ᠮᠠᠯᠴᠢᠨ ᠲᠠᠷᠢᠶᠠᠴᠢᠨ ᠳᠤ ᠠᠰᠢᠭ ᠬᠦᠷᠳᠡᠭᠡᠬᠦ ᠲᠥᠷᠥ ᠶᠢᠨ ᠪᠣᠳᠣᠯᠭ᠎ᠠ ᠶᠢᠨ ᠲᠤᠬᠠᠢ ᠰᠢᠷᠢᠰ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/8/11
     ᠬᠦᠳᠡᠭᠡ ᠲᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠬᠡ︾ ᠶᠢ ᠰᠠᠯᠭᠠᠬᠤ ᠪᠤᠯ ᠮᠠᠨ ᠤ ᠤᠯᠤᠰ ᠤᠨ ᠬᠡᠷ ᠪᠦᠯᠢ ᠶᠢᠨ ᠲᠠᠭᠠᠭᠠᠴᠢᠯᠠᠯᠳᠠ ᠶᠢᠨ ᠲᠦᠷᠢᠮ ᠤᠨ ᠲᠠᠷᠠᠭᠠᠬᠢ ᠪᠠᠰᠠ ᠨᠢᠬᠡᠨ ᠤᠳᠠᠭ᠎ᠠ ᠶᠢᠨ ᠴᠢᠬᠤᠯᠠ ᠶᠡᠭᠡ ᠤᠨᠤᠯ ᠤᠨ ᠰᠢᠪᠳᠤᠯᠤᠯᠳᠠ ᠪᠠ ᠲᠦᠷᠢᠮ ᠤᠨ ᠰᠢᠨ᠎ᠠ ᠡᠬᠦᠳᠦᠯᠳᠡ ᠪᠤᠯᠤᠨ᠎ᠠ᠃ ︽ᠭᠤᠷᠪᠠᠨ ᠡᠷᠬᠡ︾ ᠶᠢ ᠰᠠᠯᠭᠠᠬᠤ ᠭᠡᠳᠡᠭ ᠨᠢ ᠬᠥᠳᠡᠭᠡ ᠲᠣᠰᠬᠤᠨ ᠮᠠᠯᠵᠢᠬᠤ ᠤᠷᠤᠨ ᠤ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ᠂ ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠵᠡᠷᠭᠡ ︽ᠭᠤᠷᠪᠠᠨ ᠡᠷᠬᠡ︾ ᠶᠢ ᠰᠠᠯᠭᠠᠬᠤ ᠶᠢ ᠵᠢᠭᠠᠵᠤ ᠪᠠᠶᠢᠨ᠎ᠠ᠂ ︽ᠭᠤᠷᠪᠠᠨ ᠡᠷᠬᠡ︾ ᠶᠢ ᠰᠠᠯᠭᠠᠬᠤ ᠨᠢ ᠭᠤᠷᠪᠠᠨ ᠵᠤᠷᠢᠯᠳᠠ ᠲᠠᠢ ᠶᠤᠮ᠃      ᠬᠠᠮᠳᠤ ᠶᠢᠨ ᠦᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ ᠤ ᠬᠠᠮᠲᠤ ᠨᠡᠶᠢᠳᠡ ᠪᠣᠯ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ ᠶᠢᠨ ᠭᠤᠤᠯ ᠴᠣᠭᠴᠠ ᠮᠥᠨ᠂ ᠮᠠᠯᠴᠢᠨ ᠲᠠᠷᠢᠶᠠᠴᠢᠨ ᠤ ᠬᠠᠮᠲᠤ ᠨᠡᠶᠢᠳᠡ ᠨᠢ ᠬᠠᠮᠲᠤ ᠶᠢᠨ ᠭᠠᠵᠠᠷ ᠰᠢᠷᠣᠢ ᠶᠢ ᠬᠠᠤᠯᠢ ᠶᠣᠰᠣᠭᠠᠷ ᠳᠠᠭᠠᠭᠠᠴᠢᠯᠠᠭᠤᠯᠬᠤ ᠡᠷᠬᠡ ᠲᠠᠢ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠠᠤᠯᠢ ᠪᠤᠰᠤ ᠪᠠᠷ ᠭᠠᠷ ᠲᠦᠷᠦᠵᠦ ᠪᠣᠯᠬᠤ ᠦᠭᠡᠢ︔ ᠪᠠᠶᠢᠭᠠᠯᠢ ᠶᠢᠨ ᠭᠠᠶ ᠭᠠᠮᠰᠢᠭ ᠠᠴᠠ ᠪᠤᠯᠵᠤ ᠬᠦᠨᠳᠦ ᠨᠣᠴᠢᠲᠠᠶ ᠡᠪᠳᠡᠭᠳᠡᠭᠰᠡᠨ ᠵᠡᠷᠭᠡ ᠣᠨᠴᠠᠭᠠᠶ ᠪᠠᠶᠢᠳᠠᠯ ᠳᠤ ᠳᠠᠭᠠᠭᠠᠴᠢᠯᠠᠯᠲᠠ ᠶᠢᠨ ᠭᠠᠵᠠᠷ ᠲᠤ ᠬᠠᠤᠯᠢ ᠶᠣᠰᠣᠭᠠᠷ ᠲᠣᠬᠢᠷᠠᠭᠤᠯᠤᠯᠲᠠ ᠬᠢᠬᠦ ᠡᠷᠬᠡ ᠲᠠᠢ︔ ᠳᠠᠭᠠᠭᠠᠴᠢᠯᠠᠭᠰᠠᠨ ᠮᠠᠯᠵᠢᠬᠤ ᠲᠠᠷᠢᠶᠠᠯᠠᠬᠤ ᠡᠷᠦᠬᠡ ᠪᠠ ᠡᠵᠡᠩᠨᠡᠯᠲᠡ ᠶᠢᠨ ᠭᠤᠤᠯ ᠴᠣᠭᠴᠠ ᠶᠢᠨ ᠳᠠᠭᠠᠭᠠᠴᠢᠯᠠᠭᠰᠠᠨ ᠭᠠᠵᠠᠷ ᠤᠨ ᠠᠰᠢᠬᠯᠠᠯᠳᠠ ᠳᠤ ᠬᠢᠨᠠᠯᠲᠠ ᠲᠠᠯᠪᠢᠬᠤ ᠡᠷᠬᠡ ᠲᠠᠢ ᠪᠥᠭᠡᠳ ᠭᠠᠵᠠᠷ ᠰᠢᠷᠣᠶ ᠶᠢ ᠣᠷᠳᠣ ᠬᠤᠭᠤᠴᠠᠭ᠎ᠠ ᠪᠠᠷ ᠠᠲᠠᠷᠰᠢᠭᠤᠯᠬᠤ᠂ ᠡᠪᠳᠡᠵᠦ ᠰᠦᠢᠳᠭᠡᠬᠦ᠂ ᠭᠠᠵᠠᠷ ᠰᠢᠷᠣᠶ ᠶᠢᠨ ᠬᠡᠷᠡᠭᠴᠡᠭᠡ ᠶᠢ ᠬᠠᠤᠯᠢ ᠪᠤᠰᠤ ᠪᠠᠷ ᠬᠤᠪᠢᠷᠠᠭᠤᠯᠬᠤ ᠵᠡᠷᠭᠡ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠵᠠᠯᠠᠷᠠᠭᠤᠯᠬᠤ ᠡᠷᠬᠡ ᠲᠠᠢ᠃ ᠳᠠᠭᠠᠭᠠᠴᠢᠯᠠᠭᠰᠠᠨ ᠮᠠᠯᠵᠢᠬᠤ ᠲᠠᠷᠢᠶᠠᠯᠠᠬᠤ ᠡᠷᠦᠬᠡ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ ᠪᠠᠨ ᠰᠢᠯᠵᠢᠭᠦᠯᠦᠨ ᠥᠭᠬᠦ ᠳᠡᠭᠡᠨ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠷ᠎ᠠ ᠶᠠᠪᠤᠭᠳᠠᠭᠤᠯᠬᠤ ᠶᠢᠨ ᠬᠠᠮᠲᠤ ᠮᠠᠯᠴᠢᠨ ᠲᠠᠷᠢᠶᠠᠴᠢᠨ ᠤ ᠬᠠᠮᠲᠤ ᠨᠡᠶᠢᠳᠡ ᠶᠢᠨ ᠵᠥᠪᠰᠢᠶᠡᠷᠡᠯ ᠢ ᠣᠯᠬᠤ ᠬᠡᠷᠡᠭᠲᠡᠢ︔ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠳᠤ ᠡᠷᠬᠡᠪᠰᠢ ᠮᠠᠯᠴᠢᠨ ᠲᠠᠷᠢᠶᠠᠴᠢᠨ ᠤ ᠬᠠᠮᠲᠤ ᠨᠡᠶᠢᠳᠡ ᠳᠤ ᠪᠢᠴᠢᠭ ᠢᠶᠠᠷ ᠳᠠᠩᠰᠠᠯᠠᠭᠤᠯᠬᠤ ᠬᠡᠷᠡᠭᠲᠡᠢ᠃ ᠬᠠᠮᠲᠤ ᠶᠢᠨ ᠭᠠᠵᠠᠷ ᠰᠢᠷᠣᠢ ᠲᠠᠲᠠᠪᠤᠷᠢᠯᠠᠭᠳᠠᠭᠰᠠᠨ ᠪᠠᠶᠢᠪᠠᠯ᠂ ᠮᠠᠯᠴᠢᠨ ᠲᠠᠷᠢᠶᠠᠴᠢᠨ ᠤ ᠬᠠᠮᠲᠤ ᠨᠡᠶᠢᠳᠡ ᠨᠢ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ ᠲᠥᠰᠦᠯ ᠵᠡᠷᠭᠡ ᠳᠤ ᠰᠠᠨᠠᠯ ᠳᠤᠷᠠᠳᠬᠤ ᠡᠷᠬᠡ ᠲᠠᠢ ᠪᠥᠭᠡᠳ ᠬᠠᠤᠯᠢ ᠶᠣᠰᠣᠭᠠᠷ ᠲᠥᠯᠥᠪᠦᠷᠢ ᠬᠦᠷᠳᠡᠨ᠎ᠠ᠃      ᠬᠡᠷ ᠪᠦᠯᠢ ᠶᠢᠨ ᠲᠠᠭᠠᠭᠠᠴᠢᠯᠠᠯᠳᠠ ᠶᠢᠨ ᠡᠷᠬᠡ ᠶᠢ ᠲᠤᠭᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠡᠷᠦᠬᠡ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢ ᠡᠳ᠋ᠯᠡᠬᠦ ᠪᠣᠯ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠡᠵᠡᠩᠨᠡᠯᠲᠡ ᠶᠢᠨ ᠲᠦᠷᠢᠮ ᠤᠨ ᠰᠠᠭᠤᠷᠢ ᠪᠤᠯᠬᠤ ᠶᠤᠮ᠂ ᠣᠲᠣ ᠶᠢᠨ ᠪᠠᠶᠢᠭ᠎ᠠ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠶᠢ ᠴᠢᠩᠭ᠎ᠠ ᠬᠠᠮᠠᠭᠠᠯᠠᠵᠤ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡᠲᠦ ᠬᠥᠮᠦᠨ ᠳᠤ ᠳᠠᠭᠠᠭᠠᠴᠢᠯᠠᠭᠰᠠᠨ ᠭᠠᠵᠠᠷ ᠰᠢᠷᠣᠶ ᠪᠠᠨ ᠬᠠᠤᠯᠢ ᠶᠣᠰᠣᠭᠠᠷ ᠡᠵᠡᠮᠰᠢᠬᠦ᠂ ᠠᠰᠢᠬᠯᠠᠬᠤ ᠪᠠ ᠠᠰᠢᠭ ᠤᠯᠬᠤ ᠡᠷᠬᠡ ᠣᠯᠭᠤᠵᠤ᠂ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠭᠠᠵᠠᠷ ᠰᠢᠷᠣᠶ ᠶᠢ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠪᠣᠯᠬᠤ ᠮᠠᠯᠵᠢᠬᠤ ᠲᠠᠷᠢᠶᠠᠯᠠᠬᠤ ᠡᠷᠦᠬᠡ ᠳᠤ ᠳᠠᠭᠠᠭᠠᠴᠢᠯᠠᠭᠤᠯᠵᠤ᠂ ᠡᠵᠡᠩᠨᠡᠯᠲᠡ ᠶᠢᠨ ᠡᠷᠬᠡ ᠶᠢ ᠬᠡᠷᠬᠢᠨ ᠭᠦᠢᠯᠭᠡᠭᠡᠭᠰᠡᠨ ᠴᠤ ᠬᠠᠮᠲᠤ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠨᠢ ᠴᠥᠮ ᠮᠠᠯᠵᠢᠬᠤ ᠲᠠᠷᠢᠶᠠᠯᠠᠬᠤ ᠡᠷᠦᠬᠡ ᠳᠤ ᠬᠠᠷᠢᠶᠠᠯᠠᠭᠳᠠᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠴᠥᠮ ᠮᠠᠯᠵᠢᠬᠤ ᠲᠠᠷᠢᠶᠠᠯᠠᠬᠤ ᠡᠷᠣᠬᠡ ᠶᠢᠨ ᠭᠠᠵᠠᠷ ᠰᠢᠷᠣᠢ ᠳᠠᠭᠠᠭᠠᠴᠢᠯᠠᠬᠤ ᠪᠠᠶᠢᠷᠢ ᠰᠠᠭᠤᠷᠢ ᠶᠢ ᠣᠷᠣᠯᠠᠵᠤ ᠪᠣᠯᠬᠤ ᠥᠭᠡᠢ᠂ ᠮᠠᠯᠵᠢᠬᠤ ᠲᠠᠷᠢᠶᠠᠯᠠᠬᠤ ᠡᠷᠣᠬᠡ ᠶᠢᠨ ᠭᠠᠵᠠᠷ ᠰᠢᠷᠣᠢ ᠳᠠᠭᠠᠭᠠᠴᠢᠯᠠᠬᠤ ᠡᠷᠬᠡ ᠶᠢ ᠬᠠᠤᠯᠢ ᠪᠤᠰᠤ ᠪᠠᠷ ᠬᠠᠰᠤᠬᠤ ᠪᠠ ᠬᠢᠵᠠᠭᠠᠷᠯᠠᠵᠤ ᠪᠣᠯᠬᠤ ᠥᠭᠡᠢ᠃      ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢ ᠠᠮᠢᠳᠤᠯᠢᠭᠵᠢᠭᠤᠯᠤᠨ᠎ᠠ᠃ ᠡᠵᠡᠩᠨᠡᠯᠲᠡ ᠶᠢᠨ ᠪᠡᠶᠡᠴᠢ ᠴᠣᠭᠴᠠ ᠨᠤᠭᠤᠳ ᠡᠵᠡᠩᠨᠡᠯᠲᠡ ᠶᠢᠨ ᠡᠷᠬᠡ ᠶᠢ ᠭᠦᠢᠯᠭᠡᠭᠡᠭᠰᠡᠨ ᠭᠠᠵᠠᠷ ᠰᠢᠷᠣᠶ ᠶᠢ ᠠᠰᠢᠬᠯᠠᠨ ᠡᠵᠡᠨ ᠮᠡᠳᠡᠵᠦ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠬᠦ ᠶᠢᠨ ᠬᠠᠮᠲᠤ ᠬᠠᠷᠠᠭᠠᠯᠵᠠᠭᠰᠠᠨ ᠠᠰᠢᠭ ᠣᠷᠣᠯᠭ᠎ᠠ ᠤᠯᠬᠤ ᠡᠷᠬᠡ ᠲᠠᠢ᠂ ᠳᠠᠭᠠᠭᠠᠴᠢᠯᠠᠭᠰᠠᠨ ᠮᠠᠯᠵᠢᠬᠤ ᠲᠠᠷᠢᠶᠠᠯᠠᠬᠤ ᠡᠷᠦᠬᠡ ᠪᠠᠷ ᠵᠥᠪᠰᠢᠶᠡᠷᠡᠭᠦᠯᠦᠭᠡᠳ᠂ ᠬᠠᠤᠯᠢ ᠲᠣᠭᠲᠠᠭᠠᠯ ᠶᠣᠰᠣᠭᠠᠷ ᠬᠥᠷᠥᠰᠥ ᠰᠢᠷᠣᠶ ᠶᠢ ᠰᠠᠶᠢᠵᠢᠷᠠᠭᠤᠯᠤᠨ ᠭᠠᠵᠠᠷ ᠤᠨ ᠰᠢᠮ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠦᠢᠯᠡᠳᠪᠦᠷᠢᠯᠡᠯ᠂ ᠳᠠᠭᠠᠯᠲᠠ ᠦᠢᠯᠡᠳᠪᠦᠷᠢᠯᠡᠯ᠂ ᠢᠵᠢ ᠪᠥᠷᠢᠳᠦᠭᠦᠯᠬᠦ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠶᠢᠨ ᠬᠠᠮᠲᠤ ᠭᠦᠢᠯᠭᠡᠭᠡᠬᠦ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠦᠶ ᠵᠣᠬᠢᠰᠲᠠᠶ ᠨᠥᠬᠦᠪᠥᠷᠢ ᠬᠦᠷᠳᠡᠨ᠎ᠠ︔ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠭᠡᠷ᠎ᠡ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠠᠳᠠᠯᠢ ᠨᠥᠬᠦᠴᠡᠯ ᠳᠤᠤᠷ᠎ᠠ ᠳᠠᠭᠠᠭᠠᠴᠢᠯᠠᠯᠲᠠ ᠶᠢᠨ ᠭᠠᠵᠠᠷ ᠰᠢᠷᠣᠢ ᠶᠢ ᠤᠷᠢᠳ ᠢᠶᠠᠷ ᠦᠷᠭᠦᠯᠵᠢᠯᠡᠨ ᠲᠦᠷᠢᠶᠡᠰᠦᠯᠡᠬᠦ ᠡᠷᠬᠡ ᠲᠠᠢ᠃ ᠡᠵᠡᠩᠨᠡᠯᠲᠡ ᠶᠢᠨ ᠡᠷᠬᠡ ᠶᠢ ᠭᠦᠢᠯᠭᠡᠭᠡᠭᠰᠡᠨ ᠭᠠᠵᠠᠷ ᠰᠢᠷᠣᠢ ᠲᠠᠲᠠᠪᠤᠷᠢᠯᠠᠭᠳᠠᠭᠰᠠᠨ ᠪᠠᠶᠢᠪᠠᠯ᠂ ᠭᠠᠵᠠᠷ ᠳᠡᠭᠡᠷᠡᠬᠢ ᠲᠠᠭᠠᠯᠳᠠ ᠪᠣᠳᠠᠰ ᠵᠢᠴᠢ ᠲᠠᠷᠢᠶᠠᠨ ᠴᠢᠬᠢ ᠶᠢᠨ ᠲᠥᠯᠥᠪᠦᠷᠢ ᠶᠢᠨ ᠰᠦᠢᠳᠬᠡᠯ ᠵᠡᠷᠬᠡ ᠶᠢ ᠭᠦᠢᠯᠭᠡᠭᠡᠬᠦ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠡᠭᠦᠨ ᠤ ᠬᠠᠷᠢᠶᠠᠯᠠᠯ ᠢ ᠨᠢ ᠲᠣᠭᠲᠠᠭᠠᠬᠤ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ