ᠤᠲᠤᠭ ᠬᠤᠰᠢᠭᠤᠨ ᠤ ᠮᠧᠩ ᠰᠢ ᠪᠠᠯᠭᠠᠰᠤ ︽ᠰᠢᠯᠢᠳᠡᠭ᠂ ᠴᠢᠩᠭ᠎ᠠ᠂ ᠪᠣᠳᠠᠲᠠᠶ︾ ᠭᠤᠷᠪᠠᠨ ᠠᠷᠭ᠎ᠠ ᠪᠠᠷ ᠲᠣᠰᠬᠤᠨ ᠤ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/8/2
     ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠲᠣᠰᠬᠤᠨ ᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠬᠤᠷᠢᠭᠯᠠᠵᠤ᠂ ᠬᠥᠳᠡᠭᠡ ᠲᠣᠰᠬᠤᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠤᠨ ᠂ ᠲᠣᠰᠬᠤᠨ ᠤ ᠱᠠᠲᠤᠨ ᠤ ᠠᠷᠠᠳᠴᠢᠯᠠᠭᠰᠠᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠶᠢᠨ ᠲᠥᠯᠥᠭᠡ᠂ ᠤᠳᠤᠭ ᠬᠤᠰᠢᠭᠤᠨ ᠤ ᠮᠧᠩ ᠰᠢ ᠪᠠᠯᠭᠠᠰᠤ ︽ᠰᠢᠯᠢᠳᠡᠭ᠂ ᠴᠢᠩᠭ᠎ᠠ᠂ ᠪᠣᠳᠠᠲᠠᠢ︾ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ︽ᠭᠤᠷᠪᠠᠨ ᠠᠷᠭ᠎ᠠ︾ ᠶᠢ ᠰᠠᠶᠢᠲᠤᠷ ᠠᠰᠢᠭᠯᠠᠨ᠂ ᠲᠣᠰᠬᠤᠨ ᠤ ᠱᠠᠲᠤᠨ ᠤ ᠬᠡᠷᠡᠭ ᠶᠠᠪᠤᠳᠠᠯ ᠢ ᠢᠯᠡ ᠪᠠᠷ ᠬᠡᠷᠡᠭᠵᠢᠭᠦᠯᠬᠦ ᠪᠣᠯᠭᠠᠪᠠ᠃      ︽ᠵᠢᠱᠢᠭᠳᠡᠭᠴᠢ ᠶᠢᠨ ᠪᠣᠭᠤᠮᠲᠠ︾ ᠶᠢ ᠰᠠᠶᠢᠲᠤᠷ ᠡᠵᠡᠮᠳᠡᠵᠦ᠂ ︽ᠰᠢᠯᠢᠳᠡᠭ︾ ᠪᠠᠶᠢᠬᠤ ᠶᠢ ᠳᠣᠪᠤᠶᠢᠯᠭᠠᠨ᠎ᠠ ᠂ ᠪᠠᠯᠭᠠᠰᠤᠨ ᠤ ᠤᠳᠤᠷᠢᠳᠬᠤ ᠺᠠᠳ᠋ᠷ ᠲᠦᠷᠦᠭᠦᠯᠡᠨ ᠲᠣᠰᠬᠤᠨ ᠢ ᠳᠠᠭᠠᠭᠠᠴᠢᠯᠠᠵᠤ᠂ ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ ᠤᠨ ᠮᠡᠳᠡᠯᠭᠡ ᠶᠢ ᠮᠡᠳᠡᠬᠦ ᠠᠵᠢᠯ ᠠᠴᠠ ᠪᠠᠨ ᠳᠠᠷᠬᠠᠯᠠᠭᠳᠠᠭᠰᠠᠨ ᠪᠤᠶᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠨᠤᠲᠤᠭ ᠤᠨ ᠴᠢᠳᠠᠪᠤᠷᠢᠲᠠᠨ ᠵᠡᠷᠭᠡ ᠴᠢᠳᠠᠪᠤᠷᠢ ᠲᠠᠢ ᠬᠦᠮᠦᠰ ᠢ ᠳᠠᠶᠢᠴᠢᠯᠠᠵᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠳᠤ ᠢᠳᠡᠪᠬᠢᠲᠡᠶ ᠤᠷᠤᠯᠴᠠᠭᠤᠯᠤᠨ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠷᠢᠯᠳᠦᠬᠦᠨ ᠤ ᠬᠢᠨᠠᠯᠲᠠ ᠲᠠᠯᠪᠢᠬᠤ ᠠᠵᠢᠯ ᠥᠷᠨᠢᠭᠦᠯᠬᠦ ᠶᠠᠪᠤᠴᠠ ᠳᠤ ᠬᠢᠨᠠᠯᠲᠠ ᠲᠠᠯᠪᠢᠬᠤ ᠳᠤᠷ᠎ᠠ ᠥᠬᠡᠶ᠂ ᠬᠢᠨᠠᠯᠲᠠ ᠲᠠᠯᠪᠢᠬᠤ ᠵᠣᠷᠢᠭ ᠥᠬᠡᠶ᠂ ᠬᠢᠨᠠᠯᠲᠠ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠣᠳᠣᠬᠠᠨ ᠳᠤ᠂ ᠪᠥᠬᠦ ᠪᠠᠯᠭᠠᠰᠤᠨ ᠤ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ 30 ᠪᠦᠷᠢᠯᠳᠦᠬᠦᠨ ᠤ ᠳᠣᠲᠣᠷ᠎ᠠ᠂ ᠠᠵᠢᠯ ᠠᠴᠠ ᠪᠠᠨ ᠳᠠᠷᠬᠠᠯᠠᠭᠳᠠᠭᠰᠠᠨ ᠪᠤᠶᠤ ᠠᠵᠢᠯ ᠠᠴᠠ ᠪᠠᠨ ᠠᠮᠠᠷᠠᠭᠰᠠᠨ ᠺᠠᠳ᠋ᠷ ᠪᠠ ᠨᠤᠲᠤᠭ ᠤᠨ ᠴᠢᠳᠠᠪᠤᠷᠢᠲᠠᠨ ᠨᠡᠶᠢᠲᠡ 17 ᠬᠥᠮᠦᠨ ᠪᠣᠶ᠃      ︽ᠠᠯᠬᠤᠮ ᠳᠠᠷᠠᠭᠠᠯᠠᠯ ᠤᠨ ᠪᠣᠭᠤᠮᠲᠠ︾ ᠶᠢ ᠪᠠᠲᠤ ᠴᠣᠭᠴᠠᠯᠠᠵᠤ᠂ ︽ᠴᠢᠩᠭ᠎ᠠ︾ ᠪᠠᠶᠢᠬᠤ ᠶᠢ ᠳᠣᠪᠤᠶᠢᠯᠭᠠᠨ᠂ ᠪᠣᠳᠠᠲᠤ ᠪᠠᠶᠢᠳᠠᠯ ᠳᠤ ᠰᠠᠭᠤᠷᠢᠯᠠᠵᠤ᠂ ︽ᠮᠧᠩ ᠰᠢ ᠪᠠᠯᠭᠠᠰᠤᠨ ᠤ ᠲᠣᠰᠬᠤᠨ ᠤ ᠠᠷᠠᠳ ᠤᠨ ᠬᠢᠨᠠᠯᠲᠠ ᠲᠠᠯᠪᠢᠬᠤ ᠵᠥᠪᠯᠡᠯ ᠤᠨ ᠠᠵᠢᠯ ᠤᠨ ᠬᠡᠷᠡᠭᠵᠢᠭᠦᠯᠬᠦ ᠠᠷᠭ᠎ᠠ︾ ᠶᠢ ᠳᠤᠭᠲᠠᠭᠠᠨ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠤᠲᠤᠷᠬᠠᠶᠢᠯᠠᠵᠤ᠂ ᠠᠷᠠᠳ ᠤᠨ ᠰᠠᠨᠠᠭ᠎ᠠ ᠶᠢ ᠴᠤᠭᠯᠠᠭᠤᠯᠬᠤ᠂ ᠠᠷᠭᠠᠴᠠᠬᠤ ᠪᠣᠳᠣᠯᠭ᠎ᠠ ᠶᠢ ᠰᠤᠳᠤᠯᠬᠤ᠂ ᠬᠢᠨᠠᠯᠲᠠ ᠳᠡᠯᠪᠢᠨ ᠨᠠᠶᠢᠳᠠᠪᠤᠷᠢᠵᠢᠭᠤᠯᠬᠤ᠂ ᠵᠠᠷᠯᠠᠨ ᠮᠡᠳᠡᠭᠳᠡᠵᠦ ᠬᠠᠷᠢᠭᠤ ᠲᠤᠰᠬᠠᠬᠤ ᠵᠡᠷᠭᠡ ᠳᠥᠷᠪᠡᠨ ᠠᠯᠬᠤᠮ ᠳᠠᠷᠠᠭ᠎ᠠ ᠪᠠᠷ ᠠᠵᠢᠯ ᠢᠶᠠᠨ ᠥᠷᠨᠢᠭᠦᠯᠬᠦ ᠶᠢᠨ ᠬᠠᠮᠲᠤ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠬᠢᠨᠠᠯᠲᠠ ᠲᠠᠯᠪᠢᠭᠰᠠᠨ ᠲᠡᠮᠳᠡᠭᠯᠡᠯ ᠤᠨ ᠳᠡᠪᠲᠡᠷ ᠲᠤ ᠲᠡᠮᠳᠡᠭᠯᠡᠵᠦ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠶᠢ ᠴᠢᠩᠳᠠᠯᠠᠨ ᠪᠣᠳᠠᠲᠠᠶᠢᠵᠢᠭᠤᠯᠬᠤ ᠬᠡᠷᠡᠭᠲᠡᠶ᠃ ᠵᠢᠱᠢᠶᠡᠯᠡᠪᠡᠯ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠠᠴᠠ ᠲᠣᠰᠬᠤᠨ ᠤ ᠬᠤᠶᠠᠷ ᠵᠥᠪᠯᠡᠯ ᠤᠨ ᠣᠷᠴᠢᠨ ᠲᠤᠭᠤᠷᠢᠨ ᠢ ᠴᠡᠭᠴᠡᠯᠡᠨ ᠵᠠᠰᠠᠭᠰᠠᠨ ᠢᠶᠠᠷ ᠬᠦᠷᠦᠯᠴᠡᠬᠦ ᠦᠭᠡᠢ ᠪᠠᠶᠢᠬᠤ 13 ᠠᠰᠠᠭᠤᠳᠠᠯ ᠢ ᠬᠠᠷᠢᠭᠤ ᠲᠤᠰᠬᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠢ ᠠᠬᠢᠭᠤᠯᠪᠠ︔ ᠲᠠᠷᠢᠶᠠᠯᠠᠩ ᠢ ᠳᠡᠮᠵᠢᠵᠦ ᠬᠠᠮᠠᠭᠠᠯᠠᠬᠤ ᠨᠥᠬᠦᠪᠥᠷᠢ ᠶᠢ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠠᠴᠠ ᠵᠠᠷᠢᠮ ᠲᠣᠰᠬᠤᠨ ᠤ ᠠᠷᠠᠳ ᠤᠨ ᠨᠥᠬᠦᠪᠥᠷᠢ ᠶᠢᠨ ᠪᠠᠶᠢᠳᠠᠯ ᠨᠢ ᠪᠣᠳᠠᠲᠠᠶ ᠵᠥᠷᠢᠶ᠎ᠡ ᠲᠠᠢ᠂ ᠬᠠᠷᠢᠭᠤ ᠲᠤᠰᠬᠠᠭᠰᠠᠨ ᠭᠤᠷᠪᠠᠨ ᠶᠠᠪᠤᠳᠠᠯ ᠢ ᠢᠯᠡ ᠪᠣᠯᠭᠠᠭᠰᠠᠨ ᠨᠢ ᠪᠣᠳᠠᠲᠠᠶ ᠪᠢᠰᠢ 6 ᠤᠳᠠᠭ᠎ᠠ ᠪᠣᠶ᠃      ︽ᠦᠷ᠎ᠡ ᠪᠦᠲᠦᠮᠵᠢ ᠶᠢᠨ ᠪᠣᠭᠤᠮᠲᠠ︾ ᠶᠢ ᠴᠢᠩᠭᠠᠳᠬᠠᠨ᠂ ︽ᠪᠣᠳᠠᠲᠠᠢ︾ ᠶᠢ ᠳᠤᠪᠤᠶᠢᠢᠯᠭᠠᠵᠤ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠡᠭᠦᠷᠭᠡ ᠴᠢᠳᠠᠪᠬᠢ ᠪᠣᠯᠤᠨ ᠠᠵᠢᠯ ᠤᠨ ᠠᠷᠭ᠎ᠠ ᠬᠡᠯᠪᠡᠷᠢ ᠶᠢ ᠰᠢᠨᠡᠴᠢᠯᠡᠨ᠂ ᠲᠣᠰᠬᠤᠨ ᠤ ᠠᠷᠠᠳ ᠪᠣᠯᠤᠨ ᠲᠣᠰᠬᠤᠨ ᠤ ᠺᠠᠳ᠋ᠷ ᠤᠨ ᠲᠣᠰᠬᠤᠨ ᠤ ᠶᠠᠪᠤᠳᠠᠯ ᠤᠨ ᠠᠵᠢᠯᠯᠠᠭ᠎ᠠ ᠳᠠᠬᠢ ᠤᠯᠤᠯᠴᠠᠭ᠎ᠠ ᠪᠣᠯᠤᠨ ᠢᠲᠡᠭᠡᠯ ᠢ ᠠᠬᠢᠭᠤᠯᠵᠤ᠂ ᠲᠣᠰᠬᠤᠨ ᠤ ᠠᠷᠠᠳ ᠤᠨ ᠠᠰᠠᠭᠤᠳᠠᠯ ᠢ ᠲᠤᠰᠬᠠᠬᠤ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠨ᠂ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠬᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠬᠡᠢ᠂ ᠵᠥᠷᠢᠴᠡᠯ ᠢ ᠳᠡᠭᠡᠳᠦ ᠱᠠᠲᠤᠨ ᠳᠤ ᠲᠤᠰᠢᠶᠠᠬᠤ ᠦᠬᠡᠢ︾ ᠪᠠᠶᠢᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠲᠣᠰᠬᠤᠨ ᠤ ᠠᠷᠠᠳ ᠪᠣᠯᠤᠨ ᠲᠣᠰᠬᠤᠨ ᠤ ᠬᠤᠶᠠᠷ ᠵᠥᠪᠯᠡᠯ ᠤᠨ 89 ᠵᠢᠭᠤᠷᠠᠯᠳᠤᠭᠠᠨ ᠢ ᠠᠮᠵᠢᠯᠲᠠ ᠲᠠᠢ ᠰᠢᠶᠳᠪᠦᠷᠢᠯᠡᠵᠦ᠂ 16 ᠠᠰᠠᠭᠤᠳᠠᠯ ᠢ ᠬᠠᠷᠢᠭᠤ ᠲᠤᠰᠬᠠᠪᠠ᠃
ᠢᠷᠡᠯᠲᠡ᠄ ᠤᠲᠤᠭ ᠬᠤᠰᠢᠭᠤᠨ ᠤ ᠮᠧᠩ ᠰᠢ ᠪᠠᠯᠭᠠᠰᠤ