ᠠᠷᠪᠠᠰ ︽ᠭᠤᠷᠪᠠᠨ ᠠᠯᠬᠤᠮ ᠢᠶᠠᠷ ᠶᠠᠪᠤᠬᠤ︾ ᠠᠷᠭ᠎ᠠ ᠪᠠᠷ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠦᠷᠨᠢᠭᠦᠯᠵᠡᠢ
ᠨᠡᠶᠢᠲᠡᠯᠡᠭᠰᠡᠨ ᠴᠠᠭ᠄
2021/8/18
      ᠠᠷᠪᠠᠰ ᠰᠤᠮᠤ ᠣᠲᠤᠭ ᠬᠤᠰᠢᠭᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠡᠮᠦᠨᠡᠰᠢ ᠤᠮᠠᠷᠠᠰᠢ 138 ᠺᠢᠯᠣᠮᠧᠲᠷ᠂ ᠵᠡᠭᠦᠨᠰᠢ ᠪᠠᠷᠠᠭᠤᠨᠰᠢ 75 ᠺᠢᠯᠣᠮᠧᠲᠷ᠂ ᠶᠡᠷᠦᠩᠬᠡᠶ ᠲᠠᠯᠠᠪᠠᠶ ᠨᠢ 6400 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ ᠠᠷᠪᠠᠰ ᠰᠤᠮᠤ ᠬᠠᠳᠤᠨ ᠭᠤᠤᠯ ᠤᠨ ᠴᠢᠳᠬᠤᠯᠠᠩ ᠪᠤᠯᠬᠤ ᠲᠤᠰᠤᠲᠤ ᠶᠢᠨ ᠭᠤᠤᠯ ᠤᠨ ᠰᠠᠪᠠ ᠭᠠᠵᠠᠷ ᠲᠤ ᠪᠠᠶᠢᠷᠢᠰᠢᠵᠦ ᠪᠤᠢ᠃ ᠲᠣᠰᠣᠲᠤ ᠶᠢᠨ ᠭᠤᠤᠯ ᠤᠨ ᠰᠠᠪᠠ ᠭᠠᠵᠠᠷ ᠨᠢ ᠮᠠᠨ ᠤ ᠰᠤᠮᠤᠨ ᠤ ᠳᠣᠲᠣᠷᠠᠬᠢ 5 ᠭᠠᠴᠠᠭ᠎ᠠ ᠪᠠᠷ ᠤᠷᠤᠰᠤᠨ ᠥᠩᠭᠡᠷᠡᠵᠦ᠂ ᠪᠥᠬᠦ ᠣᠷᠳᠣ ᠨᠢ 33 ᠺᠢᠯᠣᠮᠧᠲᠷ᠃      ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠪᠠᠰ ᠰᠤᠮᠤ ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠢ ᠴᠤᠤᠷᠢᠶᠠᠲᠤᠨ ᠪᠠᠶᠢᠷᠢᠯᠠᠭᠤᠯᠤᠯᠲᠠ ᠬᠢᠵᠦ᠂ ᠬᠠᠮᠤᠭ ᠤᠨ ᠲᠡᠷᠢᠭᠦᠨ ᠳᠤ ᠲᠤᠰᠤᠲᠤ ᠶᠢᠨ ᠭᠤᠣᠯ ᠤᠨ ᠰᠠᠪᠠ ᠭᠠᠵᠠᠷ ᠢ ᠴᠡᠪᠡᠷᠯᠡᠨ ᠴᠡᠭᠴᠡᠯᠡᠬᠦ ᠲᠤᠰᠬᠠᠢ ᠠᠵᠢᠯᠯᠠᠭ᠎ᠠ ᠳᠤ ᠣᠷᠣᠯᠴᠠᠪᠠ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠰᠤᠮᠤ᠂ ᠭᠠᠴᠠᠭ᠎ᠠ ᠬᠤᠶᠠᠷ ᠱᠠᠲᠤᠨ ᠤ ︽ᠭᠤᠤᠯ ᠮᠥᠷᠡᠨ ᠤ ᠳᠠᠷᠤᠭ᠎ᠠ︾ ᠪᠠᠷ ᠭᠤᠤᠯ ᠠᠭᠤᠯᠭ᠎ᠠ ᠪᠣᠯᠭᠠᠭᠰᠠᠨ ︽ᠭᠤᠤᠯ ᠮᠥᠷᠡᠨ ᠤ ᠳᠠᠷᠤᠭ᠎ᠠ ᠶᠢᠨ ᠲᠦᠷᠢᠮ︾ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠰᠤᠮᠤᠨ ᠤ ᠬᠡᠪᠴᠢᠶᠡᠨ ᠳᠠᠬᠢ ᠭᠤᠤᠯ ᠮᠥᠷᠡᠨ ᠤ ᠰᠤᠪᠠᠭ ᠲᠤ ᠪᠣᠳᠠᠲᠠᠶ ᠬᠠᠷᠢᠭᠤᠴᠠᠯᠭᠠᠲᠠᠨ ᠢ ᠪᠦᠬᠦᠨ  ᠨᠠᠶᠢᠲᠠᠪᠤᠷᠢᠵᠢᠭᠤᠯᠤᠨ᠂ ᠰᠤᠮᠤᠨ ᠤ ᠨᠠᠮ ᠤᠨ ᠬᠤᠷᠢᠶ᠎ᠠ ᠶᠢᠨ ᠱᠦᠵᠢ ᠪᠠᠷ ᠶᠡᠷᠦᠩᠬᠡᠶ ᠭᠤᠤᠯ ᠮᠥᠷᠡᠨ ᠤ ᠳᠠᠷᠤᠭ᠎ᠠ ᠪᠣᠯᠭᠠᠵᠤ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠪᠠᠷ ᠳᠡᠳ᠋ ᠭᠤᠤᠯ ᠮᠥᠷᠡᠨ ᠤ ᠳᠠᠷᠤᠭ᠎ᠠ ᠪᠤᠯᠭᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠠᠷ ᠭᠠᠴᠠᠭᠠᠨ ᠤ ᠱᠠᠲᠤᠨ ᠤ ᠭᠤᠤᠯ ᠮᠥᠷᠡᠨ ᠤ ᠳᠠᠷᠤᠭ᠎ᠠ ᠪᠣᠯᠭᠠᠬᠤ ᠶᠢᠨ ᠬᠠᠮᠲᠤ᠂ ᠡᠯ᠎ᠡ ᠭᠠᠴᠠᠭᠠᠨ ᠤ ᠭᠤᠤᠯ ᠮᠥᠷᠡᠨ ᠤ ᠰᠤᠪᠠᠭ ᠤᠨ ᠬᠡᠰᠡᠭ ᠲᠤ ᠭᠠᠴᠠᠭᠠᠨ ᠤ ᠱᠠᠲᠤᠨ ᠤ ᠭᠤᠤᠯ ᠮᠥᠷᠡᠨ ᠤ ᠴᠠᠭᠳᠠᠨ ᠪᠠᠶᠢᠴᠠᠭᠠᠭᠴᠢ ᠲᠣᠬᠢᠷᠠᠭᠤᠯᠵᠤ᠂ ᠪᠠᠯᠭᠠᠰᠤ᠂  ᠭᠠᠴᠠᠭᠠᠨ ᠤ ᠬᠤᠶᠠᠷ ᠱᠠᠲᠤᠨ ᠤ ︽ᠭᠤᠤᠯ ᠮᠥᠷᠡᠨ ᠤ ᠳᠠᠷᠤᠭ᠎ᠠ︾ ᠵᠢᠴᠢ ︽ᠭᠤᠤᠯ ᠮᠥᠷᠡᠨ ᠤ ᠴᠠᠭᠳᠠᠨ ᠪᠠᠶᠢᠴᠠᠭᠠᠭᠴᠢ︾ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠪᠡ᠃      ᠬᠤᠶᠠᠷ ᠲᠤ᠂ ᠲᠦᠷᠢᠮ ᠤᠨ ᠪᠠᠶᠢᠭᠤᠯᠤᠯᠲᠠ ᠶᠢ ᠴᠢᠩᠳᠠᠯᠠᠪᠠ᠃ ᠰᠤᠮᠤ ᠪᠠᠯᠭᠠᠰᠤᠨ ᠤ ᠲᠡᠰ ᠤᠨ ᠭᠤᠣᠯ ᠮᠥᠷᠡᠨ ᠤ ᠳᠠᠷᠤᠭ᠎ᠠ ᠰᠠᠷ᠎ᠠ ᠳᠤ ᠨᠢᠭᠡ ᠤᠳᠠᠭ᠎ᠠ ᠭᠤᠣᠯ ᠮᠥᠷᠡᠨ ᠢ ᠴᠠᠭᠳᠠᠵᠤ᠂  ᠭᠠᠴᠠᠭᠠᠨ ᠤ ᠱᠠᠲᠤᠨ ᠤ ᠭᠤᠣᠯ ᠮᠥᠷᠡᠨ ᠤ ᠳᠠᠷᠤᠭ᠎ᠠ ᠭᠤᠣᠯ ᠮᠥᠷᠡᠨ ᠢ 2 ᠤᠳᠠᠭ᠎ᠠ ᠴᠠᠭᠳᠠᠬᠤ ᠶᠢᠨ ᠬᠠᠮᠲᠤ ᠭᠤᠣᠯ ᠮᠥᠷᠡᠨ ᠢ ᠴᠠᠭᠳᠠᠭᠰᠠᠨ ᠡᠳᠦᠷ ᠤᠨ ᠲᠡᠮᠳᠡᠭᠯᠡᠯ ᠢ ᠨᠠᠷᠢᠨ ᠬᠢᠨᠠᠮᠠᠭᠠᠢ ᠲᠡᠮᠳᠡᠭᠯᠡᠪᠡ᠃ ᠡᠨᠡ ᠵᠢᠯ ᠠᠴᠠ ᠨᠠᠰᠢ ᠶᠡᠷᠦᠩᠬᠡᠶ ᠭᠤᠤᠯ ᠤᠨ ᠳᠠᠷᠤᠭ᠎ᠠ᠂ ᠳᠡᠳ᠋ ᠶᠡᠷᠦᠩᠬᠡᠶ ᠭᠤᠤᠯ ᠤᠨ ᠳᠠᠷᠤᠭ᠎ᠠ ᠨᠡᠶᠢᠲᠡ 13 ᠤᠳᠠᠭ᠎ᠠ ᠴᠠᠭᠳᠠᠵᠤ᠂ ᠭᠠᠴᠠᠭᠠᠨ ᠤ ᠱᠠᠲᠤᠨ ᠤ ᠭᠤᠤᠯ ᠤᠨ ᠳᠠᠷᠤᠭ᠎ᠠ ᠨᠡᠶᠢᠲᠡ 100 ᠭᠠᠷᠤᠶ ᠤᠳᠠᠭ᠎ᠠ ᠴᠠᠭᠳᠠᠵᠤ᠂ ᠭᠤᠤᠯ ᠢ ᠴᠠᠭᠳᠠᠬᠤ ᠠᠵᠢᠯ ᠤᠨ ᠬᠤᠷᠠᠯ ᠢ 2 ᠤᠳᠠᠭ᠎ᠠ ᠬᠤᠷᠠᠯᠳᠤᠭᠤᠯᠪᠠ᠃      ᠭᠤᠷᠪᠠ ᠳᠤ᠂ ᠭᠤᠤᠯ ᠮᠥᠷᠡᠨ ᠢ ᠲᠣᠭᠤᠷᠢᠨ ᠬᠠᠤᠯᠢ ᠬᠡᠷᠡᠭᠵᠢᠭᠦᠯᠬᠦ ᠶᠢ ᠴᠢᠩᠭ᠎ᠠ ᠦᠷᠨᠢᠭᠦᠯᠪᠡ᠃ ᠪᠦᠬᠦ ᠰᠤᠮᠤᠨ ᠳᠤ 14 ᠬᠡᠰᠡᠭ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠵᠠᠷᠯᠠᠯ ᠤᠨ ᠫᠠᠶᠢᠰᠠ ᠭᠠᠷᠭᠠᠵᠤ᠂ ᠭᠤᠣᠯ ᠮᠥᠷᠡᠨ ᠢ ᠴᠡᠪᠡᠷᠰᠢᠭᠦᠯᠬᠦ ᠠᠵᠢᠯᠯᠠᠭ᠎ᠠ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ 2 ᠤᠳᠠᠭ᠎ᠠ ᠥᠷᠨᠢᠭᠦᠯᠵᠦ᠂ ᠭᠤᠣᠯ ᠤᠨ ᠵᠠᠮ ᠤᠨ ︽ᠳᠥᠷᠪᠡᠨ ᠰᠠᠮᠠᠭᠤᠨ︾ ᠢ ᠠᠷᠢᠯᠭᠠᠬᠤ ᠳᠤ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ 1000 ᠲᠡᠭᠰᠢ ᠳᠥᠷᠪᠡᠯᠵᠢᠨ ᠮᠧᠲᠷ ᠨᠤᠷᠠᠭᠠᠪᠠ᠃      ᠲᠠᠷᠠᠭᠠᠴᠢ ᠶᠢᠨ ᠠᠯᠬᠤᠮ ᠳᠤ᠂ ᠠᠷᠪᠠᠰ ᠰᠤᠮᠤ ᠦᠷᠭᠦᠯᠵᠢᠯᠡᠨ ︽ᠬᠠᠷᠢᠶ᠎ᠠ ᠣᠷᠣᠨ ᠬᠠᠮᠢᠶᠠᠷᠬᠤ᠂ ᠬᠡᠰᠡᠭ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠤᠳᠤᠷᠢᠳᠤᠯᠭ᠎ᠠ ᠪᠠᠨ ᠴᠢᠩᠭᠠᠳᠬᠠᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠬᠠᠮᠲᠤᠷᠠᠯ ᠬᠦᠴᠦᠨ ᠢ ᠪᠦᠷᠢᠯᠳᠦᠭᠦᠯᠬᠦ᠂ ᠤᠬᠠᠭᠤᠯᠭ᠎ᠠ ᠬᠢᠬᠦ᠂ ᠪᠥᠬᠦ ᠶᠠᠪᠤᠴᠠ ᠳᠤ ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠠᠮᠠᠭᠤᠨ ᠢ ᠠᠷᠢᠯᠭᠠᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠠᠬᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠭᠤᠤᠯ ᠨᠢ ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ︾ ᠪᠠᠶᠢᠬᠤ ᠶᠡᠷᠦᠩᠬᠡᠶ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
ᠢᠷᠡᠯᠲᠡ᠄ ᠠᠷᠪᠠᠰ ᠰᠤᠮᠤ ᠶᠢᠨ ᠠᠷᠠᠳ ᠤᠨ ᠵᠠᠰᠠᠭ ᠤᠨ ᠤᠷᠳᠤᠨ