ᠴᠢ ᠫᠠᠨ ᠵᠢᠩ ᠪᠠᠯᠭᠠᠰᠤ ᠨᠠᠮ ᠤᠨ ᠭᠡᠰᠢᠭᠦᠨ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ︽ᠵᠢᠷᠭᠤᠭᠠᠨ ᠨᠢᠭᠡ︾ ᠠᠵᠢᠯ ᠤᠨ ᠲᠣᠭᠲᠠᠴᠠ ᠭᠠᠷᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ
ᠨᠡᠶᠢᠲᠡᠯᠡᠭᠰᠡᠨ ᠴᠠᠭ᠄
2021/8/12
     8 ᠰᠠᠷ᠎ᠠ ᠶᠢᠨ 11 ᠤ ᠡᠳᠦᠷ᠂ ᠴᠢ ᠫᠠᠨ ᠵᠢᠩ ᠪᠠᠯᠭᠠᠰᠤ ᠨᠠᠮ ᠤᠨ ᠭᠡᠰᠢᠭᠦᠨ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ︽ᠵᠢᠷᠭᠤᠭᠠᠨ ᠨᠢᠭᠡ︾ ᠠᠵᠢᠯ ᠤᠨ ᠲᠣᠭᠲᠠᠴᠠ ᠭᠠᠷᠭᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠱᠦᠵᠢ᠂ ᠪᠠᠯᠭᠠᠰᠤᠨ ᠤ ᠨᠡᠶᠢᠭᠡᠮ ᠲᠣᠭᠤᠷᠢᠭ ᠤᠨ ᠳᠡᠳ᠋ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠤᠯᠠᠮᠵᠢᠯᠠᠵᠤ᠂ ᠬᠤᠰᠢᠭᠤᠨ ᠠᠴᠠ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠳᠡᠪᠡ᠃ ᠨᠠᠮ ᠤᠨ ᠭᠡᠰᠢᠭᠦᠨ ᠣᠯᠠᠨ ᠲᠦᠮᠡᠨ ᠲᠠᠢ ᠬᠠᠷᠢᠯᠴᠠᠬᠤ ︽ᠵᠢᠷᠭᠤᠭᠠᠨ ᠨᠢᠭᠡ︾ ᠠᠵᠢᠯ ᠤᠨ ᠲᠣᠭᠲᠠᠴᠠ ᠲᠠᠢ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠠᠶᠢᠨ ᠤ ᠡᠮᠦᠨᠡᠬᠢ ᠪᠠᠶᠢᠳᠠᠯ ᠳᠤ ᠣᠷᠣᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠳᠤᠲᠤᠷᠬᠠᠶᠢᠯᠠᠨ᠂ ᠨᠢᠭᠲᠠ ᠬᠠᠮᠵᠢᠯᠴᠠᠨ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠢᠯᠣᠭᠤᠳᠬᠤ ᠰᠢᠰᠲ᠋ᠧᠮ ᠤᠨ ᠴᠢᠳᠠᠮᠠᠭᠠᠢ ᠴᠢᠨᠠᠷ ᠢ ᠭᠦᠢᠴᠡᠳ ᠪᠠᠳᠠᠷᠠᠭᠤᠯᠤᠨ᠂ ᠠᠵᠢᠯ ᠤᠨ ᠰᠢᠰᠲ᠋ᠧᠮ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠂ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠠᠷᠠᠳ ᠤᠯᠠᠨ ᠢ ᠥᠷᠭᠡᠨ ᠢᠶᠠᠷ ᠳᠠᠶᠢᠴᠢᠯᠠᠨ ᠰᠣᠨᠣᠷ ᠰᠡᠷᠡᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠢ ᠳᠠᠶᠢᠴᠢᠯᠠᠨ ᠬᠠᠷᠢᠯᠴᠠᠨ ᠬᠢᠨᠠᠯᠲᠠ ᠲᠠᠯᠪᠢᠬᠤ᠂ ᠬᠦᠴᠦ ᠪᠠᠨ ᠬᠠᠮᠲᠤᠳᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠨᠠᠷᠢᠯᠢᠭ ᠬᠢᠵᠦ ᠂ ᠲᠠᠶᠢᠪᠤᠰᠢᠷᠠᠬᠤ ᠪᠤᠳᠤᠯ᠂ ᠭᠤᠷᠢᠳᠠᠬᠤ ᠪᠤᠳᠤᠯ ᠢ ᠡᠷᠡᠰ ᠲᠡᠪᠴᠢᠬᠦ ᠬᠡᠷᠡᠭᠲᠡᠢ ᠭᠡᠪᠡ᠃      ᠡᠴᠦᠰ ᠲᠤ᠂ ᠪᠥᠬᠦ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠷᠠᠯ ᠠᠴᠠ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠄ ᠨᠢᠭᠡ᠂ ᠲᠤᠤᠷᠵᠢᠭᠤᠯᠤᠭᠰᠠᠨ ᠠᠵᠢᠯ ᠢ ᠨᠠᠷᠢᠯᠢᠭ ᠬᠢᠪᠡ᠃ ᠭᠠᠴᠠᠭ᠎ᠠ ᠲᠣᠰᠬᠤᠨ ᠨᠡᠶᠢᠭᠡᠮ ᠲᠣᠭᠤᠷᠢᠭ ᠨᠢ ᠲᠤᠤᠷᠴᠢᠯᠠᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠨᠢ ᠡᠷᠤᠭᠡ ᠪᠠᠷ ᠶᠠᠪᠤᠬᠤ ᠲᠤᠤᠷᠴᠢᠯᠠᠭᠰᠠᠨ ᠭᠡᠰᠢᠭᠦᠨ ︵ᠨᠠᠮ ᠤᠨ ᠭᠡᠰᠢᠭᠦᠨ︶ ᠭᠠᠴᠠᠭ᠎ᠠ ᠲᠣᠰᠬᠤᠨ ᠤ ᠭᠤᠷᠪᠠᠨ ᠵᠥᠪᠯᠡᠯ ᠭᠠᠴᠠᠭ᠎ᠠ ᠲᠣᠰᠬᠤᠨ ᠤ ᠱᠦᠵᠢ ᠬᠤᠪᠢᠶᠠᠨ ᠬᠠᠮᠢᠶᠠᠷᠴᠤ ᠪᠥᠬᠦᠢ ᠤᠳᠤᠷᠢᠳᠤᠯᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠨᠡᠶᠢᠭᠡᠮ ᠲᠣᠭᠤᠷᠢᠭ ᠠᠴᠠ ᠡᠷᠦᠬᠡ ᠪᠠᠷ ᠶᠠᠪᠤᠬᠤ᠂ ᠠᠰᠠᠷ ᠤᠨ ᠳᠠᠷᠤᠭ᠎ᠠ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︵ᠨᠠᠮ ᠤᠨ ᠭᠡᠰᠢᠭᠦᠨ︶᠂ ᠨᠡᠶᠢᠭᠡᠮ ᠲᠣᠭᠤᠷᠢᠭ ᠢ ᠭᠡᠰᠡᠭᠯᠡᠨ ᠳᠠᠭᠠᠭᠠᠴᠢᠯᠠᠬᠤ ᠠᠵᠢᠯᠲᠠᠨ᠂ ᠨᠡᠶᠢᠭᠡᠮ ᠲᠣᠭᠤᠷᠢᠭ ᠤᠨ ᠱᠦᠵᠢ᠂ ᠬᠤᠪᠢᠶᠠᠨ ᠬᠠᠮᠢᠶᠠᠷᠬᠤ ᠤᠳᠤᠷᠢᠳᠤᠯᠭ᠎ᠠ ᠠᠵᠢᠯ ᠢᠶᠠᠨ ᠨᠠᠶᠢᠳᠠᠪᠤᠷᠢᠵᠢᠭᠤᠯᠵᠤ᠂ ᠳᠣᠣᠷ᠎ᠠ ᠠᠴᠠ ᠳᠡᠭᠡᠭᠰᠢ ᠪᠠᠨ ᠱᠠᠲᠤ ᠳᠠᠷᠠᠭᠠᠯᠠᠨ ᠮᠡᠳᠡᠭᠦᠯᠬᠦ ᠪᠠᠶᠢᠭᠤᠯᠤᠮᠵᠢ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ᠬᠤᠶᠠᠷ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠪᠦᠷᠢᠨᠰᠢᠭᠦᠯᠬᠦ ᠬᠡᠷᠡᠭᠲᠡᠶ᠃ ᠣᠷᠣᠨ ᠪᠦᠰᠡ ᠶᠢ ᠨᠢᠭᠡᠳᠦᠯᠲᠡᠶ ᠲᠥᠯᠥᠪᠵᠢᠭᠦᠯᠬᠦ᠂ ᠰᠢᠰᠲ᠋ᠧᠮ ᠬᠡᠰᠡᠭ ᠢᠶᠠᠷ ᠬᠠᠮᠵᠢᠯᠴᠠᠬᠤ᠂ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠳᠠᠯᠳᠤᠭᠠᠨ ᠤ ᠲᠠᠯᠠᠪᠤᠷ᠂ ᠪᠠᠭᠤᠳᠠᠯ᠂ ᠡᠵᠡᠩᠨᠡᠯᠲᠡ ᠶᠢᠨ ᠴᠢᠨᠠᠷᠲᠠᠶ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠺᠣᠳ᠋ ᠰᠢᠷᠪᠢᠵᠦ ᠳᠡᠩᠰᠡᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠵᠤ᠂ ᠪᠥᠬᠦ ᠪᠠᠯᠭᠠᠰᠤᠨ ᠤ ᠬᠢᠵᠢᠭ ᠢ ᠰᠡᠷᠭᠡᠶᠢᠯᠡᠬᠦ ᠠᠵᠢᠯ ︽ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠭᠤᠷᠪᠠ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠶ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠴᠠᠭ ᠲᠤᠬᠠᠶ ᠳᠤᠨᠢ ᠠᠰᠠᠭᠤᠳᠠᠯ ᠢ ᠢᠯᠡᠷᠡᠭᠦᠯᠵᠦ᠂ ᠠᠯᠳᠠᠰᠢ ᠭᠠᠷᠬᠤ ᠶᠢ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠨᠢᠯᠲᠠ ᠶᠢ ᠪᠣᠳᠠᠲᠠᠶᠢᠵᠢᠭᠤᠯᠬᠤ᠂ ᠠᠵᠢᠯᠲᠠᠨ ᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠭᠡᠮᠡᠨ ᠱᠠᠭᠠᠷᠳᠠᠵᠠᠢ᠃
ᠢᠷᠡᠯᠲᠡ᠄ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ