠᠵᠤ ᠬᠤᠯᠪᠣᠭᠠᠯᠠᠨ ᠰᠤᠷᠤᠯᠴᠠᠬᠤ ᠶᠢ ᠠᠬᠢᠭᠤᠯᠪᠠ᠂ ᠣᠳᠣᠬᠠᠨ ᠳᠤ᠂ ᠨᠠᠮ ᠤᠨ ᠬᠤᠷᠢᠶᠠᠨ ᠤ ᠱᠦᠵᠢ 13 ᠲᠠᠯᠠᠪᠤᠷ ᠨᠠᠮ ᠤᠨ ᠬᠢᠴᠢᠶᠡᠯ ᠣᠷᠣᠵᠤ᠂ ᠨᠠᠮ ᠤᠨ ᠰᠤᠷᠭᠠᠭᠤᠯᠢ ᠶᠢᠨ ᠪᠠᠭᠰᠢ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ 4 ᠲᠠᠯᠠᠪᠤᠷ ᠨᠠᠮ ᠤᠨ ᠬᠢᠴᠢᠶᠡᠯ ᠤᠷᠤᠭᠤᠯᠵᠠᠢ᠃ ᠬᠤᠶᠠᠷ ᠲᠤ᠂ ᠨᠠᠮ ᠤᠨ ᠲᠡᠦᠬᠡ ᠶᠢ ᠭᠦᠨᠵᠡᠭᠡᠢ ᠰᠤᠷᠤᠯᠴᠠᠵᠤ ᠨᠠᠷᠢᠯᠢᠭ ᠰᠤᠲᠤᠯᠤᠪᠠ᠃ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠲᠤᠰᠬᠠᠢ ᠰᠡᠳᠦᠪᠲᠦ ᠨᠣᠮ ᠤᠩᠰᠢᠬᠤ ᠠᠩᠭᠢ ᠵᠡᠷᠭᠡ ᠬᠡᠯᠪᠡᠷᠢ ᠪᠠᠷ ᠤᠭ ᠵᠣᠬᠢᠶᠠᠯ ᠢ ᠤᠩᠰᠢᠵᠤ ᠂ ᠤᠭ ᠵᠣᠬᠢᠶᠠᠯ ᠢ ᠰᠤᠷᠤᠯᠴᠠᠨ᠂ ᠤᠭ ᠶᠣᠰᠣ ᠶᠢ ᠣᠶᠢᠯᠠᠭᠠᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠬᠦ ᠶᠢ ᠪᠡᠶᠡᠯᠡᠭᠦᠯᠪᠡ᠃ ᠮᠤᠩ ᠰᠢ ᠪᠠᠯᠭᠠᠰᠤᠨ ᠤ 10 ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠤ ᠨᠠᠮ ᠤᠨ ᠡᠭᠦᠷ ᠲᠥᠪᠯᠡᠷᠡᠭᠦᠯᠦᠨ ᠰᠤᠷᠤᠯᠴᠠᠬᠤ᠂ ᠨᠠᠮ ᠤᠨ ᠲᠡᠦᠬᠡ ᠶᠢ ᠰᠤᠷᠤᠯᠴᠠᠵᠤ ᠨᠣᠮ ᠤᠩᠰᠢᠬᠤ ᠬᠤᠷᠠᠯ᠂ ᠨᠠᠮ ᠤᠨ ᠲᠡᠦᠬᠡ ᠶᠢ ᠰᠤᠷᠤᠯᠴᠠᠵᠤ ᠣᠯᠤᠯᠲᠠ ᠪᠠᠨ ᠶᠠᠷᠢᠯᠴᠠᠬᠤ᠂ ᠮᠡᠳᠡᠯᠭᠡ ᠶᠢᠨ ᠶᠠᠷᠢᠶᠠᠨ ᠤ ᠲᠠᠩᠬᠢᠮ ᠵᠡᠷᠭᠡ ᠠᠮᠢᠳᠤᠯᠢᠭ ᠬᠡᠯᠪᠡᠷᠢ ᠶᠢ ᠠᠰᠢᠭᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠵᠠᠭᠤᠨ ᠵᠢᠯ ᠤᠨ ᠨᠠᠮ ᠤᠨ ᠲᠡᠦᠬᠡᠨ ᠠᠴᠠ ᠦᠵᠡᠯ ᠰᠠᠨᠠᠭᠠᠨ ᠤ ᠰᠡᠩᠬᠡᠷᠡᠭᠦᠯᠦᠯ ᠣᠯᠵᠤ᠂ ᠣᠨᠣᠯ ᠤᠨ ᠬᠦᠴᠦᠨ ᠢ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠬᠦᠴᠦᠨ ᠪᠤᠯᠭᠠᠵᠤ ᠬᠤᠪᠢᠷᠠᠭᠤᠯᠬᠤ ᠶᠢ ᠣᠯᠠᠨ ᠲᠠᠯ᠎ᠠ ᠠᠴᠠ ᠬᠥᠲᠥᠯᠥᠨ ᠵᠢᠯᠣᠭᠤᠳᠪᠠ᠃      ︽ᠲᠤᠬᠠᠢ ᠶᠢᠨ ᠲᠠᠯᠠᠪᠠᠢ ᠶᠢᠨ ᠬᠢᠴᠢᠶᠡᠯ ᠤᠨ ᠲᠠᠩᠬᠢᠮ︾ ᠢ ᠰᠠᠶᠢᠲᠤᠷ ᠠᠰᠢᠭᠯᠠᠵᠤ᠂ ︽ᠭᠠᠷᠴᠤ ᠶᠠᠪᠤᠵᠤ︾ ᠨᠠᠮ ᠤᠨ ᠲᠡᠦᠬᠡ ᠶᠢ ᠰᠤᠷᠤᠯᠴᠠᠪᠠ᠃ ᠨᠢᠭᠡ ᠳᠤ ︽ᠬᠤᠪᠢᠰᠬᠠᠯ ᠤᠨ ᠡᠬᠢ ᠪᠠᠶᠠᠯᠢᠭ︾ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠵᠠᠢ᠃ ︽ᠬᠤᠪᠢᠰᠬᠠᠯ ᠤᠨ ᠠᠶᠠᠨ︾ ᠤ ᠱᠤᠭᠤᠮ ᠢ ᠪᠤᠢ ᠪᠣᠯᠭᠠᠵᠤ᠂ ᠭᠤᠣᠯ ᠰᠡᠳᠦᠪᠲᠦ ᠨᠠᠮ ᠤᠨ ᠡᠳᠦᠷ ᠢᠶᠠᠷ ᠠᠴᠢᠶᠠᠯᠠᠪᠤᠷᠢ ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ ︽ᠭᠠᠳᠠᠭᠰᠢ ᠭᠠᠷᠴᠤ︾ ᠨᠠᠮ ᠤᠨ ᠲᠡᠦᠬᠡ ᠶᠢ ᠰᠤᠷᠤᠯᠴᠠᠬᠤ ᠶᠢ ᠠᠬᠢᠭᠤᠯᠪᠠ᠃ ᠮᠧᠩ ᠰᠢ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠲᠣᠭᠤᠷᠢᠮ ᠳᠤ ᠣᠴᠢᠵᠤ ᠪᠣᠯᠪᠠᠰᠤᠷᠠᠯ ᠳᠤ ᠤᠷᠤᠯᠴᠠᠭᠤᠯᠵᠠᠢ︔ ᠮᠧᠩ ᠰᠢ ᠨᠡᠶᠢᠭᠡᠮ ᠲᠣᠭᠤᠷᠢᠭ᠂ ᠰᠤᠬᠠᠶᠢᠢᠳᠤ ᠭᠠᠴᠠᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠪᠣᠯᠤᠨ ᠢᠳᠡᠪᠬᠢᠲᠡᠨ ᠢ ᠵᠣᠬᠢᠶᠠᠨ ᠪᠠᠶᠢᠭᠤᠯᠵᠤ ᠵᠢᠩᠭᠠᠩᠱᠠᠨ ᠤ ᠬᠤᠪᠢᠰᠬᠠᠯ ᠤᠨ ᠬᠥᠮᠦᠵᠢᠯ ᠤᠨ ᠵᠤᠭᠠᠴᠠᠯ ᠬᠢᠵᠦ᠂ ᠲᠤᠬᠠᠢ ᠶᠢᠨ ᠭᠠᠵᠠᠷ ᠢᠶᠠᠷ ᠲᠣᠭᠤᠷᠢᠨ ᠦᠵᠡᠵᠦ ᠲᠡᠦᠬᠡ ᠶᠢ ᠡᠷᠭᠢᠴᠡᠭᠦᠯᠬᠦ᠂ ᠠᠭᠤᠤ ᠶᠡᠭᠡ ᠬᠤᠪᠢᠰᠬᠠᠯ ᠤᠨ ᠵᠣᠷᠢᠭ ᠰᠠᠨᠠᠭ᠎ᠠ ᠪᠣᠯᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠣᠶᠢᠯᠠᠭᠠᠵᠠᠢ᠃ ᠬᠤᠶᠠᠷ ᠲᠤ᠂ ᠨᠠᠮ ᠤᠨ ᠠᠴᠢ ᠶᠢ ᠵᠠᠯᠭᠠᠮᠵᠢᠯᠠᠵᠤ᠂ ᠬᠠᠶᠢᠷ᠎ᠠ ᠬᠠᠯᠠᠮᠵᠢ ᠶᠢ ᠲᠠᠮᠵᠢᠭᠤᠯᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠬᠦᠳᠦᠯᠦᠨ ᠵᠢᠯᠣᠭᠤᠳᠴᠤ ᠨᠠᠮ ᠤᠨ ᠲᠡᠦᠬᠡ ᠠᠴᠠ ︽ᠰᠢᠮ᠎ᠡ ᠲᠡᠵᠢᠭᠡᠯ︾ ᠬᠦᠷᠳᠡᠵᠦ᠂ ᠰᠢᠨ᠎ᠡ ᠴᠠᠭ ᠦᠶ᠎ᠡ ᠶᠢᠨ ︽ᠬᠤᠪᠢᠰᠬᠠᠯᠲᠤ ᠵᠣᠷᠢᠭ ᠰᠠᠨᠠᠭ᠎ᠠ︾ ᠶᠢ ᠪᠠᠲᠠᠷᠠᠭᠤᠯᠪᠠ᠃ ᠮᠧᠩ ᠰᠢ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ︽ᠠᠴᠢᠯᠠᠯᠲᠤ ᠰᠡᠳᠬᠢᠯᠭᠡ︾ ᠨᠠᠰᠤᠲᠠᠨ ᠢᠶᠠᠨ ᠬᠦᠨᠳᠦᠯᠡᠬᠦ ᠠᠵᠢᠯᠯᠠᠭ᠎ᠠ ᠥᠷᠨᠢᠭᠦᠯᠵᠦ᠂ ᠥᠷᠤᠭᠡᠰᠤᠨ ᠪᠡᠯᠪᠡᠰᠦᠨ ᠨᠠᠰᠤᠲᠠᠨ ᠢ ᠬᠠᠪᠰᠤᠷᠴᠤ ᠴᠡᠪᠡᠷᠯᠡᠭᠡ ᠬᠢᠵᠦ᠂ ᠭᠤᠯᠢᠷ ᠲᠤᠰᠤ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠪᠡ︔ ᠯᠦᠩ ᠠᠨ ᠨᠡᠶᠢᠭᠡᠮ ᠲᠣᠭᠤᠷᠢᠭ ᠴᠡᠷᠢᠭ ᠠᠴᠠ ᠬᠠᠯᠠᠭᠳᠠᠭᠰᠠᠨ ᠨᠠᠰᠤᠲᠠᠨ ᠢ ᠪᠣᠯᠭᠤᠭᠠᠨ ᠲᠣᠬᠤᠨᠢᠭᠤᠯᠵᠤ᠂ ᠬᠤᠪᠢᠰᠬᠠᠯᠲᠤ ᠤᠳᠤᠮᠰᠢᠯ ᠢ ᠴᠢᠰᠤᠨ ᠳᠤᠨᠢ ᠰᠢᠩᠭᠡᠭᠡᠵᠤ᠂ ᠦᠶ᠎ᠡ ᠶᠢᠨ ᠦᠶ᠎ᠡ ᠳᠤ ᠤᠯᠠᠮᠵᠢᠯᠠᠪᠠ᠃      ︽ᠰᠥᠯᠵᠢᠶᠡᠨ ᠲᠡᠭᠡᠷᠡᠬᠢ ᠬᠢᠴᠢᠶᠡᠯ ᠤᠨ ᠲᠠᠩᠬᠢᠮ︾᠂ ︽ᠬᠤᠷᠤᠭᠤ︾ ᠪᠠᠨ ᠰᠠᠶᠢᠲᠤᠷ ᠬᠡᠷᠡᠭᠯᠡᠵᠦ ᠨᠠᠮ ᠤᠨ ᠲᠡᠦᠬᠡ ᠶᠢ ᠰᠤᠷᠤᠯᠴᠠᠪᠠ᠃ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠲᠦᠰᠢᠭᠯᠡᠨ ︽ᠰᠦᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ︾ ᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠬᠤ ᠶᠢ ᠠᠬᠢᠭᠤᠯᠵᠠᠢ᠃ ᠮᠧᠩ ᠰᠢ ᠪᠠᠯᠭᠠᠰᠤ ᠸᠢᠴᠠᠲ ᠤᠨ ᠨᠡᠶᠢᠲᠡ ᠶᠢᠨ ᠳ᠋ᠤᠭᠠᠷ ᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠪᠤᠯᠤᠩ ᠭᠠᠷᠭᠠᠵᠤ᠂ ︽ᠨᠠᠮ ᠤᠨ ᠲᠡᠦᠬᠡ ᠶᠢᠨ ᠬᠥᠮᠦᠵᠢᠯ ᠢ ᠡᠳᠦᠷ ᠡᠳᠦᠷ ᠤᠩᠰᠢᠬᠤ︾ ᠶᠢᠨ ᠬᠠᠮᠲᠤ ︽ᠲᠣᠰᠬᠤᠨ ᠪᠣᠯᠭᠠᠨ ᠳᠤ ᠮᠡᠲᠡᠭᠡ ᠨᠡᠪᠲᠡᠷᠡᠭᠦᠯᠬᠦ︾ ᠶᠢ ᠠᠰᠢᠭᠯᠠᠨ ︽ᠨᠠᠮ ᠤᠨ ᠲᠡᠦᠬᠡ ᠶᠢᠨ ᠵᠠᠭᠤᠨ ᠵᠢᠯ ᠢ ᠡᠳᠦᠷ ᠡᠳᠦᠷ ᠤᠩᠰᠢᠬᠤ︾ ᠲᠠᠭᠤᠨ ᠳᠠᠪᠲᠠᠮᠵᠢ ᠶᠢᠨ ᠴᠤᠭᠯᠠᠷᠠᠯ ᠭᠠᠷᠭᠠᠵᠤ᠂ ᠠᠳᠠᠯᠢ ᠳᠠᠪᠲᠠᠮᠵᠢ ᠪᠠᠷ ᠲᠡᠦᠬᠡ ᠰᠤᠷᠤᠯᠴᠠᠬᠤ ᠶᠢᠨ ᠦᠶᠯᠡᠳᠦᠯ ᠢ ᠪᠣᠶ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠬᠠᠳᠠᠩᠰᠢᠭᠤᠯᠵᠤ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃
ᠢᠷᠡᠯᠲᠡ᠄ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ