ᠠᠶᠤᠯᠭᠦᠶ ᠦᠶᠯᠡᠳᠪᠦᠷᠢᠯᠡᠯ ᠲᠠᠶᠢᠱᠠᠨ ᠠᠭᠤᠯᠠᠨ ᠠᠴᠠ ᠬᠦᠨᠳᠦ ᠭᠡᠳᠡᠭ ᠢᠶᠠᠷ᠂ ᠣᠲᠤᠭ ᠬᠤᠰᠢᠭᠤᠨ ᠤ ᠮᠧᠩ | ᠰᠢ ᠪᠠᠯᠭᠠᠰᠤ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ | ᠪᠠᠷᠢᠮᠲᠠᠯᠠᠵᠤ᠂ ︽ᠴᠢᠩᠭ᠎ᠠ᠂ ᠪᠣᠯᠭᠤᠮᠵᠢᠲᠠᠶ᠂ ᠨᠠᠷᠢᠯᠢᠭ᠂ ᠪᠣᠳᠠᠲᠠᠶ︾ ᠠᠵᠢᠯ ᠤᠨ ᠰᠤᠷᠲᠠᠯ ᠢᠶᠠᠷ ︽ | ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠦᠷᠢᠮ ᠢ ᠬᠡᠷᠡᠭᠵᠢᠭᠦᠯᠬᠦ︾ | ᠭᠤᠷᠪᠠᠨ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠯᠢᠭ ᠠᠳᠬᠤᠵᠤ᠂ ᠠᠶᠤᠯᠭᠦᠶ ᠦᠶᠯᠡᠳᠪᠦᠷᠢᠯᠡᠯ ᠤᠨ | ᠡᠯ᠎ᠡ ᠵᠦᠶᠯ ᠤᠨ ᠠᠵᠢᠯ ᠢ ᠦᠨᠡᠨ ᠬᠦ ᠰᠠᠶᠢᠲᠤᠷ ᠦᠷᠨᠢᠭᠦᠯᠦᠨ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ | ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠪᠠ᠃ | ᠰᠠᠯᠬᠢᠨ ᠤ ᠡᠵᠮᠡᠳᠡᠯ ᠪᠣᠯ ᠠᠮᠤᠷ ᠲᠦᠪᠰᠢᠨ ᠤ ᠰᠠᠭᠤᠷᠢ᠃ ᠮᠧᠩ ᠰᠢ ᠪᠠᠯᠭᠠᠰᠤ ᠠᠶᠤᠯᠭᠦᠶ | ᠦᠶᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠵᠠᠰᠠᠭ ᠤᠨ ᠤᠳᠤᠷᠢᠳᠬᠤ ᠪᠠᠭ | ᠠᠶᠤᠯᠭᠦᠶ ᠦᠶᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠲᠤᠰᠬᠠᠶ ᠰᠡᠳᠦᠪᠲᠦ ᠬᠤᠷᠠᠯ ᠢ ᠣᠯᠠᠨ ᠤᠳᠠᠭ᠎ᠠ | ᠬᠤᠷᠠᠯᠳᠤᠭᠤᠯᠵᠤ᠂ ᠠᠶᠤᠯᠭᠦᠶ ᠦᠶᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠨ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠶᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ ᠦᠢᠯᠡᠳᠪᠦᠷᠢᠯᠡᠯ ᠡᠵᠡᠩᠨᠡᠯᠲᠡ ᠶᠢᠨ ᠪᠦᠬᠦ | ᠶᠠᠪᠤᠴᠠ ᠶᠢ ᠬᠠᠮᠤᠷᠤᠭᠰᠠᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ | ᠪᠠ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠰᠢᠰᠲ᠋ᠧᠮ ᠢ ᠢᠳᠡᠪᠬᠢᠲᠡᠢ ᠪᠠᠶᠢᠭᠤᠯᠪᠠ᠃ | ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠡᠯ᠎ᠡ ᠠᠵᠤ ᠠᠬᠤᠶᠢᠯᠠᠯ ᠳᠤ ᠭᠦᠨᠵᠡᠭᠡᠶᠢᠷᠡᠨ | ᠠᠶᠤᠯ ᠥᠬᠡᠶ ᠦᠶᠯᠡᠳᠪᠦᠷᠢᠯᠡᠯ ᠤᠨ ᠪᠠᠶᠢᠴᠠᠭᠠᠯᠲᠠ ᠵᠢᠯᠣᠭᠤᠳᠣᠯᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠶᠤᠯ | ᠥᠬᠡᠶ ᠦᠶᠯᠡᠳᠪᠦᠷᠢᠯᠡᠯ ᠤᠨ ᠲᠦᠭᠰᠢᠭᠦᠷᠢ ᠶᠢ ᠬᠥᠳᠡᠯᠦᠩᠭᠦᠶ ᠪᠠᠷ ᠰᠤᠳᠤᠯᠤᠨ ᠮᠠᠭᠠᠳᠯᠠᠬᠤ ᠪᠠ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ | ᠠᠰᠠᠭᠤᠳᠠᠯ ᠢ ᠤᠶᠢᠯᠠᠭᠠᠨ ᠵᠢᠭᠰᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠢ | ᠬᠠᠪᠰᠤᠷᠤᠨ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠠᠶᠤᠯ ᠥᠬᠡᠶ | ᠦᠶᠯᠡᠳᠪᠦᠷᠢᠯᠡᠯ ᠤᠨ ᠬᠠᠮᠢᠶᠠᠷᠤᠨ ᠡᠵᠡᠮᠳᠡᠬᠦ ᠶᠢᠨ ᠤᠷᠢᠳᠴᠢᠯᠠᠨ ᠮᠡᠳᠡᠬᠦ ᠴᠢᠨᠠᠷ ᠪᠠ ᠨᠡᠪᠲᠡᠯᠬᠦ ᠬᠦᠴᠦᠨ ᠢ | ᠦᠷᠭᠦᠯᠵᠢᠯᠡᠨ ᠨᠡᠮᠡᠭᠳᠡᠭᠦᠯᠪᠡ᠃ | ᠬᠠᠷᠢᠭᠤᠴᠠᠯᠭᠠᠲᠤ ᠰᠡᠳᠬᠢᠯᠭᠡ ᠪᠣᠯ ᠠᠮᠤᠷ ᠲᠦᠪᠰᠢᠨ ᠤ ᠰᠦᠭ ᠰᠦᠨᠡᠰᠦ ᠪᠤᠯᠤᠨ᠎ᠠ᠃ ︽ᠨᠠᠮ ᠵᠠᠰᠠᠭ | ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ | ᠵᠠᠷᠴᠢᠮ ᠶᠣᠰᠣᠭᠠᠷ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢ | ᠪᠥᠬᠦ ᠠᠵᠢᠯᠲᠠᠨ᠂ ᠪᠥᠬᠦ ᠵᠣᠬᠢᠶᠠᠨ ᠪᠠᠶᠢᠭᠤᠯᠤᠯᠲᠠ᠂ ᠪᠥᠬᠦ ᠶᠠᠪᠤᠴᠠ ᠳᠤ ᠪᠤᠳᠠᠲᠠᠶᠢᠵᠢᠭᠤᠯᠤᠨ᠂ ᠪᠥᠬᠦ ᠣᠷᠣᠨ | ᠪᠦᠰᠡ ᠶᠢ ᠬᠠᠮᠤᠷᠤᠭᠰᠠᠨ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠪᠡ᠃ | ᠡᠭᠦᠨ ᠤ ᠬᠠᠮᠲᠤ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ᠂ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠭᠤᠷᠪᠠᠨ ᠠᠵᠢᠯᠯᠠᠬᠤ ᠳᠤᠭᠤᠶᠢᠯᠠᠩ ᠬᠤᠪᠢᠶᠠᠵᠤ᠂ ᠪᠥᠬᠦ ᠪᠠᠯᠭᠠᠰᠤᠨ ᠤ ᠬᠤᠳᠠᠯᠳᠤᠭᠠᠨ ᠤ ᠲᠠᠯᠠᠪᠤᠷ᠂ | ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ ᠲᠣᠰᠣ ᠨᠡᠮᠡᠬᠦ ᠬᠡᠶ ᠨᠡᠮᠡᠬᠦ ᠥᠷᠲᠡᠭᠡ᠂ ᠨᠡᠭᠦᠷᠡᠰᠦᠨ ᠠᠭᠤᠷᠬᠠᠶ᠂ | ᠨᠡᠭᠦᠷᠡᠰᠦᠨ ᠤ ᠪᠤᠰᠤ ᠠᠭᠤᠷᠬᠠᠶ ᠵᠡᠷᠭᠡ ᠲᠠᠯᠠᠪᠤᠷ ᠲᠤ ᠲᠤᠤᠷᠵᠢᠭᠤᠯᠤᠭᠰᠠᠨ ᠬᠡᠯᠪᠡᠷᠢ ᠶᠢᠨ ᠬᠠᠮᠢᠶᠠᠷᠤᠯᠲᠠ ᠶᠢᠨ | ᠪᠠᠶᠢᠳᠠᠯ ᠢ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠠᠵᠢᠯᠯᠠᠭ᠎ᠠ ᠦᠷᠨᠢᠭᠦᠯᠪᠡ᠃ ᠬᠠᠮᠤᠭ ᠤᠨ ᠡᠷᠡᠰ | ᠰᠢᠭᠤᠷᠬᠠᠶ ᠣᠪᠣᠷ ᠢᠶᠠᠷ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯ ᠦᠭᠡᠶ | ᠦᠢᠯᠡᠳᠪᠦᠷᠢᠯᠡᠯ ᠢ ᠦᠨᠡᠨᠬᠦ ᠬᠠᠯᠳᠠᠵᠤ ᠪᠤᠯᠤᠰᠢ ᠦᠭᠡᠶ ︽ᠥᠨᠳᠥᠷ ᠳᠠᠷᠤᠯᠲᠠᠲᠤ ᠱᠤᠭᠤᠮ︾ ᠪᠤᠯᠭᠠᠪᠠ᠃ | ᠳᠦᠷᠢᠮ ᠪᠣᠯ ᠠᠮᠤᠷ ᠲᠦᠪᠰᠢᠨ ᠤ ᠦᠨᠳᠦᠰᠦ ᠮᠥᠨ᠃ ᠮᠧᠩ ᠰᠢ ᠪᠠᠯᠭᠠᠰᠤᠨ ᠤ ᠬᠠᠷᠢᠶ᠎ᠠ ᠲᠣᠭᠤᠷᠢᠭ ᠤᠨ | ᠠᠵᠤ ᠠᠬᠤᠶᠢᠯᠠᠯ 36 ᠪᠠᠶᠢᠵᠤ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠬᠡᠷ ᠵᠡᠷᠭᠡ ᠬᠤᠪᠢ ᠶᠢᠨ | ᠦᠶᠯᠡᠳᠪᠦᠷᠢ ᠬᠤᠳᠠᠯᠳᠤᠭᠠᠨ ᠤ ᠡᠷᠦᠬᠡ 143 ᠪᠤᠢ᠃ ᠣᠳᠣᠬᠠᠨ ᠪᠣᠯᠲᠠᠯ᠎ᠠ᠂ 900 ᠬᠥᠮᠦᠨ ᠤᠳᠠᠭ᠎ᠠ | ᠪᠠᠶᠢᠴᠠᠭᠠᠯᠲᠠ ᠬᠢᠵᠦ᠂ 24 ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠪᠠᠶᠢᠴᠠᠭᠠᠨ᠂ 238 ᠵᠦᠶᠯ ᠤᠨ | ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠢᠯᠡᠷᠡᠭᠦᠯᠵᠦ᠂ 2 ᠵᠦᠶᠯ ᠢ | ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠪᠠ︔ 236 ᠵᠦᠢᠯ ᠢ ᠨᠢ ᠬᠤᠭᠤᠴᠠᠭ᠎ᠠ ᠲᠣᠭᠲᠠᠭᠠᠨ | ᠴᠡᠭᠴᠡᠯᠡᠨ ᠰᠠᠶᠢᠵᠢᠷᠠᠭᠤᠯᠪᠠ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠶᠤᠯ ᠥᠬᠡᠶ ᠦᠶᠯᠡᠳᠪᠦᠷᠢᠯᠡᠯ ᠢ ᠠᠵᠤ ᠠᠬᠤᠶᠢᠯᠠᠯ ᠤᠨ ᠦᠶᠯᠡᠳᠪᠦᠷᠢᠯᠡᠯ | ᠡᠵᠡᠩᠨᠡᠯᠲᠡ ᠶᠢᠨ ᠡᠯ᠎ᠡ ᠭᠤᠭᠴᠤᠭ᠎ᠠ ᠳᠤ ᠠᠭᠤᠰᠬᠠᠨ᠂ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ | ᠲᠣᠬᠢᠷᠠᠭᠤᠯᠤᠯᠲᠠ ᠵᠢᠴᠢ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠪᠡ᠃ |