ᠬᠤᠨᠢᠨ ᠤ ᠴᠡᠴᠡᠭ ᠡᠪᠡᠳᠴᠢᠨ
ᠨᠡᠶᠢᠲᠡᠯᠡᠭᠰᠡᠨ ᠴᠠᠭ᠄
2021/7/9
                ᠬᠤᠨᠢᠨ ᠤ ᠴᠡᠴᠡᠭ ᠡᠪᠡᠳᠴᠢᠨ                                ︽ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ︾      ᠬᠤᠨᠢᠨ ᠤ ᠴᠡᠴᠡᠭ ᠡᠪᠡᠳᠴᠢᠨ ᠪᠤᠯ ᠡᠯ᠎ᠡ ᠵᠦᠢᠯ ᠤᠨ ᠭᠡᠷ ᠤᠨ ᠲᠡᠵᠢᠭᠡᠪᠥᠷᠢ ᠶᠢᠨ ᠴᠡᠴᠡᠭ ᠡᠪᠡᠳᠴᠢᠨ ᠤ ᠲᠤᠳᠤᠷ᠎ᠠ ᠬᠠᠮᠤᠭ ᠠᠴᠠ ᠬᠤᠤᠷ ᠬᠥᠨᠥᠭᠡᠯ ᠲᠠᠢ᠂ ᠬᠠᠯᠠᠭᠤᠷᠠᠳᠠᠭ ᠬᠥᠷᠥᠯᠴᠡᠬᠦ ᠴᠢᠨᠠᠷᠲᠠᠢ ᠬᠠᠯᠳᠠᠪᠤᠷᠢᠳᠤ ᠡᠪᠡᠳᠴᠢᠨ ᠮᠥᠨ᠃ ᠢᠮᠠᠭᠠᠨ ᠤ ᠴᠡᠴᠡᠭ ᠤᠨ ᠸᠢᠷᠥ᠋ᠰ ᠤᠨ ᠠᠶᠢᠮᠠᠭ ᠤᠨ ᠬᠤᠨᠢᠨ ᠤ ᠴᠡᠴᠡᠭ ᠤᠨ ᠸᠢᠷᠥ᠋ᠰ ᠠᠴᠠ ᠡᠭᠦᠰᠥᠭᠰᠡᠨ ᠬᠠᠯᠳᠠᠪᠤᠷᠢᠳᠤ ᠡᠪᠡᠳᠴᠢᠨ ᠪᠤᠯᠤᠨ᠎ᠠ᠃ ᠲᠤᠰ ᠡᠪᠡᠳᠴᠢᠨ ᠤ ᠤᠨᠴᠠᠯᠢᠭ ᠨᠢ ᠠᠷᠠᠰᠤ ᠪᠤᠯᠤᠨ ᠰᠠᠯᠢᠰᠤᠳᠤ ᠪᠥᠷᠬᠦᠭᠦᠯ ᠳᠡᠭᠡᠷ᠎ᠡ ᠨᠢ ᠥᠪᠡᠷᠮᠢᠴᠡ ᠴᠡᠴᠡᠭ ᠤᠨ ᠪᠢᠵᠢᠷᠠᠤ ᠡᠭᠦᠰᠳᠡᠭ᠃ ᠡᠭᠦᠨ ᠤ ᠬᠠᠮᠳᠤ ᠪᠠᠰᠠ ᠨᠡᠶᠢᠳᠡᠯᠢᠭ ᠴᠢᠨᠠᠷᠳᠠᠢ ᠲᠤᠯᠪᠤᠳᠤ ᠪᠢᠵᠢᠷᠠᠤ᠂ ᠲᠤᠪᠤᠭᠤᠷ ᠪᠢᠵᠢᠷᠠᠤ᠂ ᠤᠰᠤᠨ ᠴᠥᠪᠥᠷᠢᠭᠦᠦ᠂ ᠢᠳᠡᠭᠡᠳᠤ ᠴᠥᠪᠥᠷᠢᠭᠦᠦ ᠪᠤᠯᠤᠨ ᠲᠠᠪᠠᠭᠠᠰᠤ ᠪᠥᠷᠢᠯᠳᠥᠬᠦ ᠵᠡᠷᠭᠡ ᠡᠪᠡᠳᠴᠢᠨ ᠤ ᠥᠩᠭᠡᠷᠡᠯᠳᠡ ᠲᠠᠢ ᠪᠠᠶᠢᠳᠠᠭ᠃ ᠲᠤᠰ ᠡᠪᠡᠳᠴᠢᠨ ᠭᠤᠤᠯᠳᠠᠭᠤ ᠠᠮᠢᠰᠬᠤᠯ ᠤᠨ ᠵᠠᠮ ᠢᠶᠠᠷ ᠬᠠᠯᠳᠠᠪᠤᠷᠢᠯᠠᠵᠤ ᠪᠠᠰᠠ ᠰᠢᠷᠬᠠᠳᠤᠭᠰᠠᠨ ᠠᠷᠠᠰᠤ ᠪᠤᠶᠤ ᠰᠠᠯᠢᠰᠤᠳᠤ ᠪᠥᠷᠬᠦᠭᠦᠯ ᠢᠶᠠᠷ ᠳᠠᠮᠵᠢᠵᠤ ᠬᠠᠯᠳᠠᠪᠤᠷᠢᠯᠠᠳᠠᠭ᠃ ᠠᠷᠠᠴᠢᠯᠠᠵᠤ ᠬᠠᠮᠢᠶᠠᠷᠤᠭᠴᠢ᠂ ᠪᠠᠭᠠᠵᠢ ᠬᠡᠷᠡᠭᠰᠡᠯ᠂ ᠪᠤᠷᠳᠤᠭ᠎ᠠ᠂ ᠳᠡᠪᠢᠰᠬᠡᠷ ᠡᠪᠡᠰᠤ ᠪᠤᠯᠤᠨ ᠮᠥᠯᠵᠢᠭᠦᠷ ᠬᠤᠷᠤᠬᠠᠢ ᠵᠡᠷᠭᠡ ᠪᠠᠷ ᠬᠠᠯᠳᠠᠪᠤᠷᠢ ᠶᠢᠨ ᠵᠠᠭᠤᠴᠢ ᠪᠤᠯᠭᠠᠳᠠᠭ᠃ ᠠᠳᠠᠯᠢ ᠪᠤᠰᠤ ᠡᠭᠦᠯᠳᠡᠷ᠂ ᠬᠦᠢᠰᠦ ᠢᠯᠭᠠᠯ᠂ ᠠᠳᠠᠯᠢ ᠪᠤᠰᠤ ᠨᠠᠰᠤᠨ ᠤ ᠬᠤᠨᠢ ᠪᠥᠷ ᠬᠠᠯᠳᠠᠪᠤᠷᠢᠯᠠᠮᠠᠳᠠᠭᠠᠢ ᠪᠠᠶᠢᠵᠤ᠂ ᠨᠠᠷᠢᠨ ᠨᠤᠤᠰᠤᠳᠤ ᠬᠤᠨᠢ ᠬᠠᠮᠤᠭ ᠤᠨ ᠬᠠᠯᠳᠠᠪᠤᠷᠢᠯᠠᠮᠠᠳᠠᠭᠠᠢ᠂ ᠬᠤᠷᠠᠭ᠎ᠠ ᠨᠠᠰᠤ ᠭᠦᠢᠴᠡᠭᠰᠡᠨ ᠬᠤᠨᠢ ᠠᠴᠠ ᠠᠮᠠᠷᠬᠠᠨ ᠬᠠᠯᠳᠠᠪᠤᠷᠢᠯᠠᠳᠠᠭ ᠮᠥᠷᠳᠡᠭᠡᠨ ᠡᠪᠡᠳᠴᠢᠯᠡᠭᠡᠳ ᠥᠬᠦᠬᠦ ᠨᠤᠷᠮ᠎ᠠ ᠨᠢ ᠥᠨᠳᠥᠷ᠃ ᠬᠡᠭᠡᠯ ᠲᠠᠢ ᠡᠬᠡ ᠬᠤᠨᠢ ᠠᠮᠠᠷᠬᠠᠨ ᠬᠡᠭᠡᠯ ᠬᠠᠶᠠᠳᠠᠭ ᠪᠤᠯᠬᠤᠷ ᠬᠤᠷᠠᠭᠠᠯᠠᠬᠤ ᠠᠴᠠ ᠡᠮᠥᠨ᠎ᠡ ᠴᠡᠴᠡᠭ ᠡᠪᠡᠳᠴᠢᠨ ᠳᠡᠯᠭᠡᠷᠡᠪᠡᠯ ᠲᠦᠢᠯ ᠤᠨ ᠶᠡᠭᠡ ᠬᠤᠬᠢᠷᠠᠯ ᠭᠠᠷᠳᠠᠭ᠃ ᠲᠤᠰ ᠡᠪᠡᠳᠴᠢᠨ ᠤᠯᠠᠩᠬᠢ ᠳᠠᠭᠠᠨ ᠡᠪᠥᠯ ᠤᠨ ᠰᠡᠭᠦᠯᠴᠢ ᠬᠠᠪᠤᠷ ᠤᠨ ᠡᠬᠢᠨ ᠳᠤ ᠡᠭᠦᠰᠴᠤ᠂ ᠠᠭᠤᠷ ᠠᠮᠢᠰᠬᠤᠯ ᠤᠨ ᠬᠠᠬᠢᠷ ᠬᠦᠢᠳᠡᠨ᠂ ᠡᠪᠡᠰᠦ ᠪᠤᠷᠳᠤᠭ᠎ᠠ ᠲᠤᠳᠠᠭᠳᠠᠬᠤ ᠪᠤᠯᠤᠨ ᠠᠷᠠᠴᠢᠯᠠᠵᠤ ᠬᠠᠮᠢᠶᠠᠷᠬᠤ ᠨᠢ ᠬᠥᠷᠥᠯᠴᠡᠬᠦ ᠦᠭᠡᠢ ᠵᠡᠷᠭᠡ ᠨᠢ ᠪᠥᠷ ᠡᠪᠡᠳᠴᠢᠨ ᠡᠭᠦᠰᠬᠦ ᠪᠠ ᠬᠥᠨᠳᠥᠷᠡᠬᠦ ᠶᠢ ᠲᠥᠷᠭᠡᠳᠬᠡᠳᠡᠭ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠲᠤᠨ