ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠲᠦᠷᠦ ᠶᠢᠨ ᠪᠤᠳᠤᠯᠭ᠎ᠠ ᠶᠢᠨ ᠬᠤᠪᠢᠷᠠᠯᠲᠠ
ᠨᠡᠶᠢᠲᠡᠯᠡᠭᠰᠡᠨ ᠴᠠᠭ᠄
2021/8/18
     ᠤᠷᠤᠨ ᠰᠠᠭᠤᠴᠠ ᠬᠤᠳᠠᠯᠳᠤᠨ ᠠᠪᠬᠤ ᠡᠰᠡᠭᠦᠯ᠎ᠡ ᠲᠦᠷᠢᠶᠡᠰᠦᠯᠡᠬᠦ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠨᠢ ᠪᠢᠲᠡᠨ ᠤ ᠠᠮᠢᠳᠤᠷᠠᠯ ᠲᠠᠢ ᠨᠢᠬᠲᠠ ᠬᠠᠷᠢᠴᠠᠭ᠎ᠠ ᠲᠠᠢ ᠪᠠᠶᠢᠲᠠᠭ᠃ ᠤᠶᠢᠢᠷ᠎ᠠ ᠳᠤ ᠤᠷᠤᠨ ᠰᠠᠭᠤᠴᠠ ᠪᠤᠯᠤᠨ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠤᠯᠠᠨ ᠶᠠᠮᠤᠨ ᠬᠠᠮᠳᠤᠷᠠᠨ ᠤᠯᠠᠨ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠨᠡᠶᠢᠲᠡᠯᠡᠵᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠨ ᠬᠠᠲᠠᠭᠠᠯᠠᠬᠤ ᠲᠤᠬᠲᠠᠴᠠ ᠶᠢ ᠰᠠᠶᠢᠵᠢᠷᠠᠭᠤᠯᠵᠦ᠂ ᠲᠤᠬᠲᠠᠭᠠᠯ ᠠᠴᠠ ᠵᠦᠷᠢᠴᠡᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠬᠤ ᠠᠵᠢᠯᠯᠠᠭ᠎ᠠ ᠳᠤ ᠵᠠᠰᠠᠯᠲᠠ ᠬᠢᠵᠦ᠂ ᠡᠯ᠎ᠡ ᠭᠠᠵᠠᠷ ᠤᠨ ᠬᠢᠨ ᠴᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠬᠤ ᠠᠯᠬᠤᠮ ᠲᠠᠷᠠᠭᠠᠯᠠᠯ ᠢ ᠲᠦᠭᠦᠮᠴᠢᠯᠡᠭᠰᠡᠨ ᠪᠠᠶᠢᠨ᠎ᠠ᠃      ᠲᠤᠰᠢᠶᠠᠨ ᠬᠠᠲᠠᠭᠠᠯᠠᠬᠤ ᠲᠤᠬᠲᠠᠴᠠ ᠳᠤ ᠡᠲᠡᠭᠡᠷ ᠰᠢᠨ᠎ᠡ ᠬᠤᠪᠢᠷᠠᠯᠲᠠ ᠲᠠᠢ︕      ● ᠡᠯ᠎ᠡ ᠭᠠᠵᠠᠷ ᠤᠨ ᠬᠢᠨ 2016 ᠤᠨ ᠳᠤ ᠨᠡᠶᠢᠲᠡᠯᠡᠭᠰᠡᠨ ᠠᠵᠦ ᠠᠬᠤᠶᠢᠢᠯᠠᠯ ᠤᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠲᠠᠭᠠᠯᠠᠬᠤ ᠬᠠᠷᠢᠴᠠᠯ ᠢ ᠱᠠᠲᠤᠴᠢ ᠴᠢᠨᠠᠷᠲᠠᠢ ᠪᠠᠷ ᠲᠤᠬᠢᠷᠠᠮᠵᠢᠲᠠᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠬᠤᠭᠤᠴᠠᠭ᠎ᠠ ᠲᠤᠯᠤᠬᠰᠠᠨ ᠤ ᠲᠠᠷᠠᠭ᠎ᠠ᠂ ᠦᠷᠭᠦᠯᠵᠢᠯᠡᠨ 2020 ᠤᠨ ᠤ 4 ᠰᠠᠷ᠎ᠠ ᠶᠢᠨ 30 ᠤ ᠡᠲᠦᠷ ᠪᠤᠯᠲᠠᠯ᠎ᠠ ᠬᠡᠷᠡᠭᠵᠢᠭᠦᠯᠦᠨ᠎ᠡ᠃      ● ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠲᠠᠭᠠᠯᠠᠬᠤ ᠰᠠᠷ᠎ᠠ ᠶᠢᠨ ᠴᠠᠯᠢᠩ ᠤᠨ ᠰᠠᠭᠤᠷᠢ ᠲᠤᠭ᠎ᠠ ᠨᠢ᠂ ᠠᠵᠢᠯᠲᠠᠨ ᠤ ᠠᠵᠢᠯᠯᠠᠵᠦ ᠪᠠᠶᠢᠭ᠎ᠠ ᠭᠠᠵᠠᠷ ᠤᠨ ᠪᠠᠶᠢᠭ᠎ᠠ ᠬᠤᠲᠠ ᠶᠢᠨ ᠪᠦᠷᠢᠳᠬᠡᠯ ᠤᠨ ᠰᠠᠯᠠᠭ᠎ᠠ ᠮᠦᠴᠢᠷ ᠤᠨ ᠨᠡᠶᠢᠲᠡᠯᠡᠭᠰᠡᠨ ᠲᠡᠭᠡᠷ᠎ᠡ ᠨᠢᠭᠡ ᠵᠢᠯ ᠤᠨ ᠠᠵᠢᠯᠲᠠᠨ ᠤ ᠰᠠᠷ᠎ᠠ ᠶᠢᠨ ᠲᠤᠮᠲᠠᠴᠢ ᠴᠠᠯᠢᠩ ᠤᠨ 3 ᠲᠠᠬᠢᠨ ᠠᠴᠠ ᠦᠨᠳᠦᠷ ᠪᠠᠶᠢᠵᠦ ᠪᠤᠯᠬᠤ ᠦᠭᠡᠢ᠃ 3 ᠲᠠᠬᠢᠨ ᠠᠴᠠ ᠲᠠᠪᠠᠭᠤᠯᠤᠬᠰᠠᠨ ᠢ ᠨᠢ ᠪᠦᠷ ᠲᠦᠷᠢᠮ ᠶᠤᠰᠤᠭᠠᠷ ᠲᠤᠬᠢᠷᠠᠭᠤᠯᠤᠯᠲᠠ ᠬᠢᠨ᠎ᠡ᠃      ● ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠲᠠᠭᠠᠯᠠᠬᠤ ᠬᠠᠷᠢᠴᠠᠯ ᠤᠨ ᠲᠤᠤᠷᠠᠲᠦ ᠬᠢᠵᠠᠭᠠᠷ ᠨᠢ 5%᠂ ᠲᠡᠭᠡᠲᠦ ᠬᠢᠵᠠᠭᠠᠷ ᠢ ᠡᠯ᠎ᠡ ᠭᠠᠵᠠᠷ ᠤᠷᠤᠨ ︽ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠷᠢᠮ︾ ᠤᠨ ᠲᠤᠬᠲᠠᠭᠠᠯ ᠤᠨ ᠠᠯᠬᠤᠮ ᠲᠠᠷᠠᠭᠠᠯᠠᠯ ᠢᠶᠠᠷ ᠲᠤᠬᠲᠠᠭᠠᠵᠦ᠂ ᠬᠠᠮᠤᠭ ᠦᠨᠳᠦᠷ ᠲᠡᠭᠡᠨ 12% ᠠᠴᠠ ᠲᠠᠪᠠᠭᠤᠯᠵᠦ ᠪᠤᠯᠬᠤ ᠦᠭᠡᠢ᠃ ᠲᠤᠰᠢᠶᠠᠨ ᠬᠠᠲᠠᠭᠠᠯᠠᠬᠤ ᠨᠢᠭᠡᠴᠡ ᠨᠢ 5% ᠠᠴᠠ ᠲᠤᠬᠠᠢ ᠶᠢᠨ ᠭᠠᠵᠠᠷ ᠤᠨ ᠲᠤᠬᠲᠠᠭᠠᠬᠰᠠᠨ ᠲᠡᠭᠡᠲᠦ ᠬᠢᠵᠠᠭᠠᠷ ᠤᠨ ᠬᠤᠭᠤᠷᠤᠨᠲᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠲᠠᠭᠠᠯᠠᠬᠤ ᠬᠠᠷᠢᠴᠠᠯ ᠢ ᠪᠡᠶ᠎ᠡ ᠪᠠᠨ ᠲᠠᠭᠠᠭᠠᠵᠦ ᠲᠤᠬᠲᠠᠭᠠᠨ᠎ᠠ᠃      ● ᠦᠢᠯᠡᠳᠪᠦᠷᠢᠯᠡᠯ ᠡᠵᠡᠩᠨᠡᠯᠲᠡ ᠨᠢ ᠬᠦᠴᠢᠷᠲᠡᠯᠲᠡᠢ ᠪᠠᠶᠢᠭ᠎ᠠ ᠠᠵᠦ ᠠᠬᠤᠶᠢᠢᠯᠠᠯ ᠨᠢ᠂ ᠠᠵᠢᠯᠲᠠᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠠᠵᠢᠯᠴᠢᠨ ᠤ ᠡᠪᠯᠡᠯ ᠢᠶᠠᠷ ᠲᠠᠮᠵᠢᠨ ᠶᠠᠷᠢᠯᠴᠠᠵᠦ ᠪᠠᠲᠤᠯᠠᠬᠰᠠᠨ ᠤ ᠲᠠᠷᠠᠭ᠎ᠠ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠲᠤᠰᠢᠶᠠᠨ ᠬᠠᠲᠠᠭᠠᠯᠠᠬᠤ ᠬᠠᠷᠢᠴᠠᠯ ᠢ ᠪᠠᠭᠤᠷᠠᠭᠤᠯᠬᠤ ᠪᠤᠶᠤ ᠬᠤᠶᠢᠰᠢᠯᠠᠭᠤᠯᠤᠨ ᠲᠤᠰᠢᠶᠠᠬᠤ ᠪᠠᠷ ᠡᠷᠡᠮᠡᠯᠵᠡᠵᠦ ᠪᠤᠯᠤᠨ᠎ᠠ᠃ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠵᠦᠪᠯᠡᠯ ᠨᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠲᠤ ᠡᠷᠬᠡ ᠤᠯᠭᠤᠨ ᠬᠢᠨᠠᠨ ᠵᠦᠪᠰᠢᠶᠡᠷᠡᠭᠦᠯᠦᠨ᠎ᠡ᠂ ᠬᠢᠨᠠᠨ ᠵᠦᠪᠰᠢᠶᠡᠷᠡᠭᠦᠯᠬᠦ ᠴᠠᠬ ᠤᠨ ᠬᠢᠵᠠᠭᠠᠷ ᠢ 10 ᠠᠵᠢᠯᠯᠠᠬᠤ ᠡᠲᠦᠷ ᠠᠴᠠ ᠬᠡᠲᠦᠷᠡᠭᠦᠯᠵᠦ ᠪᠤᠯᠬᠤ ᠦᠭᠡᠢ᠃ᠡᠲᠡᠭᠡᠷ ᠬᠡᠷᠡᠭᠴᠡᠭᠡ ᠶᠢ ᠲᠡᠮᠵᠢᠨ᠎ᠡ︕      ● ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠴᠤ ᠬᠡᠷ ᠤᠨ ᠲᠦᠷᠢᠶᠡᠰᠦᠨ ᠮᠦᠩᠬᠦ ᠪᠠᠨ ᠲᠤᠰᠢᠶᠠᠬᠤ ᠶᠢ ᠤᠷᠢᠳᠴᠢᠯᠠᠨ ᠲᠡᠮᠵᠢᠵᠦ᠂ ᠭᠠᠷᠭᠠᠨ ᠠᠪᠬᠤ ᠬᠡᠮᠵᠢᠶ᠎ᠡ ᠶᠢ ᠲᠤᠬᠠᠢ ᠶᠢᠨ ᠭᠠᠵᠠᠷ ᠤᠨ ᠲᠦᠷᠢᠶᠡᠰᠦᠨ ᠮᠦᠩᠬᠦ ᠶᠢᠨ ᠲᠦᠪᠰᠢᠨ ᠢ ᠦᠨᠳᠦᠰᠦᠯᠡᠨ ᠵᠤᠬᠢᠰᠲᠠᠢ ᠲᠤᠬᠲᠠᠭᠠᠬᠤ ᠶᠢᠨ ᠬᠠᠮᠲᠦ ᠴᠠᠬ ᠲᠤᠬᠠᠢ ᠳᠤᠨᠢ ᠲᠤᠬᠢᠷᠠᠭᠤᠯᠤᠨ᠎ᠠ᠃      ● ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠴᠤ ᠲᠤᠰᠢᠶᠠᠨ ᠬᠠᠲᠠᠭᠠᠯᠠᠵᠦ ᠪᠠᠶᠢᠭ᠎ᠠ ᠭᠠᠵᠠᠷ ᠪᠤᠶᠤ ᠡᠷᠦᠭᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠲᠤ ᠠᠩᠬᠠᠨ ᠤ ᠡᠩ ᠤᠨ ᠤᠷᠤᠨ ᠰᠠᠭᠤᠴᠠ ᠬᠤᠳᠠᠯᠳᠤᠨ ᠠᠪᠬᠤ ᠪᠤᠯᠤᠨ ᠬᠤᠶᠠᠳᠤᠭᠠᠷ ᠰᠠᠶᠢᠵᠢᠷᠠᠭᠤᠯᠤᠬᠰᠠᠨ ᠮᠠᠶ᠋ᠢᠭ ᠤᠨ ᠤᠷᠤᠨ ᠰᠠᠭᠤᠴᠠ ᠬᠤᠳᠠᠯᠳᠤᠨ ᠠᠪᠬᠤ ᠶᠢ ᠭᠤᠤᠯᠯᠠᠨ ᠲᠡᠮᠵᠢᠵᠦ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠴᠤ ᠤᠷᠤᠨ ᠰᠠᠭᠤᠴᠠ ᠰᠠᠷᠢᠭᠠᠯᠠᠬᠤ ᠳᠤ ᠬᠡᠷᠡᠭᠯᠡᠬᠦ ᠠᠴᠠ ᠰᠡᠷᠬᠡᠶᠢᠯᠡᠨ᠎ᠡ᠃      ᠡᠲᠡᠭᠡᠷ ᠭᠠᠷᠭᠠᠨ ᠠᠪᠤᠬᠰᠠᠨ ᠪᠠᠶᠢᠲᠠᠯ ᠢ ᠴᠢᠩᠭ᠎ᠠ ᠬᠢᠨᠠᠨ ᠰᠢᠯᠭᠠᠨ᠎ᠠ︕      ● ᠠᠳᠠᠯᠢᠬᠠᠨ ᠨᠢᠭᠡ ᠬᠦᠮᠦᠨ ᠤᠯᠠᠨ ᠤᠳᠠᠭ᠎ᠠ ᠤᠷᠤᠭ ᠤᠨ ᠬᠠᠷᠢᠴᠠᠭ᠎ᠠ ᠪᠠᠨ ᠬᠤᠪᠢᠷᠠᠭᠤᠯᠤᠨ ᠤᠷᠤᠨ ᠰᠠᠭᠤᠴᠠ ᠬᠤᠳᠠᠯᠳᠤᠨ ᠠᠪᠬᠤ      ● ᠤᠯᠠᠨ ᠬᠦᠮᠦᠨ ᠲᠠᠬᠢᠨ ᠲᠠᠪᠲᠠᠨ ᠨᠢᠭᠡᠯᠠ ᠤᠷᠤᠨ ᠰᠠᠭᠤᠴᠠ ᠶᠢ ᠬᠤᠳᠠᠯᠳᠤᠬᠤ      ● ᠤᠨᠳᠤᠤ ᠭᠠᠵᠠᠷ ᠤᠷᠤᠨ ᠰᠠᠭᠤᠴᠠ ᠬᠤᠳᠠᠯᠳᠤᠨ ᠠᠪᠬᠤ ᠤᠨᠴᠠᠭᠠᠶᠢᠢᠯᠠᠨ ᠡᠷᠦᠭᠡ ᠠᠮᠠ ᠶᠢᠨ ᠲᠠᠩᠰᠠ ᠶᠢᠨ ᠪᠤᠰᠤ ᠭᠠᠵᠠᠷ ᠲᠤᠰᠢᠶᠠᠨ ᠬᠠᠲᠠᠭᠠᠯᠠᠵᠦ ᠪᠠᠶᠢᠭ᠎ᠠ ᠪᠤᠰᠤ ᠭᠠᠵᠠᠷ ᠲᠤ ᠤᠷᠤᠨ ᠰᠠᠭᠤᠴᠠ ᠬᠤᠳᠠᠯᠳᠤᠨ ᠠᠪᠬᠤ      ● ᠬᠠᠨᠢ ᠨᠦᠬᠦᠷ ᠪᠢᠰᠢ ᠪᠤᠶᠤ ᠰᠢᠭᠤᠳ ᠴᠢᠰᠤᠨ ᠲᠦᠷᠦᠯ ᠤᠨ ᠬᠠᠷᠢᠴᠠᠭ᠎ᠠ ᠦᠭᠡᠢ ᠰᠠᠲᠤᠨ ᠲᠦᠷᠦᠯ ᠬᠠᠮᠳᠤᠪᠡᠷ ᠤᠷᠤᠨ ᠰᠠᠭᠤᠴᠠ ᠬᠤᠳᠠᠯᠳᠤᠨ ᠠᠪᠬᠤ ᠵᠡᠷᠭᠡ ᠰᠢᠯᠲᠠᠭᠠᠨ ᠢᠶᠠᠷ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠬᠤ ᠪᠠᠷ ᠡᠷᠡᠮᠡᠯᠵᠡᠬᠦᠡᠲᠡᠭᠡᠷ ᠢᠲᠡᠭᠡᠮᠵᠢ ᠪᠠᠨ ᠠᠯᠲᠠᠬᠰᠠᠨ ᠦᠢᠯᠡ ᠠᠵᠢᠯᠯᠠᠭ᠎ᠠ ᠶᠢ ᠵᠠᠯᠬᠠᠭᠠᠨ᠎ᠠ︕      ● ᠲᠤᠬᠲᠠᠭᠠᠯ ᠢ ᠵᠦᠷᠢᠴᠡᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠤᠬᠰᠠᠨ ᠲᠤᠰᠢᠶᠠᠨ ᠬᠠᠲᠠᠭᠠᠯᠠᠵᠦ ᠪᠠᠶᠢᠭ᠎ᠠ ᠠᠵᠢᠯᠲᠠᠨ ᠤ ᠢᠲᠡᠭᠡᠮᠵᠢ ᠶᠢᠨ ᠲᠡᠮᠲᠡᠭᠯᠡᠯ ᠢ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠠᠴᠠ ᠲᠡᠮᠲᠡᠭᠯᠡᠬᠦ ᠶᠢᠨ ᠬᠠᠮᠲᠦ ᠬᠤᠪᠢ ᠬᠦᠮᠦᠨ ᠤ ᠲᠠᠩᠰᠠᠨ ᠡᠷᠦᠭᠡ ᠶᠢ ᠨᠢ ᠲᠠᠭᠠᠯᠲᠤᠨ ᠰᠢᠯᠵᠢᠲᠡᠭ︔ ᠨᠢᠭᠡᠨᠲᠡ ᠮᠦᠩᠬᠦ ᠶᠢ ᠭᠠᠷᠭᠠᠨ ᠠᠪᠤᠬᠰᠠᠨ ᠢ ᠨᠢ᠂ ᠬᠤᠭᠤᠴᠠᠭ᠎ᠠ ᠲᠤᠬᠲᠠᠭᠠᠨ ᠪᠦᠬᠦ ᠲᠤᠭ᠎ᠠ ᠪᠠᠷ ᠪᠤᠴᠠᠭᠠᠯᠭᠠᠬᠤ ᠪᠠᠷ ᠵᠠᠷᠯᠢᠬᠲᠠᠵᠦ᠂ ᠵᠤᠬᠢᠬᠤ ᠬᠤᠭᠤᠴᠠᠭᠠᠨ ᠳᠤ ᠲᠡᠭᠦᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠬᠤ ᠪᠠ ᠵᠢᠭᠡᠯᠡᠯᠭᠡ ᠠᠪᠬᠤ ᠶᠢ ᠬᠢᠵᠠᠭᠠᠷᠯᠠᠨ᠎ᠠ᠃      ● ᠬᠤᠭᠤᠴᠠᠭᠠᠨ ᠠᠴᠠ ᠬᠡᠲᠦᠷᠡᠵᠦ ᠮᠦᠨ ᠮᠦᠩᠬᠦ ᠪᠠᠨ ᠪᠤᠴᠠᠭᠠᠬᠤ ᠦᠭᠡᠢ ᠶᠢ ᠨᠢ᠂ ᠬᠦᠨᠲᠦ ᠨᠤᠴᠢᠲᠠᠢ ᠢᠲᠡᠭᠡᠮᠵᠢ ᠠᠯᠲᠠᠬᠰᠠᠨ ᠠᠵᠢᠯᠯᠠᠭ᠎ᠠ ᠳᠤ ᠵᠢᠬᠰᠠᠭᠠᠬᠤ ᠶᠢᠨ ᠬᠠᠮᠲᠦ᠂ ᠬᠠᠤᠯᠢ ᠶᠤᠰᠤᠭᠠᠷ ᠲᠦᠷᠢᠮ ᠶᠤᠰᠤᠭᠠᠷ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠢᠲᠡᠭᠡᠮᠵᠢ ᠶᠢᠨ ᠮᠡᠲᠡᠭᠡ ᠵᠠᠩᠬᠢ ᠶᠢ ᠲᠡᠪᠰᠢᠭᠦᠯᠵᠦ᠂ ᠬᠤᠯᠪᠤᠭᠠᠯᠠᠨ ᠵᠠᠯᠬᠠᠭᠠᠨ᠎ᠠ᠃      ● ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠤᠯᠤᠰ ᠤᠨ ᠦᠮᠴᠢᠯᠡᠯᠲᠦ ᠠᠵᠦ ᠠᠬᠤᠶᠢᠢᠯᠠᠯ ᠤᠨ ᠲᠤᠰᠢᠶᠠᠨ ᠬᠠᠲᠠᠭᠠᠯᠠᠵᠦ ᠪᠠᠶᠢᠭ᠎ᠠ ᠠᠵᠢᠯᠲᠠᠨ ᠲᠤᠬᠲᠠᠭᠠᠯ ᠢ ᠵᠦᠷᠢᠴᠡᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠤᠬᠰᠠᠨ ᠪᠠᠶᠢᠲᠠᠯ ᠬᠦᠨᠲᠦ ᠨᠤᠴᠢᠲᠠᠢ ᠶᠢ ᠨᠢ᠂ ᠲᠡᠭᠦᠨ ᠤ ᠪᠠᠶᠢᠭ᠎ᠠ ᠨᠢᠭᠡᠴᠡ ᠳᠤ ᠵᠠᠷᠯᠠᠨ ᠨᠡᠶᠢᠲᠡᠯᠡᠨ᠎ᠡ᠃ᠨᠢᠭᠤᠷ ᠢᠶᠠᠨ ᠰᠢᠷᠪᠢᠵᠦ ᠭᠠᠷᠭᠠᠨ ᠠᠪᠬᠤ᠂ ᠭᠠᠷ ᠤᠳᠠᠰᠤ ᠪᠠᠷ ᠭᠠᠷᠭᠠᠨ ᠠᠪᠬᠤ ᠁ ᠨᠡᠩ ᠤᠯᠠᠨ ᠠᠷᠠᠳ ᠲᠤ ᠲᠦᠭᠦᠮ ᠭᠠᠷᠭᠠᠨ ᠠᠪᠬᠤ ᠠᠷᠭ᠎ᠠ ᠭᠠᠷᠴᠤ ᠪᠤᠢ      ● ᠪᠡᠭᠡᠵᠢᠩ᠄ ᠵᠢᠯ ᠤᠨ ᠲᠤᠲᠤᠷ᠎ᠠ ᠭᠠᠷ ᠤᠳᠠᠰᠤ ᠪᠠᠷ ᠭᠠᠷᠭᠠᠨ ᠠᠪᠬᠤ ᠶᠢ ᠪᠡᠶᠡᠯᠡᠭᠦᠯᠦᠨ᠎ᠡᠪᠡᠭᠡᠵᠢᠩ ᠬᠤᠲᠠ ᠶᠢᠨ ᠠᠷᠠᠳ ︽ᠪᠡᠭᠡᠵᠢᠩ ᠤᠨ ᠤᠯᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ︾ APP᠂ ᡁᠢ ᠹᠦ᠋ ᠪᠤᠤ ᠠᠮᠢᠳᠤᠷᠠᠯ ᠤᠨ ᠨᠤᠮᠧᠷ ᠢᠶᠠᠷ ᠲᠠᠮᠵᠢᠨ᠂ ᠬᠤᠪᠢ ᠬᠦᠮᠦᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠦᠯᠡᠲᠡᠪᠦᠷᠢ ᠲᠤᠭ᠎ᠠ᠂ ᠵᠢᠭᠡᠯᠡᠯᠭᠡ ᠵᠡᠷᠭᠡ ᠪᠠᠶᠢᠲᠠᠯ ᠢᠶᠠᠨ ᠪᠠᠶᠢᠴᠠᠭᠠᠨ ᠯᠠᠪᠯᠠᠵᠦ ᠪᠤᠯᠤᠨ᠎ᠠ᠃ ᠡᠨᠡ ᠵᠢᠯ ᠤᠨ ᠡᠴᠦᠰ ᠠᠴᠠ ᠡᠮᠦᠨ᠎ᠡ᠂ ᠲᠡᠭᠡᠷᠡᠬᠢ ᠠᠷᠭ᠎ᠠ ᠪᠠᠷ ᠬᠤᠪᠢ ᠬᠦᠮᠦᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠪᠠᠨ ᠭᠠᠷᠭᠠᠨ ᠠᠪᠬᠤ ᠵᠡᠷᠭᠡ ᠴᠢᠲᠠᠪᠬᠢ ᠶᠢ ᠪᠡᠶᠡᠯᠡᠭᠦᠯᠵᠦ ᠴᠢᠲᠠᠵᠦ᠂ ᠪᠠᠶᠢᠭᠤᠯᠤᠯᠭ᠎ᠠ ᠨᠢᠭᠡᠴᠡ ᠶᠢᠨ ᠬᠦᠢᠴᠡᠳᠭᠡᠭᠰᠡᠨ ᠬᠦᠮᠦᠨ ᠢ ᠲᠡᠮᠵᠢᠬᠤ ᠴᠢᠬᠤᠯᠠ ᠦᠭᠡᠢ ᠪᠤᠯᠵᠦ᠂ ᠬᠤᠪᠢ ᠬᠦᠮᠦᠨ ᠲᠠᠷᠤᠢ ᠬᠦᠢᠴᠡᠳᠬᠡᠵᠦ ᠪᠤᠯᠤᠨ᠎ᠠ ᠃ ᠬᠤᠪᠢ ᠬᠦᠮᠦᠨ ᠤ ᠰᠦᠯᠵᠢᠶᠡᠨ ᠲᠡᠭᠡᠷᠡᠬᠢ ᠠᠵᠢᠯ ᠢ ᠨᠡᠪᠲᠡᠷᠡᠭᠦᠯᠦᠭᠰᠡᠨ ᠤ ᠲᠠᠷᠠᠭ᠎ᠠ᠂ ᠪᠡᠭᠡᠵᠢᠩ ᠬᠤᠲᠠ ᠳᠤ ᠬᠤᠲᠠᠯᠲᠤᠨ ᠠᠪᠤᠬᠰᠠᠨ᠂ ᠤᠷᠤᠨ ᠰᠠᠭᠤᠴᠠ ᠪᠤᠯᠤᠨ ᠬᠤᠲᠠ ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ ᠶᠢᠨ ᠬᠡᠷ᠎ᠠ ᠲᠤᠬᠲᠠᠬᠰᠠᠨ ᠰᠢᠰᠲᠧᠮ ᠢᠶᠠᠷ ᠲᠠᠮᠵᠢᠨ ᠠᠷᠠᠯᠵᠢᠶᠠᠯᠠᠬᠰᠠᠨ ᠬᠡᠷ ᠪᠠᠶᠢᠰᠢᠩ ᠲᠠᠢ ᠨᠢ᠂ ᠬᠤᠪᠢ ᠬᠦᠮᠦᠨ ᠤ ᠪᠡᠶ᠎ᠡ ᠶᠢᠨ ᠦᠨᠡᠮᠯᠡᠯ ᠢᠶᠠᠷ ᠢᠶᠠᠨ ᠲᠠᠷᠤᠢ ᠰᠦᠯᠵᠢᠶᠡᠨ ᠲᠡᠭᠡᠷ᠎ᠡ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢ ᠭᠠᠷᠭᠠᠨ ᠠᠪᠬᠤ ᠠᠵᠢᠯ ᠢ ᠬᠦᠢᠴᠡᠳᠬᠡᠵᠦ ᠴᠢᠲᠠᠨ᠎ᠠ᠂ ᠪᠤᠰᠤᠳ ᠬᠡᠷᠡᠴᠢ ᠪᠤᠶᠤ ᠮᠠᠲ᠋ᠧᠷᠢᠶᠠᠯ ᠢ ᠲᠤᠰᠢᠶᠠᠬᠤ ᠴᠢᠬᠤᠯᠠ ᠦᠭᠡᠢ᠃      ● ᠱᠠᠩᠬᠠᠢ᠄ ᠲᠦᠷᠢᠶᠡᠰᠦᠨ ᠬᠡᠷ ᠤᠨ ᠮᠦᠩᠬᠦ ᠪᠠᠨ ᠲᠤᠰᠢᠶᠠᠬᠤ ᠳᠤ ︽ᠰᠦᠯᠵᠢᠶᠡᠨ ᠲᠡᠭᠡᠷ᠎ᠡ︾ ᠭᠠᠷᠭᠠᠨ ᠠᠪᠴᠤ ᠪᠤᠯᠤᠨ᠎ᠠ      2018 ᠤᠨ ᠤ 10 ᠰᠠᠷ᠎ᠠ ᠶᠢᠨ 1 ᠤ ᠡᠲᠦᠷ ︵ᠪᠠᠭᠲᠠᠭᠠᠨ᠎ᠠ︶ ᠠᠴᠠ ᠡᠬᠢᠯᠡᠨ᠂ ᠠᠵᠢᠯᠲᠠᠨ ᠤᠷᠤᠨ ᠰᠠᠭᠤᠴᠠ ᠶᠢᠨ ᠲᠦᠷᠢᠶᠡᠰᠦᠯᠡᠭᠰᠡᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠲᠠᠮᠵᠢᠨ ᠰᠦᠯᠵᠢᠶᠡᠨ ᠳᠤ ᠬᠡᠷ᠎ᠡ ᠲᠤᠬᠲᠠᠵᠦ ᠲᠠᠩᠰᠠᠯᠠᠭᠤᠯᠤᠬᠰᠠᠨ ᠨᠢ᠂ ᠱᠠᠩᠬᠠᠢ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠲᠠ ᠶᠢᠨ ᠲᠦᠪ ᠤᠨ ᠠᠯᠪᠠᠨ ᠲᠠᠪᠴᠠᠩ᠂ ᠲᠦᠷᠢᠶᠡᠰᠦᠯᠡᠭᠦᠯᠬᠦ ᠲᠠᠪᠴᠠᠩ ᠤᠨ ᠰᠦᠯᠵᠢᠶᠡᠨ ᠲᠡᠭᠡᠷ᠎ᠡ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠪᠠᠷ ᠲᠦᠷᠢᠶᠡᠰᠦᠨ ᠬᠡᠷ ᠤᠨ ᠮᠦᠩᠬᠦ ᠪᠠᠨ ᠲᠤᠰᠢᠶᠠᠬᠤ ᠡᠷᠡᠮᠡᠯᠵᠡᠯ ᠤᠨ ᠭᠠᠷ ᠬᠦᠢᠴᠡᠳᠬᠡᠯ ᠢ ᠬᠦᠢᠴᠡᠳᠬᠡᠵᠦ᠂ ᠤᠷᠤᠨ ᠰᠠᠭᠤᠴᠠ ᠶᠢᠨ ᠲᠦᠷᠢᠶᠡᠰᠦᠯᠡᠭᠦᠯᠬᠦ ᠬᠡᠷ᠎ᠡ ᠪᠤᠯᠤᠨ ᠲᠦᠷᠢᠶᠡᠰᠦᠯᠡᠭᠦᠯᠬᠦ ᠲᠠᠩᠰᠠ ᠶᠢᠨ ᠬᠡᠷᠡᠴᠢ ᠶᠢ ᠬᠠᠩᠭᠠᠬᠤ ᠴᠢᠬᠤᠯᠠ ᠦᠭᠡᠢ᠃ ᠰᠡᠷ᠎ᠡ ᠶᠢᠨ ᠭᠠᠷᠭᠠᠨ ᠠᠪᠴᠤ ᠪᠤᠯᠬᠤ ᠲᠡᠭᠡᠲᠦ ᠬᠢᠵᠠᠭᠠᠷ ᠨᠢ 3000 ᠲᠦᠭᠦᠷᠢᠭ᠃      ● ᠵᠧᠵᠢᠶᠡᠩ᠄ ᠨᠢᠭᠤᠷ ᠢᠶᠠᠨ ᠰᠢᠷᠪᠢᠵᠦ ᠭᠠᠷᠭᠠᠨ ᠠᠪᠴᠤ ᠪᠤᠯᠤᠨ᠎ᠠ      ᠵᠧᠵᠢᠶᠠᠩ ᠮᠤᠵᠢ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠨᠢᠭᠡᠴᠡ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠨ ᠬᠠᠲᠠᠭᠠᠯᠠᠵᠦ ᠪᠠᠶᠢᠭ᠎ᠠ ᠠᠵᠢᠯᠲᠠᠨ᠂ ᠮᠤᠵᠢ ᠶᠢᠨ ᠰᠢᠭᠤᠳ ᠬᠠᠷᠢᠶ᠎ᠠ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠲᠦᠪ ᠤᠨ ᠰᠦᠯᠵᠢᠶᠡᠨ ᠲᠡᠭᠡᠷ᠎ᠠ ᠠᠵᠢᠯᠯᠠᠬᠤ ᠶᠡᠭᠡ ᠲᠢᠩᠬᠢᠮ᠂ ︽ᠵᠧᠵᠢᠶᠠᠩ ᠤᠨ ᠵᠠᠰᠠᠭ ᠤᠨ ᠶᠠᠪᠤᠲᠠᠯ ᠤᠨ ᠦᠢᠯᠡᠴᠢᠯᠡᠭᠡ︾ APP ᠵᠡᠷᠭᠡ ᠪᠠᠷ ᠲᠠᠮᠵᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠭᠠᠷ ᠬᠦᠢᠴᠡᠳᠬᠡᠯ ᠢ ᠡᠷᠡᠮᠡᠯᠵᠡᠨ ᠬᠦᠢᠴᠡᠳᠬᠡᠵᠦ ᠪᠤᠯᠤᠨ᠎ᠠ᠃ ᠬᠤᠪᠢ ᠬᠦᠮᠦᠨ ᠤᠷᠤᠨ ᠰᠠᠭᠤᠴᠠ ᠦᠭᠡᠢ ᠪᠠᠷ ᠭᠠᠷᠭᠠᠨ ᠠᠪᠬᠤ᠂ ᠠᠵᠢᠯ ᠠᠴᠠ ᠪᠠᠨ ᠲᠠᠷᠬᠠᠯᠠᠬᠲᠠᠵᠦ ᠠᠵᠢᠯ ᠠᠴᠠ ᠪᠠᠨ ᠠᠮᠠᠷᠠᠵᠦ ᠭᠠᠷᠭᠠᠨ ᠠᠪᠬᠤ᠂ ᠲᠤᠰ ᠬᠤᠲᠠ ᠶᠢᠨ ᠲᠤᠰ ᠬᠦᠮᠦᠨ ᠤᠷᠤᠨ ᠰᠠᠭᠤᠴᠠ ᠬᠤᠳᠠᠯᠳᠤᠨ ᠠᠪᠬᠤ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠪᠠᠨ ᠭᠠᠷᠭᠠᠨ ᠠᠪᠬᠤ ᠵᠡᠷᠭᠡ ᠳᠤ ︽ᠨᠢᠭᠤᠷ ᠢᠶᠠᠨ ᠰᠢᠷᠪᠢᠪᠡᠯ︾ ᠲᠠᠷᠤᠢ ᡁᠢ ᠹᠦ᠋ ᠪᠤᠤ ᠲᠡᠭᠡᠷ᠎ᠡ ᠬᠦᠢᠴᠡᠳᠬᠡᠵᠦ ᠴᠢᠲᠠᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ