ᠵᠠᠭᠤᠷᠠᠯᠳᠤᠭᠠᠨ ᠢ ᠰᠢᠶᠳᠪᠦᠷᠢᠯᠡᠬᠦ ᠶᠢ ᠠᠬᠢᠭᠤᠯᠪᠠ— ᠠᠷᠪᠠᠰ ᠰᠤᠮᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/13
     ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠠᠵᠢᠯ ᠢ ᠤᠯᠠᠮ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠢᠯᠡ ᠲᠣᠳᠣ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠲᠤᠰᠬᠠᠭᠰᠠᠨ ᠠᠰᠠᠭᠤᠳᠠᠯ ᠢ ᠪᠦᠲᠦᠮᠵᠢᠲᠡᠢ ᠪᠠᠷ ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠠᠷᠪᠠᠰ ᠰᠤᠮᠤ 2 ᠬᠤᠪᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠲᠤᠬᠠᠢ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ᠂ ᠰᠤᠮᠤᠨ ᠤ ᠲᠣᠮᠢᠯᠠᠭᠰᠠᠨ ᠰᠠᠯᠪᠤᠷᠢ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠤᠮᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠭᠠᠴᠠᠭᠠᠨ ᠤ ᠳᠠᠭᠠᠭᠠᠴᠢᠯᠠᠨ ᠡᠵᠡᠩᠨᠡᠬᠦ ᠭᠠᠵᠠᠷ ᠤᠨ ᠤᠳᠤᠷᠢᠳᠤᠯᠭ᠎ᠠ᠂ ᠭᠠᠴᠠᠭᠠᠨ ᠤ ᠬᠠᠷᠢᠭᠤᠴᠠᠯᠭᠠᠲᠠᠨ᠂ ᠬᠠᠤᠯᠢ ᠴᠠᠭᠠᠵᠠ ᠶᠢᠨ ᠵᠥᠪᠯᠡᠭᠴᠢ ᠣᠷᠣᠯᠴᠠᠵᠤ᠂ ᠰᠤᠮᠤᠨ ᠤ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠠᠯᠲᠠᠨᠪᠤᠯᠠᠭ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠵᠠᠬᠢᠳᠠᠯ ᠰᠤᠷᠪᠤᠯᠵᠢᠯᠠᠭ᠎ᠠ ᠬᠢᠭᠰᠡᠳ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠵᠢᠴᠢ ᠤᠴᠢᠷ ᠰᠢᠯᠲᠠᠭᠠᠨ ᠢᠶᠠᠨ ᠲᠣᠭᠠᠴᠢᠵᠤ᠂ ᠵᠠᠯᠭᠠᠭᠠᠳ ᠳᠠᠭᠠᠭᠠᠨ ᠠᠪᠴᠤ ᠰᠢᠶᠳᠪᠦᠷᠢᠯᠡᠬᠦ ᠨᠢᠭᠡᠴᠢ ᠠᠴᠠ ᠲᠡᠭᠦᠨ ᠤ ᠲᠣᠭᠠᠴᠢᠭᠰᠠᠨ ᠭᠤᠶᠤᠴᠢᠯᠠᠯ᠂ ᠤᠴᠢᠷ ᠰᠢᠯᠲᠠᠭᠠᠨ ᠳᠤ ᠬᠠᠷᠢᠭᠤᠯᠲᠠ ᠥᠭᠬᠦ ᠶᠢᠨ ᠬᠠᠮᠲᠤ ᠰᠢᠶᠳᠪᠦᠷᠢᠯᠡᠬᠦ ᠠᠷᠭ᠎ᠠ ᠳᠤᠷᠠᠳᠤᠨ᠎ᠠ᠂ ᠬᠤᠶᠠᠷ ᠲᠠᠯ᠎ᠠ ᠪᠠᠷ ᠢᠶᠠᠨ ᠲᠣᠭᠠᠴᠢᠵᠤ ᠳᠠᠭᠤᠰᠤᠭᠰᠠᠨ ᠤ ᠳᠠᠷᠠᠭ᠎ᠠ᠂ ᠭᠡᠷᠡᠴᠢᠯᠡᠭᠡ ᠰᠣᠨᠣᠰᠬᠤ ᠪᠦᠷᠢᠯᠳᠦᠬᠦᠨ ᠭᠡᠷᠡᠴᠢᠯᠡᠭᠡ ᠰᠣᠨᠣᠰᠤᠭᠰᠠᠨ ᠪᠣᠳᠠᠲᠤ ᠶᠠᠪᠤᠳᠠᠯ᠂ ᠭᠡᠷᠡᠴᠢ ᠪᠠᠷᠢᠮᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠯᠡᠬᠦ ᠵᠡᠷᠭᠡ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠢᠭᠡᠳ ᠨᠢᠭᠡ ᠪᠠᠷ ᠶᠡᠷᠦᠩᠬᠡᠶᠢᠯᠡᠨ ᠵᠥᠪᠯᠡᠨ ᠲᠣᠭᠲᠠᠭᠠᠬᠤ ᠶᠢᠨ ᠬᠠᠮᠲᠤ ᠦᠨᠡᠯᠡᠨ ᠶᠠᠷᠢᠯᠴᠠᠭᠰᠠᠨ ᠰᠠᠨᠠᠯ ᠢᠶᠠᠨ ᠢᠯᠡᠳᠬᠡᠵᠦ᠂ ᠭᠡᠷᠡᠴᠢᠯᠡᠭᠡ ᠰᠣᠨᠣᠰᠤᠭᠰᠠᠨ ᠳ᠋ᠦᠩᠨᠡᠯᠲᠡ ᠭᠠᠷᠭᠠᠵᠤ᠂ ᠬᠠᠮᠤᠭ ᠰᠡᠭᠦᠯ ᠳᠤ ᠲᠡᠮᠳᠡᠭᠯᠡᠭᠴᠢ ᠠᠴᠠ ᠪᠠᠶᠢᠳᠠᠯ ᠢ ᠲᠡᠮᠳᠡᠭᠯᠡᠨ᠂ ᠲᠠᠯᠠᠪᠤᠷ ᠲᠤ ᠪᠠᠶᠢᠭ᠎ᠠ ᠡᠯ᠎ᠡ ᠲᠠᠯ᠎ᠠ ᠶᠢᠨ ᠬᠥᠮᠦᠰ ᠭᠠᠷ ᠤᠨ ᠦᠰᠦᠭ ᠵᠢᠷᠤᠵᠤ ᠨᠤᠲᠠᠯᠠᠵᠤ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠪᠤᠯᠭᠠᠪᠠ᠃      ᠲᠣᠰ ᠤᠳᠠᠭ᠎ᠠ ᠢᠯᠡ ᠪᠠᠷ ᠭᠡᠷᠡᠴᠢᠯᠡᠭᠡ ᠰᠣᠨᠣᠰᠤᠭᠰᠠᠨ ᠨᠢ ᠨᠡᠶᠢᠭᠡᠮ ᠨᠡᠶᠢᠲᠡ ᠶᠢ ᠬᠢᠨᠠᠨ ᠲᠠᠰᠤᠯᠤᠯᠲᠠ ᠳᠤ ᠣᠯᠠᠨ ᠲᠠᠯ᠎ᠠ ᠠᠴᠠ ᠣᠷᠣᠯᠴᠠᠭᠤᠯᠵᠤ᠂ ᠲᠥᠪ ᠭᠤᠤᠯᠴᠢ ᠪᠠ ᠰᠢᠳᠤᠷᠭᠤ ᠶᠣᠰᠣ ᠶᠢ ᠢᠯᠡᠷᠡᠭᠦᠯᠵᠦ᠂ ᠬᠠᠤᠯᠢ᠂ ᠶᠣᠰᠣ᠂ ᠰᠡᠳᠬᠢᠯᠭᠡ ᠶᠢᠨ ᠨᠢᠭᠡᠳᠦᠯ ᠢ ᠪᠡᠶᠡᠯᠡᠭᠦᠯᠪᠡ᠃ ᠡᠭᠦᠨ ᠤ ᠬᠠᠮᠲᠤ ᠠᠷᠠᠳ ᠤᠯᠠᠨ ᠤ ᠰᠠᠨᠠᠭ᠎ᠠ ᠪᠤᠲᠤᠯ ᠢᠶᠠᠨ ᠢᠯᠡᠳᠬᠡᠬᠦ ᠠᠷᠭ᠎ᠠ ᠵᠠᠮ ᠢ ᠥᠷᠭᠡᠳᠬᠡᠵᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠲᠤ ᠰᠠᠨᠠᠯ ᠢᠶᠠᠨ ᠴᠢᠯᠥᠭᠡᠲᠡᠶ ᠲᠣᠭᠠᠴᠢᠬᠤ᠂ ᠮᠠᠷᠭᠤᠯᠳᠤᠬᠤ᠂ ᠲᠤᠯᠭᠠᠨ ᠭᠡᠷᠡᠴᠢᠯᠡᠬᠦ ᠲᠣᠬᠢᠶᠠᠯ ᠣᠯᠭᠤᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠪᠠᠶᠢᠳᠠᠯ ᠢ ᠮᠡᠳᠡᠬᠦ ᠡᠷᠬᠡ᠂ ᠭᠤᠮᠣᠳᠠᠯ ᠲᠣᠭᠠᠴᠢᠬᠤ ᠡᠷᠬᠡ ᠶᠢ ᠭᠦᠢᠴᠡᠳ ᠬᠦᠨᠳᠦᠳᠬᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠠᠷᠪᠠᠰ ᠰᠤᠮᠤ ᠵᠠᠬᠢᠳᠠᠯ ᠰᠤᠷᠪᠤᠯᠵᠢᠯᠠᠭ᠎ᠠ ᠶᠢᠨ ᠢᠯᠡ ᠪᠠᠷ ᠭᠡᠷᠡᠴᠢᠯᠡᠭᠡ ᠰᠣᠨᠣᠰᠬᠤ ᠠᠵᠢᠯᠯᠠᠭ᠎ᠠ ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠪᠠᠷ ᠬᠡᠷᠡᠭ ᠰᠢᠶᠳᠪᠦᠷᠢᠯᠡᠬᠦ ᠢᠯᠡ ᠲᠣᠳᠣ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠤᠨ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠲᠦᠮᠵᠢᠲᠡᠶ ᠰᠢᠶᠳᠪᠦᠷᠢᠯᠡᠬᠦ ᠶᠢ ᠠᠬᠢᠭᠤᠯᠤᠨ᠎ᠠ᠃
ᠢᠷᠡᠯᠲᠡ᠄ ᠤᠲᠤᠭ ᠨᠡᠶᠢᠲᠡᠯᠡᠯ